ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠳᠠᠷᠤᠭ᠎ᠠ ᠷᠧᠨ ᠢ ᠴᠦᠨ ᠤᠷᠠᠳ ᠤᠨ ᠬᠤᠶᠢᠲᠤ ᠬᠤᠰᠢᠭᠤᠨ ᠳᠤ ᠬᠦᠨᠵᠡᠬᠡᠶᠢᠷᠡᠵᠦ ᠠᠵᠣ ᠦᠢᠯᠡᠳᠪᠦᠷᠢ ᠶᠢᠨ ᠠᠵᠣ ᠠᠬᠤᠢ ᠶᠢᠨ ᠡᠷᠬᠢᠯᠳᠡ ᠶᠢᠨ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2020/7/7
     7 ᠰᠠᠷ᠎ᠠ ᠶᠢᠨ 1 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠳᠠᠷᠤᠭ᠎ᠠ ᠷᠧᠨ ᠢ ᠴᠦᠨ ᠬᠤᠳᠠ ᠶᠢᠨ ᠠᠵᠣ ᠦᠢᠯᠡᠳᠪᠦᠷᠢ ᠪᠣᠯᠣᠨ ᠰᠣᠷᠠᠭ ᠵᠠᠩᠬᠢ ᠶᠢᠨ ᠬᠠᠮᠢᠶᠠᠷᠣᠯᠳᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠤᠨ ᠬᠠᠮᠢᠶᠠᠷᠣᠯᠳᠠ᠂ ᠠᠷᠠᠯᠵᠢᠶᠠᠴᠢᠨ ᠣᠷᠢᠬᠤ ᠵᠡᠷᠬᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠳᠠᠭᠠᠭᠤᠯᠣᠨ  ᠤᠷᠠᠳ ᠤᠨ ᠬᠤᠶᠢᠲᠤ ᠬᠤᠰᠢᠭᠤᠨ ᠤ ᠬᠡᠰᠡᠭ ᠠᠵᠣ ᠠᠬᠤᠶᠢᠯᠠᠯ ᠳᠤ ᠬᠦᠨᠵᠡᠬᠡᠶᠢᠷᠡᠵᠦ ᠪᠠᠶᠢᠴᠠᠭᠠᠨ ᠰᠣᠳᠣᠯᠣᠯᠳᠠ ᠬᠢᠵᠦ᠂ ᠪᠦᠬᠦ ᠬᠤᠰᠢᠭᠤᠨ ᠤ ᠠᠵᠣ ᠦᠢᠯᠡᠳᠪᠦᠷᠢ ᠶᠢᠨ ᠠᠵᠣ ᠠᠬᠤᠢ ᠶᠢᠨ ᠡᠷᠬᠢᠯᠳᠡ  ᠶᠢᠨ ᠪᠠᠶᠢᠳᠠᠯ ᠢ ᠳᠣᠬᠠᠢ ᠶᠢᠨ ᠳᠠᠯᠠᠪᠠᠢ ᠳᠤ ᠣᠶᠢᠯᠠᠭᠠᠨ ᠦᠵᠡᠪᠡ᠃       ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠢᠶᠠ ᠫᠸᠢ ᠰᠢᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᡁᠢ ᠰᠢᠦ᠋ᠩ ᠪᠠᠷ᠎ᠠ ᠪᠣᠯᠵᠣ ᠪᠠᠶᠢᠴᠠᠭᠠᠯᠳᠠ ᠳᠤ ᠣᠷᠣᠯᠴᠠᠪᠠ᠃ ᠷᠧᠨ ᠢ ᠴᠦᠨ ᠨᠠᠷ ᠣᠷᠢᠳ ᠬᠤᠵᠢᠳ ᠮᠠᠨ ᠤ ᠬᠤᠰᠢᠭᠤᠨ ᠤ ᠾᠧᠢ ᠮᠣᠣ ᠨᠡᠬᠦᠷᠡᠰᠦ ᠬᠢᠮᠢ ᠶᠢᠨ ᠠᠵᠣ ᠦᠢᠯᠡᠳᠪᠦᠷᠢ᠂ ᠭᠥᠸᠧ ᠴᠧᠩ ᠠᠭᠤᠷᠬᠠᠢ ᠶᠢᠨ ᠦᠢᠯᠡᠰ ᠤᠨ ᠺᠣᠮᠫᠠᠨᠢ᠂ ᠶᠢᠨ ᠬᠤᠣ ᠲᠧ ᠳᠡᠮᠦᠷ ᠵᠠᠮ ᠤᠨ ᠲᠦᠷᠦᠯ ᠵᠦᠢᠯ ᠤᠨ ᠠᠬᠤᠢ ᠳᠠᠯᠠᠪᠠᠢ᠂ ᠱᠤᠸᠠᠩ ᠯᠢ ᠠᠭᠤᠷᠬᠠᠢ ᠶᠢᠨ ᠦᠢᠯᠡᠰ᠂ ᠪᠠᠶᠠᠠᠨᠠᠭᠤᠷ ᠤᠨ ᠽᠢ ᠶᠢᠨ ᠺᠣᠮᠫᠠᠨᠢ ᠵᠡᠷᠬᠡ ᠠᠵᠣ ᠠᠬᠤᠶᠢᠯᠠᠯ ᠳᠤ ᠬᠦᠷᠴᠦ ᠪᠠᠶᠢᠴᠠᠭᠠᠨ ᠰᠣᠳᠣᠯᠣᠯᠳᠠ ᠬᠢᠪᠡ᠃      ᠷᠧᠨ ᠢ ᠴᠦᠨ᠂ ᠡᠯ᠎ᠠ ᠪᠠᠷᠢᠯᠭ᠎ᠠ  ᠶᠢᠨ ᠳᠣᠬᠠᠢ ᠶᠢᠨ ᠳᠠᠯᠠᠪᠠᠢ᠂ ᠦᠢᠯᠡᠳᠪᠦᠷᠢ ᠶᠢᠨ ᠳᠠᠰᠤᠭ ᠲᠤ ᠬᠦᠨᠵᠡᠬᠡᠶᠢᠷᠡᠨ ᠠᠵᠣ ᠠᠬᠤᠶᠢᠯᠠᠯ ᠤᠨ ᠬᠠᠷᠢᠭᠤᠴᠠᠯᠭᠠᠳᠠᠨ ᠲᠠᠢ ᠬᠦᠨᠵᠡᠬᠡᠢ ᠶᠠᠷᠢᠯᠴᠠᠵᠣ᠂ ᠡᠯ᠎ᠡ ᠠᠵᠣ ᠠᠬᠤᠶᠢᠯᠠᠯ ᠤᠨ ᠪᠦᠲᠦᠬᠡᠨ ᠪᠠᠶᠢᠭᠤᠯᠣᠯᠳᠠ ᠶᠢᠨ ᠠᠬᠢᠴᠠ᠂ ᠦᠢᠯᠡᠳᠪᠦᠷᠢᠯᠡᠯ ᠤᠨ ᠮᠡᠷᠬᠡᠵᠢᠯ᠂ ᠬᠦᠭᠵᠢᠯᠳᠡ ᠶᠢᠨ ᠲᠦᠯᠦᠪᠵᠢᠬᠦᠯᠦᠯᠬᠡ ᠵᠡᠷᠬᠡ ᠬᠠᠮᠢᠶ᠎ᠠ ᠪᠦᠬᠦᠢ ᠪᠠᠶᠢᠳᠠᠯ ᠢ ᠣᠶᠢᠯᠠᠭᠠᠬᠤ ᠶᠢᠨ ᠬᠠᠮᠳᠣ ᠪᠦᠲᠦᠬᠡᠭᠳᠡᠬᠦᠨ ᠤ ᠳᠠᠪᠠᠭᠤᠯᠢᠭ ᠳᠠᠯ᠎ᠠ᠂ ᠣᠨᠴᠠᠯᠢᠭ ᠰᠢᠨᠵᠢ ᠪᠣᠯᠣᠨ ᠵᠠᠬ᠎ᠠ ᠳᠡᠯᠬᠡᠬᠦᠷ ᠤᠨ ᠳᠠᠯᠳᠠ ᠬᠦᠴᠦᠨ ᠢ ᠨᠠᠷᠢᠨ ᠠᠰᠠᠭᠤᠨ ᠯᠠᠪᠯᠠᠵᠣ᠂ ᠠᠵᠣ ᠠᠬᠤᠶᠢᠯᠠᠯ ᠤᠨ ᠬᠦᠭᠵᠢᠯᠳᠡ ᠶᠢᠨ ᠶᠠᠪᠣᠴᠠ ᠳᠣᠮᠳᠠ ᠪᠠᠨ ᠳᠣᠯᠭᠠᠷᠠᠵᠣ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠢ ᠣᠶᠢᠯᠠᠭᠠᠭᠰᠠᠨ ᠪᠠᠶᠢᠨ᠎ᠠ᠃      ᠷᠧᠨ ᠢ ᠴᠦᠨ ᠠᠴᠠ ᠵᠢᠭᠠᠵᠣ ᠭᠠᠷᠭᠠᠭᠰᠠᠨ ᠨᠢ᠂ ᠣᠳᠣ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠨᠦᠯᠦᠬᠡᠯᠡᠯ ᠠᠴᠠ ᠪᠣᠯᠵᠣ᠂ ᠠᠵᠣ ᠠᠬᠤᠶᠢᠯᠠᠯ ᠨᠢ ᠭᠤᠣᠯᠯᠠᠭᠴᠢ ᠨᠢᠬᠡᠴᠡ ᠪᠣᠯᠣᠭᠰᠠᠨ ᠤ ᠬᠤᠪᠢ ᠳᠤ᠂ ᠢᠳᠡᠪᠬᠢᠳᠡᠢ ᠪᠠᠷ ᠠᠵᠣ ᠠᠬᠤᠢ ᠶᠢᠨ ᠬᠦᠭᠵᠢᠯᠳᠡ ᠶᠢᠨ ᠪᠠᠶᠢᠳᠠᠯ ᠳᠤ ᠵᠣᠬᠢᠴᠠᠵᠣ᠂ ᠬᠦᠭᠵᠢᠯᠳᠡ ᠶᠢᠨ ᠢᠳᠡᠬᠡᠯ ᠢᠶᠠᠨ ᠪᠠᠳᠣᠳᠬᠠᠨ᠂ ᠠᠵᠣ ᠠᠬᠤᠢ ᠶᠢᠨ ᠡᠷᠬᠢᠯᠳᠡ ᠶᠢᠨ ᠪᠠᠶᠢᠳᠠᠯ ᠢ ᠵᠠᠳᠠᠯᠣᠨ ᠰᠢᠨᠵᠢᠬᠦ ᠪᠠᠨ ᠴᠢᠩᠭᠠᠳᠬᠠᠨ᠂ ᠬᠠᠨᠳᠣᠯᠭᠠᠳᠣ ᠴᠢᠨᠠᠷᠳᠠᠢ ᠠᠷᠭ᠎ᠠ ᠪᠣᠳᠣᠯᠭ᠎ᠠ ᠳᠣᠭᠳᠠᠭᠠᠵᠣ᠂ ᠬᠦᠭᠵᠢᠯᠳᠡ ᠶᠢᠨ ᠴᠢᠨᠠᠷ ᠴᠢᠨᠰᠠᠭ᠎ᠠ ᠪᠣᠯᠣᠨ ᠦᠷ᠎ᠡ ᠠᠰᠢᠭ ᠢᠶᠠᠨ ᠳᠡᠬᠡᠭᠰᠢᠯᠡᠬᠦᠯᠬᠦ ᠬᠡᠷᠡᠭᠲᠡᠢ᠃ ᠰᠢᠨᠵᠢᠯᠡᠬᠦ ᠣᠬᠠᠭᠠᠨ ᠤ ᠰᠢᠨ᠎ᠡ ᠶᠢ ᠡᠬᠦᠳᠬᠦ ᠬᠦᠴᠦᠯᠡᠴᠡ ᠪᠠᠨ ᠶᠡᠬᠡᠰᠬᠡᠨ᠂ ᠬᠦᠭᠵᠢᠯᠳᠡ ᠶᠢᠨ ᠳᠣᠳᠣᠭᠠᠳᠣ ᠠᠮᠢᠵᠢᠷᠠᠯ ᠤᠨ ᠬᠦᠴᠦᠨ ᠢᠶᠠᠨ ᠴᠢᠩᠭᠠᠷᠠᠭᠤᠯᠵᠣ᠂ ᠠᠵᠣ ᠠᠬᠤᠶᠢᠯᠠᠯ  ᠤᠨ ᠳᠣᠷᠪᠢᠯᠢᠭ ᠬᠦᠭᠵᠢᠯᠳᠡ ᠶᠢ ᠪᠣᠢ ᠪᠣᠯᠭᠠᠬᠤ ᠬᠡᠷᠡᠭᠳᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠣᠬᠠᠮᠰᠠᠷ ᠢᠶᠠᠨ ᠴᠢᠩᠭᠠᠳᠬᠠᠵᠣ᠂ ᠲᠦᠷᠦᠯ ᠵᠦᠢᠯ ᠤᠨ ᠠᠬᠢᠴᠠ ᠶᠢᠨ ᠪᠦᠲᠦᠬᠡᠨ ᠪᠠᠶᠢᠭᠤᠯᠣᠯᠳᠠ ᠶᠢ ᠲᠦᠷᠬᠡᠳᠬᠡᠨ᠂ ᠲᠦᠷᠦᠯ ᠵᠦᠢᠯ ᠤᠨ ᠡᠷᠳᠡᠬᠡᠨ ᠬᠡᠷᠡᠭᠯᠡᠯᠳᠡ ᠳᠤ ᠣᠷᠣᠵᠣ ᠦᠷ᠎ᠡ ᠠᠰᠢᠭ ᠣᠯᠬᠤ ᠶᠢ ᠪᠠᠳᠣᠯᠠᠬᠤ ᠬᠡᠷᠡᠭᠲᠡᠢ ᠬᠡᠪᠠ᠃       ᠷᠧᠨ ᠢ ᠴᠦᠨ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠦᠢᠯᠡᠴᠢᠯᠡᠬᠡᠨ ᠤ ᠣᠬᠠᠮᠰᠠᠷ ᠪᠣᠯᠣᠨ ᠬᠠᠷᠢᠭᠤᠴᠠᠯᠭ᠎ᠠ ᠶᠢᠨ ᠣᠬᠠᠮᠰᠠᠷ ᠢᠶᠠᠨ ᠪᠠᠳᠣ ᠪᠣᠢ ᠪᠣᠯᠭᠠᠵᠣ᠂ ᠴᠢᠩᠭ᠎ᠠ ᠠᠷᠭ᠎ᠠ ᠪᠣᠳᠣᠯᠭ᠎ᠠ ᠶᠢ ᠠᠪᠴᠣ᠂ ᠣᠯᠠᠨ ᠳᠠᠯ᠎ᠠ ᠠᠴᠠ ᠠᠵᠣ ᠠᠬᠤᠶᠢᠯᠠᠯ ᠤᠨ ᠪᠡᠯᠡ ᠮᠦᠩᠬᠦ᠂ ᠮᠡᠷᠬᠡᠵᠢᠯ ᠵᠡᠷᠬᠡ ᠳᠠᠯ᠎ᠠ ᠶᠢᠨ ᠬᠦᠴᠢᠷᠳᠡᠯ ᠪᠣᠯᠣᠨ ᠠᠰᠠᠭᠤᠳᠠᠯ ᠢ ᠰᠢᠢᠳᠪᠦᠷᠢᠯᠡᠨ ᠦᠭᠬᠦ ᠬᠡᠷᠡᠭᠲᠡᠢ᠃ ᠪᠦᠬᠦ ᠳᠠᠯ᠎ᠠ ᠪᠠᠷ ᠠᠵᠣ ᠠᠬᠤᠶᠢᠯᠠᠯ ᠤᠨ ᠬᠦᠭᠵᠢᠯᠳᠡ ᠶᠢᠨ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠳᠣᠣᠱᠯᠠᠭᠤᠯᠵᠣ᠂ ᠠᠵᠣ ᠠᠬᠤᠶᠢᠯᠠᠯ ᠳᠤ ᠣᠯᠠᠮ ᠰᠢᠯᠢᠳᠡᠭ ᠦᠨᠳᠦᠷ ᠦᠷ᠎ᠡ ᠠᠰᠢᠭᠳᠣ ᠦᠢᠯᠡᠴᠢᠯᠡᠭᠡ ᠬᠠᠩᠭᠠᠬᠤ ᠬᠡᠷᠡᠭᠲᠡᠢ᠃ ᠭᠤᠣᠯᠳᠠᠯᠭᠠᠳᠣ ᠲᠦᠷᠦᠯ ᠵᠦᠢᠯ ᠤᠨ ᠪᠦᠲᠦᠬᠡᠨ ᠪᠠᠶᠢᠭᠤᠯᠣᠯᠳᠠ ᠶᠢ ᠠᠳᠬᠤᠬᠤ ᠪᠠᠨ ᠴᠢᠩᠭᠠᠳᠬᠠᠵᠣ᠂ ᠪᠦᠬᠦ ᠬᠦᠴᠦ ᠪᠠᠷ ᠲᠦᠷᠦᠯ ᠵᠦᠢᠯ ᠤᠨ ᠠᠬᠢᠴᠠ  ᠶᠢ ᠲᠦᠷᠬᠡᠳᠬᠡᠨ᠂ ᠪᠦᠬᠦ ᠬᠤᠳᠠ ᠶᠢᠨ ᠠᠵᠣ ᠦᠢᠯᠡᠳᠪᠦᠷᠢ ᠶᠢᠨ ᠠᠵᠣ ᠠᠬᠤᠢ ᠶᠢᠨ ᠦᠷᠬᠦᠯᠵᠢᠯᠡᠨ ᠳᠣᠭᠳᠠᠭᠤᠨ ᠡᠷᠡᠬᠦᠯ ᠬᠦᠭᠵᠢᠯᠳᠡ ᠶᠢ ᠪᠠᠳᠣᠯᠠᠬᠤ ᠬᠡᠷᠡᠭᠲᠡᠢ ᠬᠡᠪᠡ
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ