ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ  ᠤᠷᠠᠳ ᠤᠨ ᠬᠤᠶᠢᠲᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/7/7
     7 ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ  ᠤᠷᠠᠳ ᠤᠨ ᠬᠤᠶᠢᠲᠤ ᠬᠤᠰᠢᠭᠤᠨ ᠳᠤ ᠬᠦᠷᠴᠦ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠪᠠᠶᠢᠴᠠᠭᠠᠨ ᠰᠤᠳᠤᠯᠪᠠ᠃      ᠯᠢ ᠪᠢᠩ ᠷᠦᠩ ᠤᠷᠢᠳ ᠬᠤᠵᠢᠳ ᠬᠢᠯᠢ ᠶᠢᠨ ᠬᠠᠮᠠᠭᠠᠯᠠᠯᠳᠠ ᠶᠢᠨ ᠠᠷᠪᠠᠳᠤᠭᠠᠷ ᠴᠡᠷᠢᠭ ᠠᠩᠬᠢ ᠵᠢᠨ‌ᠨᠤᠳᠤᠭ ᠪᠡᠯᠴᠢᠬᠡᠷ ᠤᠨ ᠠᠮᠢ ᠠᠬᠤᠢ ᠶᠢᠨ ᠬᠦᠷᠢᠶᠡᠯᠡᠩ ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠠᠳ ᠤᠨ ᠴᠦᠯᠡᠷᠬᠡᠭ ᠨᠤᠳᠤᠭ ᠪᠡᠯᠴᠢᠬᠡᠷ ᠤᠨ ᠰᠤᠳᠤᠯᠭᠠᠨ ᠤ ᠦᠷᠳᠡᠭᠡ ᠪᠤᠯᠤᠨ ᠪᠠᠶᠠᠠᠴᠢᠨᠳᠠᠮᠤᠨᠢ ᠰᠤᠮᠤᠨ ᠤ ᠤᠯᠤᠰ ᠤᠨ ᠮᠠᠭᠤᠵᠢᠷᠠᠭᠰᠠᠨ ᠨᠤᠳᠤᠭ ᠪᠡᠯᠴᠢᠬᠡᠷ ᠤᠨ ᠲᠠᠷᠢᠮᠠᠯ ᠤᠨ ᠡᠪᠡᠰᠦ ᠲᠠᠷᠢᠬᠤ ᠠᠮᠢ ᠠᠬᠤᠢ ᠶᠢ ᠰᠡᠷᠬᠦᠬᠡᠬᠦ ᠲᠦᠷᠦᠯ ᠵᠦᠢᠯ ᠤᠨ ᠲᠤᠭᠤᠷᠢᠭ ᠲᠤ ᠬᠦᠨᠵᠡᠬᠡᠶᠢᠷᠡᠨ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠳᠠ ᠬᠢᠵᠤ᠂ ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠪᠠ ᠮᠠᠯᠴᠢᠳ ᠤᠨ ᠤᠷᠤᠯᠭ᠎ᠠ ᠶᠢᠨ ᠪᠠᠶᠢᠳᠠᠯ ᠢ ᠨᠠᠷᠢᠨ ᠤᠶᠢᠯᠭᠠᠵᠠᠢ᠃      ᠯᠢ ᠪᠢᠩ ᠷᠦᠩ ᠵᠢᠭᠠᠵᠤ ᠭᠠᠷᠭᠠᠭᠰᠠᠨ ᠨᠢ᠂ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠠᠬᠢᠴᠠ ᠶᠢᠨ ᠲᠦᠷᠬᠡᠳᠬᠦ ᠶᠢ ᠲᠠᠭᠠᠯᠳᠤᠨ᠂ ᠨᠤᠳᠤᠭ ᠪᠡᠯᠴᠢᠬᠡᠷ ᠤᠨ ᠮᠠᠯ ᠤᠨ ᠲᠠᠭᠠᠭᠠᠴᠠ ᠵᠢᠯ ᠲᠠᠷᠠᠭᠠᠯᠠᠨ ᠨᠡᠮᠡᠭᠳᠡᠵᠤ᠂ ᠨᠤᠳᠤᠭ ᠪᠡᠯᠴᠢᠬᠡᠷ ᠤᠨ ᠤᠷᠭᠤᠮᠠᠯ ᠬᠤᠴᠢᠯᠭ᠎ᠠ ᠶᠢ ᠬᠠᠮᠠᠭᠠᠯᠠᠬᠤ᠂ ᠠᠵᠤ ᠠᠬᠤᠢ ᠶᠢᠨ ᠬᠦᠭᠵᠢᠯᠳᠡ ᠬᠢᠬᠡᠳ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠡᠩᠴᠡᠪᠤᠷᠢ ᠶᠢᠨ ᠴᠡᠭ ᠢ ᠡᠷᠢᠬᠦ ᠨᠢ ᠶᠠᠭᠤᠨ ᠠᠴᠠ ᠴᠢᠬᠤᠯᠠ ᠶᠤᠮ᠃ ᠨᠤᠳᠤᠭ ᠪᠡᠯᠴᠢᠬᠡᠷ ᠪᠤᠯ ᠮᠠᠯᠴᠢᠳ ᠤᠨ ᠬᠡᠷ ᠤᠷᠤᠨ ᠮᠦᠨ᠂ ᠨᠡᠩ ᠴᠦ ᠪᠦᠬᠦ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠮᠦᠨ᠂ ᠨᠤᠳᠤᠭ ᠪᠡᠯᠴᠢᠬᠡᠷ ᠤᠨ ᠠᠮᠢ ᠠᠬᠤᠢ ᠨᠢ ᠠᠷᠠᠳ ᠤᠨ ᠠᠮᠢᠳᠤᠷᠠᠯ᠂ ᠤᠷᠴᠢᠨ ᠲᠤᠭᠤᠷᠢᠨ ᠪᠤᠯᠤᠨ ᠦᠷᠬᠦᠯᠵᠢᠯᠡᠬᠦ ᠬᠦᠭᠵᠢᠯᠳᠡ ᠲᠠᠢ ᠬᠤᠯᠪᠤᠭᠳᠠᠵᠤ ᠪᠠᠶᠢᠳᠠᠭ᠃ ᠲᠠᠯ᠎ᠠ ᠨᠤᠳᠤᠭ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ  ᠶᠢᠨ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠴᠦᠬᠦᠷᠦᠮ ᠨᠤᠳᠤᠭ ᠪᠡᠯᠴᠢᠬᠡᠷ ᠢ ᠨᠢᠬᠡ ᠴᠤᠭᠴᠠᠵᠢᠭᠤᠯᠤᠭᠰᠠᠨ ᠠᠮᠢ ᠠᠬᠤᠢ ᠶᠢ ᠬᠠᠮᠠᠭᠠᠯᠠᠬᠤ ᠪᠠ ᠰᠡᠷᠬᠦᠬᠡᠬᠦ ᠶᠢ ᠬᠦᠨᠵᠡᠬᠡᠢ ᠬᠡᠷᠡᠭᠵᠢᠬᠦᠯᠬᠦ ᠲᠤᠮᠳᠠᠬᠢ ᠴᠢᠬᠤᠯᠠ ᠪᠠᠶᠢᠷᠢ ᠰᠠᠭᠤᠷᠢ ᠪᠤᠯᠤᠨ ᠦᠢᠯᠡᠳᠦᠯ ᠢ ᠵᠦᠪ ᠢᠶᠠᠷ ᠲᠠᠨᠢᠵᠤ᠂ ᠨᠤᠳᠤᠭ ᠪᠡᠯᠴᠢᠬᠡᠷ ᠤᠨ ᠪᠦᠳᠦᠬᠡᠨ ᠪᠠᠶᠢᠭᠤᠯᠤᠯᠳᠠ᠂ ᠬᠦᠭᠵᠢᠯᠳᠡ ᠪᠠ ᠬᠠᠮᠠᠭᠠᠯᠠᠯᠳᠠ ᠭᠤᠷᠪᠠ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠬᠦᠬᠡᠬᠦ ᠤᠷᠳᠤ ᠬᠤᠭᠤᠴᠠᠭᠠᠨ ᠤ ᠪᠦᠳᠦᠮᠵᠢᠳᠡᠢ ᠲᠤᠭᠳᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠪᠦᠳᠦᠮᠵᠢᠳᠦ ᠴᠢᠨᠠᠷ ᠢ ᠲᠡᠬᠡᠭᠰᠢᠯᠡᠬᠦᠯᠬᠦ ᠬᠡᠷᠡᠭᠳᠡᠢ ᠭᠡᠵᠡᠢ᠃      ᠯᠢ ᠪᠢᠩ ᠷᠦᠩ ᠠᠴᠠ ᠵᠢᠭᠠᠬᠤ ᠳᠠᠭᠠᠨ᠂ ᠠᠮᠢ ᠠᠬᠤᠢ ᠶᠢ ᠬᠠᠮᠠᠭᠠᠯᠠᠬᠤ ᠪᠠᠷ ᠤᠷᠢᠳᠠᠯ ᠪᠤᠯᠭᠠᠵᠤ ᠭᠠᠵᠠᠷ ᠪᠤᠯᠭᠠᠨ ᠳᠤ ᠲᠤᠬᠢᠷᠠᠭᠤᠯᠤᠨ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠢᠨᠠᠨ ᠰᠢᠯᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠵᠦᠢ ᠵᠤᠬᠢᠰᠳᠠᠢ ᠠᠰᠢᠭᠯᠠᠬᠤ ᠪᠠ ᠰᠡᠷᠬᠦᠬᠡᠨ ᠵᠠᠰᠠᠵᠤ᠂ ᠮᠠᠯ ᠠᠵᠤ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠬᠡᠷᠡᠭᠳᠡᠢ᠃ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠮᠠᠯᠴᠢᠳ ᠢ ᠬᠦᠳᠦᠯᠦᠨ ᠵᠢᠯᠤᠭᠤᠳᠴᠦ ᠪᠠᠶᠢᠭᠠᠳ ᠦᠵᠡᠯ ᠰᠠᠨᠠᠭ᠎ᠠ ᠲᠠᠨᠢᠯᠳᠠ ᠢ ᠨᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠲᠠᠩᠰᠠ ᠪᠤᠳᠤᠵᠤ ᠮᠠᠯ ᠲᠡᠵᠢᠬᠡᠬᠦ᠂ ᠴᠦᠬᠡᠨ ᠲᠡᠵᠢᠬᠡᠵᠤ ᠨᠠᠷᠢᠯᠢᠭ ᠠᠷᠠᠴᠢᠯᠠᠬᠤ᠂ ᠡᠷᠦᠬᠡ ᠬᠤᠯᠪᠤᠭᠠᠯᠠᠨ ᠡᠵᠡᠩᠨᠡᠬᠦ᠂ ᠤᠶᠢᠵᠢᠭᠤᠯᠵᠤ ᠤᠷᠤᠯᠭ᠎ᠠ ᠪᠠᠨ ᠨᠡᠮᠡᠭᠳᠡᠬᠦᠯᠬᠦ ᠵᠤᠷᠢᠯᠭ᠎ᠠ ᠳᠤ ᠬᠦᠷᠭᠡᠬᠦ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ᠂ ᠮᠠᠯᠴᠢᠳ ᠤᠨ ᠬᠤᠷᠰᠢᠶᠠᠵᠢᠯ ᠤᠨ ᠬᠦᠭᠵᠢᠯᠳᠡ ᠪᠤᠵᠠᠭᠠᠶᠢᠷᠠᠯ ᠢ ᠬᠦᠴᠦᠯᠡᠨ ᠲᠡᠮᠵᠢᠵᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠡᠬᠦᠯᠳᠡᠷᠵᠢᠬᠦᠯᠵᠤ᠂ ᠮᠠᠯᠴᠢᠳ ᠤᠨ ᠤᠷᠤᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠬᠦᠯᠬᠦ ᠬᠡᠷᠡᠭᠳᠡᠢ ᠭᠡᠵᠡᠢ᠃      ᠯᠢ ᠪᠢᠩ ᠷᠦᠩ ᠠᠴᠠ ᠱᠠᠭᠠᠷᠳᠠᠭᠰᠠᠨ ᠨᠢ᠂ ᠡᠷᠬᠡᠪᠰᠢ ᠬᠠᠤᠯᠢ ᠬᠡᠷᠡᠭᠵᠢᠬᠦᠯᠬᠦ ᠡᠷᠴᠢᠮ ᠢᠶᠠᠨ ᠤᠯᠠᠮ ᠨᠢᠬᠡ ᠠᠯᠬᠤᠮ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠨ᠂ ᠮᠡᠳᠡᠭᠡ ᠵᠠᠩᠬᠢ  ᠶᠢᠨ ᠨᠡᠪᠳᠡᠷᠡᠯᠴᠡᠭᠡ ᠪᠠᠨ ᠴᠢᠩᠭᠠᠳᠬᠠᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠬᠠᠮᠳᠤᠪᠠᠷ ᠠᠬᠢᠭᠤᠯᠬᠤ ᠬᠡᠷᠡᠭᠳᠡᠢ᠃ ᠮᠠᠯ ᠪᠡᠯᠴᠢᠬᠡᠷ ᠢ ᠲᠡᠩᠴᠡᠪᠤᠷᠢᠳᠡᠢ ᠪᠠᠶᠢᠯᠭᠠᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠬᠡᠷ ᠤᠨ ᠠᠮᠢ ᠠᠬᠤᠢ ᠶᠢ ᠰᠠᠶᠢᠳᠤᠷ ᠬᠠᠮᠠᠭᠠᠯᠠᠵᠤ᠂ ᠲᠡᠵᠢᠬᠡᠨ ᠦᠷᠡᠵᠢᠬᠦᠯᠬᠦ ᠪᠦᠳᠦᠴᠡ ᠳᠤ ᠲᠤᠬᠢᠷᠠᠭᠤᠯᠤᠯᠳᠠ ᠬᠢᠵᠤ᠂ ᠮᠠᠯ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠰᠠᠭᠤᠷᠢ ᠲᠠᠯᠪᠢᠬᠤ ᠬᠡᠷᠡᠭᠳᠡᠢ ᠭᠡᠵᠡᠢ᠃     ᠵᠠᠰᠠᠭ ᠤᠨ ᠤᠷᠳᠤᠨ ᠤ ᠲᠡᠳ᠋ ᠬᠤᠳᠠ ᠶᠢᠨ ᠲᠠᠷᠤᠭ᠎ᠠ ᠯᠢᠦ ᡁᠢ ᠶᠦᠩ᠂ ᠬᠤᠰᠢᠭᠤ ᠨᠠᠮ ᠤᠨ ᠬᠤᠷᠢᠶᠠᠨ ᠤ ᠱᠦᠵᠢ ᠲᠦᠮᠡᠨ᠂ ᠵᠠᠰᠠᠭ ᠤᠨ ᠤᠷᠳᠤᠨ ᠤ ᠲᠡᠳ᠋ ᠬᠤᠰᠢᠭᠤᠨ ᠲᠠᠷᠤᠭ᠎ᠠ ᠠᠯᠳᠠᠠᠪᠤᠯᠠᠭ ᠵᠢᠴᠢ ᠦᠪᠡᠷᠳᠡᠬᠡᠨ ᠵᠠᠰᠠᠬᠤ ᠤᠷᠤᠨ᠂ ᠬᠤᠳᠠ᠂ ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ