ᠲᠠᠯ᠎ᠠ ᠨᠤᠲᠤᠭ ᠲᠤ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠮᠢᠷᠠᠯᠵᠠᠨ ᠳᠡᠯᠭᠡᠷᠡᠨ᠎ᠡ      — ᠤᠷᠠᠳ ᠤᠨ ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ  ᠴᠤᠪᠤᠷᠠᠯ ᠮᠡᠳᠡᠭᠡᠯᠡᠯ  ︵ᠨᠢᠭᠡ︶
ᠨᠡᠶᠢᠲᠡᠯᠡᠭᠰᠡᠨ ᠴᠠᠭ᠄
2020/7/7
     
     ᠤᠷᠠᠳ ᠤᠨ ᠲᠤᠮᠳᠠᠳᠤ ᠬᠤᠰᠢᠭᠤᠨ ᠤ ᠬᠠᠯᠠᠭᠤᠨ ᠬᠥᠷᠥᠰᠤᠨ ᠲᠡᠭᠡᠷ᠎ᠡ 14.68 ᠲᠦᠮᠡᠨ ᠬᠥᠮᠦᠨ᠂ 14  ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠦᠨᠳᠦᠰᠦᠲᠡᠨ   ᠨᠦᠭᠦᠳ ᠪᠦᠯᠬᠦᠮᠳᠡᠵᠤ᠂ ᠠᠵᠤ ᠠᠬᠤᠢ ᠴᠡᠴᠡᠭᠯᠡᠨ ᠬᠥᠭᠵᠢᠵᠦ᠂ ᠨᠡᠶᠢᠭᠡᠮ ᠡᠶ᠎ᠡ ᠵᠣᠬᠢᠴᠠᠩᠭᠤᠢ᠂ ᠠᠷᠠᠳ ᠲᠦᠮᠡᠨ  ᠵᠣᠯ ᠵᠢᠷᠭᠠᠯ ᠲᠠᠢ ᠠᠵᠤ ᠠᠮᠢᠳᠤᠷᠠᠨ᠎ᠠ᠃
     ᠤᠷᠠᠳ ᠤᠨ ᠲᠤᠮᠳᠠᠳᠤ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠡᠨᠡ ᠬᠦ ᠬᠠᠮᠲᠤ ᠪᠠᠷ  ᠣᠷᠣᠰᠢᠨ ᠠᠮᠢᠳᠤᠷᠠᠵᠤ ᠪᠠᠶᠢᠭ᠎ᠠ ᠡᠬᠡᠯᠢᠳᠤ ᠰᠠᠶᠢᠬᠠᠨ ᠨᠤᠳᠤᠭ ᠤᠷᠤᠨ ᠳᠤ ᠪᠠᠨ ᠪᠦᠯᠬᠦᠮᠳᠡᠨ ᠲᠡᠮᠡᠴᠡᠵᠦ᠂  ᠬᠠᠷᠢᠯᠴᠠᠨ ᠬᠠᠪᠰᠤᠷᠤᠯᠴᠠᠨ᠂ ᠵᠢᠷᠭᠠᠯ ᠵᠤᠪᠠᠯᠠᠩ ᠢᠶᠠᠨ ᠬᠠᠮᠳᠤᠳᠬᠠᠨ᠂ ᠡᠶ᠎ᠡ ᠨᠠᠶᠢᠷᠠᠮᠳᠠᠭᠤ ᠡᠶ᠎ᠡ ᠵᠣᠬᠢᠴᠠᠩᠭᠤᠢ  ᠲᠠᠯ᠎ᠠ ᠨᠤᠲᠤᠭ ᠢᠶᠠᠨ ᠪᠦᠳᠦᠭᠡᠨ ᠪᠠᠶᠢᠭᠤᠯᠤᠨ᠎ᠠ᠃            ᠤᠷᠠᠳ ᠤᠨ ᠳᠤᠮᠳᠠᠳᠤ ᠬᠤᠰᠢᠭᠤᠨ ᠤ ᠬᠤᠶᠠᠷ ᠰᠠᠶᠢᠬᠠᠨ ᠢᠷᠡᠭᠤ ᠠᠯᠳᠠᠷ ᠨᠢ ᠲᠤᠰ ᠬᠤᠰᠢᠭᠤᠨ ᠳᠤ  ᠦᠩᠭᠡ ᠭᠡᠷᠡᠯ ᠨᠡᠮᠡᠷᠢᠯᠡᠭᠰᠡᠨ ᠪᠠᠶᠢᠳᠠᠭ᠂ ᠲᠡᠷᠡ ᠨᠢ ᠲᠠᠷᠦᠢ 2005 ᠣᠨ ᠳᠤ ᠤᠷᠠᠳ ᠤᠨ ᠳᠤᠮᠳᠠᠳᠤ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠷᠦ ᠶᠢᠨ ᠶᠠᠪᠤᠳᠠᠯ ᠤᠨ ᠬᠤᠷᠢᠶᠠᠨ ᠠᠴᠠ ︽ᠪᠦᠬᠦ  ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠳᠡ︾ ᠪᠠᠷ ᠦᠨᠡᠯᠡᠵᠤ᠂  2013 ᠣᠨ ᠳᠤ ᠤᠷᠠᠳ ᠤᠨ ᠳᠤᠮᠳᠠᠳᠤ ᠬᠤᠰᠢᠭᠤ ᠨᠢ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ  ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ︾ ᠪᠠᠷ ᠦᠨᠡᠯᠡᠭᠳᠡᠪᠡ᠃  ᠡᠨᠡ ᠵᠢᠯ᠂ ᠤᠷᠠᠳ ᠤᠨ ᠳᠤᠮᠳᠠᠳᠤ ᠬᠤᠰᠢᠭᠤ ᠨᠠᠩ ᠴᠤ ᠬᠠᠳᠠᠭᠤ ᠪᠡᠷᠭᠡᠰᠢᠶᠡᠯ ᠢ ᠢᠯᠠᠨ ᠲᠠᠪᠠᠵᠤ᠂ ᠡᠷᠡᠯᠬᠡᠭᠯᠡᠨ  ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠪᠥᠬᠦ ᠬᠤᠲᠠ ᠳᠤ ᠲᠦᠷᠦᠬᠦᠯᠡᠨ ︽ᠪᠥᠬᠦ ᠤᠯᠤᠰ ᠤᠨ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ  ᠠᠵᠢᠯ ᠢ ᠥᠷᠨᠢᠬᠦᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠳᠡᠭᠡᠳᠦ ᠬᠡᠮᠵᠢᠶ᠎ᠡ ᠪᠠᠷ  ᠠᠬᠢᠭᠤᠯᠤᠭᠰᠠᠨ ᠪᠠᠶᠢᠨ᠎ᠠ᠃        ᠦᠨᠳᠦᠷ ᠬᠢᠷᠢ ᠲᠦᠪᠰᠢᠨ ᠢᠶᠠᠷ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠨᠡᠩ ᠭᠤᠶᠤ  ᠰᠠᠶᠢᠬᠠᠨ ᠵᠢᠷᠤᠭᠯᠠᠨ᠎ᠠ          ᠤᠷᠠᠳ ᠤᠨ ᠳᠤᠮᠳᠠᠳᠤ ᠬᠤᠰᠢᠭᠤᠨ ᠳᠤ ᠥᠷᠨᠢᠭᠦᠯᠵᠦ ᠪᠠᠶᠢᠭ᠎ᠠ ︽ᠪᠥᠬᠦ ᠤᠯᠤᠰ ᠤᠨ ᠦᠨᠳᠦᠰᠦᠲᠡᠨ ᠤ  ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ   ᠨᠢ ᠵᠣᠨ ᠤ  ᠤᠯᠠᠷᠢᠯ ᠤᠨ ᠬᠥᠷ ᠬᠥᠭᠵᠢᠶᠡᠨ ᠢᠶᠠᠷ ᠪᠢᠯᠬᠠᠨ᠎ᠠ᠃ ᠪᠠᠶᠢᠭᠤᠯᠭ᠎ᠠ ᠠᠴᠠ ᠰᠤᠮᠤ ᠪᠠᠯᠭᠠᠰᠤ ᠲᠠᠯᠠᠪᠠᠢ ᠬᠦᠷᠲᠡᠯ᠎ᠡ᠂  ᠰᠤᠷᠭᠠᠭᠤᠯᠢ ᠠᠴᠠ ᠠᠵᠤ ᠠᠬᠤᠶᠢᠯᠠᠯ ᠬᠦᠷᠲᠡᠯ᠎ᠡ᠂ ᠴᠡᠷᠢᠭ ᠤᠨ ᠬᠤᠸᠠᠷᠠᠨ ᠠᠴᠠ ᠡᠮᠨᠡᠯᠭᠡ ᠶᠢᠨ ᠬᠤᠷᠢᠶ᠎ᠠ ᠬᠦᠷᠲᠡᠯ᠎ᠡ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠭᠤᠯᠤᠯᠲᠠ ᠶᠢ ︽ᠶᠢᠰᠦ ᠳᠤ ᠤᠷᠤᠭᠤᠯᠬᠤ︾ ᠠᠵᠢᠯᠯᠠᠭ᠎ᠠ  ᠪᠦᠬᠦ ᠬᠤᠰᠢᠭᠤᠨ ᠤ ᠬᠡᠪᠴᠢᠶᠠᠨ ᠳᠤ ᠦᠷᠨᠢᠬᠦᠨ ᠶᠠᠪᠤᠭᠳᠠᠨ᠎ᠠ᠃          ᠦᠨᠳᠦᠰᠦᠲᠡᠨ ᠤ  ᠪᠦᠯᠬᠦᠮᠳᠡᠯ  ᠳᠠᠪᠰᠢᠯᠲᠠ ᠶᠢ ᠡᠭᠦᠳᠦᠨ ᠪᠠᠶᠢᠭᠤᠯᠬᠤ ᠪᠣᠯ ᠲᠡᠦᠬᠡ ᠶᠢᠨ ᠤᠯᠠᠮᠵᠢᠯᠠᠯ  ᠪᠠᠶᠢᠵᠤ᠂ ᠤᠷᠲᠤ ᠬᠤᠭᠤᠴᠠᠭᠠᠨ ᠤ ᠲᠤᠷᠰᠢ᠂ ᠤᠷᠠᠳ ᠤᠨ ᠳᠤᠮᠳᠠᠳᠤ ᠬᠤᠰᠢᠭᠤ ᠦᠨᠳᠦᠰᠦᠲᠡᠨ ᠤ ᠪᠦᠯᠬᠦᠮᠳᠡᠯ  ᠳᠠᠪᠰᠢᠯᠲᠠ ᠶᠢᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠤᠯᠠᠨ  ᠲᠦᠮᠡᠨ ᠲᠠᠢ ᠨᠢᠭᠲᠠᠷᠠᠨ ᠪᠦᠯᠬᠦᠮᠳᠡᠵᠦ᠂ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠪᠠᠷ ᠡᠷᠡᠮᠡᠬᠡᠶᠢᠯᠡᠨ  ᠤᠷᠤᠭᠰᠢᠯᠠᠭᠰᠠᠭᠠᠷ ᠢᠷᠡᠯ᠎ᠡ᠃  
     ᠴᠥᠭᠡᠨ ᠲᠣᠭᠠᠲᠤ ᠦᠨᠳᠦᠰᠦᠲᠡᠨ ᠤ ᠬᠢᠯᠢ ᠶᠢᠨ ᠬᠤᠰᠢᠭᠤ ᠪᠣᠯᠤᠭᠰᠠᠨ ᠬᠤᠪᠢ ᠳᠤ᠂ ᠬᠤᠰᠢᠭᠤᠨ ᠤ  ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠦᠨᠳᠦᠰᠦᠲᠡᠨ ᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠤᠰᠢᠭᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠬᠠᠷᠠᠯᠲᠠ ᠳᠤ ᠣᠷᠣᠭᠤᠯᠵᠤ᠂ ᠤᠬᠠᠭᠤᠯᠭ᠎ᠠ ᠶᠢᠨ ᠪᠤᠯᠤᠩ ᠭᠠᠷᠭᠠᠬᠤ᠂  ᠪᠣᠯᠪᠠᠰᠤᠷᠠᠯ ᠤᠨ ᠠᠩᠭᠢ ᠡᠷᠬᠢᠯᠡᠬᠦ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠦᠨᠳᠦᠰᠦᠲᠡᠨ ᠤ ᠰᠣᠶᠣᠯ ᠤᠨ  ᠦᠵᠡᠬᠦᠯᠦᠯᠭᠡ ᠶᠢᠨ ᠭᠠᠵᠠᠷ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠨ᠂ ᠦᠨᠳᠦᠰᠦᠲᠡᠨ ᠤ ᠪᠦᠯᠬᠦᠮᠳᠡᠯ  ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ᠂ ᠣᠯᠠᠨ ᠬᠠᠷᠠᠭᠠᠰᠤ ᠠᠴᠠ᠂ ᠪᠣᠰᠤᠭ᠎ᠠ  ᠴᠣᠭᠴᠠᠵᠢᠭᠤᠯᠤᠨ ᠥᠷᠨᠢᠭᠦᠯᠵᠦ᠂ ᠨᠡᠶᠢᠭᠡᠮ ᠳᠤ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ  ᠠᠮᠢᠰᠬᠤᠯ ᠢ ᠪᠤᠢ ᠪᠣᠯᠭᠠᠬᠰᠠᠨ ᠪᠠᠶᠢᠨ᠎ᠠ᠃ ︽ᠤᠷᠠᠳ ᠤᠨ ᠳᠤᠮᠳᠠᠳᠤ ᠬᠤᠰᠢᠭᠤᠨ ᠤ ᠪᠦᠬᠦ ᠤᠯᠤᠰ ᠤᠨ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ  ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ  ᠨᠡᠶᠢᠲᠡᠯᠡᠵᠦ᠂ ᠠᠵᠤ ᠠᠬᠤᠶ ᠶᠢᠨ ᠬᠥᠭᠵᠢᠯᠲᠡ ᠶᠢᠨ ᠬᠤᠷᠳᠤᠴᠠ ᠶᠢ ᠳᠡᠭᠡᠭᠰᠢᠯᠡᠭᠦᠯᠬᠦ ᠢᠨᠵᠧᠨᠧᠷᠢᠩ᠂ ᠰᠠᠭᠤᠷᠢ  ᠲᠥᠬᠦᠭᠡᠷᠦᠮᠵᠢ ᠶᠢᠨ ᠪᠦᠲᠦᠭᠡᠨ  ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠠᠮᠢ ᠠᠬᠤᠶ ᠶᠢᠨ  ᠪᠣᠯᠪᠠᠰᠤᠨ ᠤ ᠪᠦᠲᠦᠭᠡᠨ  ᠪᠠᠶᠢᠭᠤᠯᠤᠯᠲᠠ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ  ᠰᠠᠶᠢᠵᠢᠷᠠᠭᠤᠯᠬᠤ ᠢᠨᠵᠧᠨᠧᠷᠢᠩ᠂ ᠦᠨᠳᠦᠰᠦᠲᠡᠨ ᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ  ᠢᠨᠵᠧᠨᠧᠷᠢᠩ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠣᠭᠤᠮᠲᠠ ᠰᠢᠪᠲᠤᠯᠬᠤ ᠢᠨᠵᠧᠨᠧᠷᠢᠩ᠂ ᠠᠮᠤᠷ  ᠲᠦᠪᠰᠢᠨ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠢᠨᠵᠧᠨᠧᠷᠢᠩ᠂ ᠦᠨᠳᠦᠰᠦᠲᠡᠨ ᠤ ᠠᠵᠢᠯ ᠤᠨ ᠰᠢᠨ᠎ᠡ ᠶᠢ  ᠡᠭᠦᠳᠬᠦ ᠢᠨᠵᠧᠨᠧᠷᠢᠩ᠂ ᠦᠨᠳᠦᠰᠦᠲᠡᠨ ᠤ ᠺᠠᠳ᠋ᠷ ᠢ ᠬᠥᠮᠦᠵᠢᠭᠦᠯᠬᠦ ᠢᠨᠵᠧᠨᠧᠷᠢᠩ ᠵᠡᠷᠭᠡ ︽ᠶᠢᠰᠦᠨ ᠢᠨᠵᠧᠨᠧᠷᠢᠩ︾  ᠢ ᠶᠡᠬᠡᠪᠡᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠡᠯ᠎ᠡ  ᠵᠦᠢᠯ ᠤᠨ ᠦᠢᠯᠡᠰ ᠤᠨ ᠲᠤᠮᠳᠠ ᠦᠨᠡᠨᠬᠦ ᠲᠤᠤᠱᠯᠠᠭᠤᠯᠪᠠ᠃ ᠤᠷᠠᠳ ᠤᠨ ᠳᠤᠮᠳᠠᠳᠤ ᠬᠤᠰᠢᠭᠤᠨ ᠤ ᠡᠯ᠎ᠡ  ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠢ ᠶᠢᠨ ᠰᠢᠯᠭᠠᠨ ᠡᠯᠰᠡᠬᠦ᠂ ᠤᠷᠢᠨ  ᠬᠡᠷᠡᠭᠯᠡᠬᠦ ᠳᠤᠮᠳᠠ᠂ ᠠᠳᠠᠯᠢ ᠨᠥᠬᠦᠴᠡᠯ ᠤᠨ ᠳᠣᠣᠷ᠎ᠠ ᠴᠥᠭᠡᠨ ᠲᠣᠭᠠᠲᠤ ᠦᠨᠳᠦᠰᠦᠳᠡᠨ ᠤ ᠺᠠᠳ᠋ᠷ ᠢ ᠤᠷᠢᠳ ᠢᠶᠠᠷ  ᠬᠥᠮᠦᠵᠢᠭᠦᠯᠵᠦ᠂ ᠤᠷᠢᠳ ᠢᠶᠠᠷ ᠳᠡᠪᠰᠢᠭᠦᠯᠵᠡᠶ᠃ 2015 ᠣᠨ ᠠᠴᠠ ᠨᠠᠰᠢ᠂ ᠪᠦᠬᠦ ᠬᠤᠰᠢᠭᠤᠨ ᠤ ᠴᠥᠭᠡᠨ  ᠲᠣᠭᠠᠲᠤ ᠦᠨᠳᠦᠰᠦᠲᠡᠨ ᠤ ᠺᠠᠳ᠋ᠷ ᠢ 141 ᠬᠥᠮᠦᠨ ᠤᠳᠠᠭ᠎ᠠ ᠲᠠᠪᠰᠢᠬᠦᠯᠦᠨ ᠬᠡᠷᠡᠭᠯᠡᠵᠦ᠂ ᠴᠥᠭᠡᠨ ᠲᠣᠭᠠᠲᠤ  ᠦᠨᠳᠦᠰᠦᠲᠡᠨ ᠤ ᠬᠥᠮᠦᠨ ᠠᠮᠠ ᠨᠡᠯᠢᠶᠡᠳ ᠣᠯᠠᠨ ᠪᠠᠶᠢᠭ᠎ᠠ 13 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ  ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠺᠠᠳ᠋ᠷ ᠢ 35  ᠳᠣᠭᠢᠷᠠᠭᠤᠯᠵᠤ᠂ ᠦᠨᠳᠦᠰᠦᠲᠡᠨ ᠤ ᠪᠦᠲᠦᠴᠡ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠤᠳᠤᠷᠢᠳᠬᠤ ᠪᠠᠭ ᠪᠠ  ᠺᠠᠳ᠋ᠷ ᠤᠨ ᠡᠩᠨᠡᠭᠡ ᠶᠢ ᠪᠦᠷᠢᠯᠳᠦᠭᠦᠯᠵᠡᠶ᠃  
     ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠᠰᠠ ᠭᠤᠣᠯᠳᠠᠯᠭ᠎ᠠ ᠲᠠᠢ ᠭᠠᠴᠠᠭ᠎ᠠ  ᠲᠣᠰᠬᠤᠨ ᠳᠤ ᠤᠬᠠᠭᠤᠯᠭ᠎ᠠ ᠶᠢᠨ ᠰᠠᠭᠤᠷᠢᠨ ᠭᠠᠵᠠᠷ ᠪᠠᠶᠢᠭᠤᠯᠵᠤ᠂ ᠦᠨᠳᠦᠰᠦᠨ ᠱᠠᠲᠤᠨ ᠤ ᠨᠠᠮ ᠵᠠᠰᠠᠭ ᠤᠨ  ᠺᠠᠳ᠋ᠷ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠡᠷᠬᠢᠯᠡᠬᠦ   ᠶᠢᠨ ᠬᠠᠮᠲᠤ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠠᠵᠢᠯ ᠢ ᠰᠠᠶᠢᠲᠤᠷ ᠬᠢᠬᠦ ᠶᠢ ᠪᠠᠷᠢᠮᠲᠠᠯᠠᠨ᠂ ︽ ᠬᠤᠶᠠᠷ ᠬᠡᠯᠡᠨ︾ ᠤ ᠰᠤᠷᠤᠯᠴᠠᠯᠭ᠎ᠠ ᠶᠢ ᠶᠡᠭᠡ ᠪᠠᠷ ᠰᠠᠨᠠᠭᠠᠴᠢᠯᠠᠪᠠ᠃ ᠵᠢᠯ ᠪᠦᠷᠢ ︽ᠦᠨᠳᠦᠰᠦᠲᠡᠨ ᠤ  ᠪᠦᠯᠬᠦᠮᠳᠡᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠬᠦ ᠶᠢ ᠪᠠᠷᠢᠮᠲᠠᠯᠠᠵᠤ᠂ ᠬᠥᠬᠢᠭᠦᠯᠦᠨ  ᠰᠠᠶᠢᠰᠢᠶᠠᠬᠤ ᠬᠤᠷᠠᠯ ᠢ ᠣᠯᠠᠨᠲᠠ ᠬᠤᠷᠠᠯᠳᠤᠭᠤᠯᠵᠤ᠂ ᠤᠷᠢᠳ ᠬᠤᠵᠢᠳ ᠦᠨᠳᠦᠰᠦᠲᠡᠨ ᠤ ᠪᠦᠯᠬᠦᠮᠳᠡᠯ  ᠲᠠᠪᠰᠢᠯᠳᠠ ᠶᠢᠨ ᠲᠡᠷᠢᠭᠦᠨ ᠤ ᠬᠠᠮᠲᠤ ᠨᠡᠶᠢᠳᠡ 128᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠲᠡᠷᠢᠭᠦᠨ ᠤ ᠬᠤᠪᠢ ᠬᠥᠮᠦᠨ 269 ᠬᠥᠮᠦᠨ ᠢ ᠬᠥᠬᠢᠭᠦᠯᠦᠨ ᠰᠠᠶᠢᠰᠢᠶᠠᠪᠠ᠃          ᠰᠠᠭᠤᠷᠢ ᠪᠠᠨ ᠪᠠᠲᠤᠳᠬᠠᠵᠤ᠂ ᠨᠢᠭᠡ ᠠᠬ᠎ᠠ ᠳᠡᠭᠦᠤ ᠦᠨᠳᠦᠰᠦᠲᠡᠨ ᠢ ᠴᠤ ᠠᠩᠭᠢ ᠠᠴᠠ ᠪᠠᠨ  ᠤᠷᠬᠢᠭᠳᠠᠭᠤᠯᠬᠤ ᠦᠭᠡᠢ            ᠲᠠᠷᠢᠮᠠᠯ ᠤᠨ ᠶᠡᠷᠦᠩᠬᠡᠶ ᠲᠠᠯᠠᠪᠠᠶ ᠶᠢ 150 ᠲᠦᠮᠡᠨ ᠮᠦ ᠣᠷᠴᠢᠮ ᠳᠤ ᠲᠣᠭᠲᠠᠭᠤᠨ ᠪᠠᠶᠢᠯᠭᠠᠵᠤ᠂ ᠠᠮᠤ  ᠪᠤᠳᠠᠭᠠᠨ ᠤ ᠤᠨᠠᠯᠲᠠ 8.8 ᠳ᠋ᠦᠩᠰᠢᠭᠤᠷ ᠵᠢᠩ  ᠳᠤ ᠬᠦᠷᠴᠤ᠂ ᠮᠠᠯ ᠤᠨ ᠲᠤᠭ᠎ᠠ ᠲᠤᠯᠤᠭᠠᠢ 300 ᠭᠠᠷᠤᠶ ᠲᠦᠮᠨ   ᠳᠤ ᠬᠦᠷᠴᠡᠶ︔ ᠪᠦᠬᠦ ᠬᠤᠰᠢᠭᠤᠨ ᠤ ᠴᠡᠪᠡᠷ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ  327 ᠲᠦᠮᠡᠨ ᠺᠢᠯᠣᠸᠠᠲ ᠲᠤ ᠬᠦᠷᠴᠦ᠂ ᠪᠦᠬᠦ ᠬᠤᠲᠠ ᠳᠤ ᠲᠡᠷᠢᠭᠦᠯᠡᠪᠡ︔ ᠤᠷᠠᠳ ᠤᠨ ᠳᠤᠮᠳᠠᠳᠤ  ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠪᠦᠬᠦ ᠤᠯᠤᠰ ᠤᠨ ᠵᠢᠯ ᠤᠨ ᠠᠶᠠᠨᠴᠢᠳ ᠤᠨ  ᠲᠡᠭᠡᠭᠡᠪᠤᠷᠢ ᠶᠢᠨ ᠬᠡᠮᠵᠢᠶ᠎ᠡ 1 ᠲᠦᠮᠡᠨ ᠬᠥᠮᠦᠨ ᠤᠳᠠᠭ᠎ᠠ ᠶᠢ ᠳᠠᠪᠠᠭᠰᠠᠨ ᠠᠩᠬᠠᠳᠠᠭᠴᠢ ᠨᠡᠶᠢᠳᠡᠮ ᠬᠡᠷᠡᠭᠯᠡᠭᠡᠨ ᠤ  ᠨᠢᠰᠬᠡᠯ ᠤᠨ ᠪᠠᠭᠤᠳᠠᠯ ᠪᠣᠯᠵᠤ᠂ ᠪᠥᠬᠦ ᠤᠯᠤᠰ ᠤᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ  ᠬᠥᠭᠵᠢᠯᠲᠡ ᠳᠤ ︽ᠳᠤᠮᠳᠠᠳᠤ ᠬᠤᠰᠢᠭᠤᠨ ᠤ ᠲᠦᠰᠦᠯ︾ ᠢ ᠬᠠᠩᠭᠠᠪᠠ ᠁ 2020 ᠣᠨ ᠤ ᠤᠷᠠᠳ ᠤᠨ  ᠳᠤᠮᠳᠠᠳᠤ ᠬᠤᠰᠢᠭᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠳᠤ ᠪᠥᠬᠦ ᠲᠠᠯ᠎ᠠ ᠶᠢᠨ᠂ ᠣᠯᠠᠨ  ᠬᠠᠷᠠᠭᠠᠰᠤ ᠠᠴᠠ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ  ᠢᠯᠡᠷᠡᠭᠦᠯᠵᠤ᠂ ᠪᠦᠬᠦ ᠬᠤᠰᠢᠭᠤᠨ ᠤ ᠠᠷᠠᠳ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃  ᠥᠨᠥᠳᠦᠷ ᠤᠨ ᠤᠷᠠᠳ ᠤᠨ ᠳᠤᠮᠳᠠᠳᠤ ᠬᠤᠰᠢᠭᠤ ᠨᠢ ᠴᠢᠨᠠᠷ ᠰᠠᠶᠢᠲᠠᠶ ᠳᠠᠪᠠᠯᠲᠠ ᠶᠢᠨ ᠬᠡᠯᠪᠡᠷᠢ ᠶᠢᠨ ᠬᠥᠭᠵᠢᠯᠲᠡ ᠶᠢ  ᠪᠡᠶᠡᠯᠡᠭᠦᠯᠬᠦ ᠵᠠᠩᠭᠢᠯᠠᠭ᠎ᠠ ᠶᠢᠨ ᠱᠠᠲᠤᠨ ᠳᠤ ᠣᠷᠣᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠲᠣᠭᠲᠠᠭᠤᠨ  ᠡᠷᠡᠭᠦᠯ ᠢᠶᠠᠷ ᠬᠥᠭᠵᠢᠬᠦ ᠶᠢ ᠪᠠᠲᠤᠯᠠᠬᠤ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠷᠠᠳ ᠤᠨ ᠬᠦᠰᠡᠯ  ᠪᠣᠯᠤᠭᠰᠠᠨ ᠪᠠᠶᠢᠨ᠎ᠠ᠃    
     ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠥᠭᠵᠢᠯᠲᠡ ᠭᠡᠬᠦ  ᠵᠠᠩᠭᠢᠯᠠᠭ᠎ᠠ ᠶᠢ ᠴᠢᠩᠭ᠎ᠠ ᠠᠳᠬᠤᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠳᠠᠪᠠᠭᠤᠯᠢᠭ  ᠣᠨᠴᠠᠯᠢᠭᠲᠤ ᠠᠵᠤ ᠦᠢᠯᠡᠰ ᠤᠨ ᠢᠨᠵᠧᠨᠧᠷᠢᠩ ᠢᠶᠠᠷ ᠭᠤᠣᠯᠳᠠᠯᠭ᠎ᠠ ᠪᠣᠯᠭᠠᠵᠤ᠂ ᠨᠢᠭᠡᠳᠦᠭᠡᠷ ᠬᠤᠶᠠᠳᠤᠭᠠᠷ  ᠭᠤᠷᠪᠠᠳᠤᠭᠠᠷ ᠠᠵᠤ ᠦᠢᠯᠡᠰ ᠢ ᠵᠡᠷᠭᠡᠪᠡᠷ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ ᠠᠭᠤᠰᠤᠯᠴᠠᠨ ᠬᠥᠭᠵᠢᠬᠦᠯᠪᠡ  ᠃ 2019 ᠣᠨ ᠳᠤ᠂ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 96  ᠳ᠋ᠦᠩᠰᠢᠭᠤᠷ ᠲᠥᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ ᠬᠤᠲᠠ  ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ  ᠡᠵᠡᠮᠳᠡᠵᠦ ᠪᠣᠯᠬᠤ ᠣᠷᠣᠯᠭ᠎ᠠ ᠲᠣᠰᠪᠣᠷᠢ 33550 ᠲᠥᠭᠦᠷᠢᠭ ᠪᠠ 18020 ᠲᠥᠭᠦᠷᠢᠭ ᠲᠤ ᠬᠦᠷᠴᠦ᠂ ᠠᠳᠠᠯᠢ  ᠬᠤᠭᠤᠴᠠᠭᠠᠨ ᠤ ᠬᠢ ᠠᠴᠠ 7% ᠪᠠ 8% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ  ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠪᠦᠬᠦ᠋ᠢᠯᠡ ᠲᠣᠰᠬᠤᠨ ᠢᠶᠠᠷ ᠨᠢ ᠲᠦᠯᠬᠢᠨ ᠠᠬᠢᠭᠤᠯᠬᠤ᠂  ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠬᠥᠳᠡᠭᠡ ᠲᠣᠰᠬᠤᠨ ᠤ ᠲᠣᠤᠷ ᠰᠦᠯᠵᠢᠶ᠎ᠡ ᠶᠢᠨ ᠥᠭᠡᠷᠡᠴᠢᠯᠡᠯᠲᠡ᠂  ᠬᠢᠯᠢ ᠬᠢᠵᠠᠭᠠᠷ ᠤᠨ ᠭᠠᠴᠠᠭ᠎ᠠ ᠳᠤ ᠴᠠᠬᠢᠯᠭᠠᠨ ᠨᠡᠪᠲᠡᠷᠡᠬᠦᠯᠬᠦ ᠵᠡᠷᠭᠡ ᠦᠭᠡᠷᠡᠴᠢᠯᠡᠯᠲᠡ ᠶᠢᠨ ᠦᠷ᠎ᠡ ᠪᠦᠲᠦᠭᠡᠯ ᠨᠢ  ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠮ ᠤᠨ  ᠲᠤᠭ ᠤᠨ ᠳᠣᠣᠷ᠎ᠠ ᠪᠦᠯᠬᠦᠮᠳᠡᠬᠦᠯᠵᠦ᠂ ︽ᠬᠡᠨ ᠴᠦ ᠬᠡᠨ ᠠᠴᠠ ᠪᠠᠨ ᠰᠠᠯᠵᠤ ᠴᠢᠳᠠᠬᠤ ᠦᠭᠡᠢ︾ ᠬᠤᠪᠢ  ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠦᠨ᠂ ︽ᠬᠠᠮᠲᠤ ᠪᠠᠷ ᠪᠦᠯᠬᠦᠮᠳᠡᠨ ᠳᠠᠪᠰᠢᠵᠤ᠂ ᠬᠠᠮᠲᠤ ᠪᠠᠷ  ᠴᠡᠴᠡᠭᠯᠡᠨ ᠬᠥᠭᠵᠢᠬᠦ︾ ᠡᠶ᠎ᠡ ᠨᠠᠶᠢᠷᠠᠮᠳᠠᠭᠤ ᠢᠯᠠᠯᠲᠠ ᠶᠢᠨ ᠳᠠᠭᠤᠤ ᠶᠢ ᠬᠠᠩᠭᠢᠨᠠᠭᠤᠯᠪᠠ᠃            ᠰᠢᠨᠡᠬᠦ᠋ᠷᠢᠶ᠎ᠡ ᠰᠤᠮᠤᠨ ᠤ ᠠᠷᠠᠳ ᠡᠤ ᠸᠧᠨ ᠵᠢᠶᠧ ᠦᠷᠯᠦᠭᠡ ᠡᠷᠳᠡᠯᠡᠨ ᠪᠤᠰᠴᠤ᠂ ᠲᠡᠵᠢᠬᠡᠪᠦᠷᠢ ᠶᠢᠨ  ᠬᠦᠷᠢᠶᠠᠨ ᠳᠤ ᠪᠠᠨ ᠣᠷᠣᠵᠤ ᠲᠠᠵᠢᠭᠡᠵᠤ ᠪᠠᠶᠢᠭ᠎ᠠ ᠬᠠᠷ᠎ᠠ ᠳᠠᠬᠢᠶ᠎ᠠ ᠳᠤ ᠪᠠᠨ ᠪᠤᠷᠳᠤᠭ᠎ᠠ ᠰᠠᠴᠤᠵᠤ ᠦᠭᠬᠦᠨ᠎ᠡ᠃  ᠡᠨᠡ ᠵᠢᠯ 35 ᠨᠠᠰᠤᠲᠠᠶ ᠡᠤ ᠸᠧᠨ ᠵᠢᠶᠧ ᠨᠢᠷᠤᠭᠤᠨ ᠤ ᠪᠤᠯᠴᠢᠩ ᠤᠨ ᠭᠡᠮᠲᠦᠯ ᠳᠤ ᠨᠡᠷᠪᠡᠭᠳᠡᠵᠦ᠂ ᠬᠦᠨᠳᠦ  ᠠᠵᠢᠯ ᠢ ᠬᠢᠵᠦ ᠲᠡᠶᠢᠯᠬᠦ ᠦᠭᠡᠢ ᠪᠤᠯᠵᠤ᠂ ᠭᠡᠷ ᠪᠦᠯᠢ ᠶᠢᠨ ᠣᠷᠣᠯᠭ᠎ᠠ ᠪᠠᠭᠠᠰᠪᠠ᠃ 2016 ᠣᠨ ᠳᠤ᠂ ᠡᠦ ᠸᠧᠨ  ᠵᠢᠶᠧ ᠶᠢᠨ ᠬᠢ ᠶᠢ ᠰᠢᠨᠡᠬᠦ᠋ᠷᠢᠶ᠎ᠡ ᠰᠤᠮᠤᠨ ᠠᠴᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠠᠷ  ᠦᠨᠡᠯᠡᠨ ᠲᠤᠭᠳᠠᠭᠠᠪᠠ᠃ 2018 ᠤᠨ ᠳᠤ᠂ ᠣᠨᠳᠣᠤ ᠭᠠᠵᠠᠷ ᠨᠡᠬᠦᠯᠬᠡᠬᠦ ᠲᠥᠷᠥᠯ ᠵᠦᠢᠯ ᠢᠶᠠᠷ ᠳᠠᠮᠵᠢᠨ᠂ ᠡᠤ  ᠸᠧᠨ ᠵᠢᠶᠧ ᠭᠡᠷ ᠢᠶᠠᠷ ᠢᠶᠠᠨ ᠰᠢᠨ᠎ᠡ ᠣᠷᠣᠨ ᠰᠠᠭᠤᠴᠠ ᠳᠤ ᠨᠡᠭᠦᠨ ᠣᠷᠣᠵᠤ᠂ ᠰᠤᠮᠤᠨ ᠠᠴᠠ ᠲᠡᠭᠦᠨ ᠤ ᠭᠡᠷ ᠲᠤ  ᠡᠮ᠎ᠡ ᠬᠤᠨᠢ ᠬᠤᠳᠠᠯᠳᠤᠨ ᠠᠪᠴᠤ ᠥᠭᠴᠡᠶ᠃ ᠨᠢᠳᠤᠨᠤᠨ ᠵᠥᠪᠬᠡᠨ ᠬᠤᠨᠢ ᠬᠤᠳᠠᠯᠳᠤᠭᠠᠳ ᠲᠦᠮᠡᠨ ᠲᠥᠭᠦᠷᠢᠭ   ᠤᠨ ᠤᠷᠤᠯᠭ᠎ᠠ ᠨᠡᠮᠡᠭᠳᠡᠭᠰᠡᠨ ᠪᠠᠶᠢᠨ᠎ᠠ᠃ ᠲᠣᠭᠲᠠᠭᠤᠨ ᠣᠷᠣᠯᠭ᠎ᠠ ᠲᠠᠢ ᠪᠣᠯᠤᠭᠰᠠᠨ ᠤ ᠳᠠᠷᠠᠭ᠎ᠠ᠂ ᠡᠦ ᠸᠧᠨ  ᠵᠢᠶᠧ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ ᠢᠲᠡᠭᠡᠯ ᠵᠣᠷᠢᠭ ᠤᠯᠠᠮ ᠲᠡᠭᠦᠯᠳᠡᠷ ᠪᠤᠯᠵᠤ᠂ 2019 ᠣᠨ ᠤ 9  ᠰᠠᠷ᠎ᠠ ᠶᠢᠨ ᠰᠡᠭᠦᠯᠴᠢ ᠪᠠᠷ᠂ ᠲᠡᠷᠡ ᠶᠠᠳᠠᠭᠤ ᠶᠢ ᠲᠡᠳᠬᠦᠬᠦ ᠳᠠᠮ ᠬᠦᠦ ᠲᠠᠢ ᠵᠢᠭᠡᠯᠡᠯᠭᠡ 30000 ᠲᠥᠭᠦᠷᠢᠭ  ᠣᠯᠵᠤ᠂ 1000 ᠴᠤᠷᠪᠠᠭ᠎ᠠ ᠬᠤᠳᠠᠯᠳᠤᠨ ᠠᠪᠴᠤ᠂ ᠬᠠᠷ᠎ᠠ ᠳᠠᠬᠢᠶ᠎ᠠ ᠲᠡᠵᠢᠭᠡᠪᠡ᠃ ᠤᠶᠢᠷ᠎ᠠ ᠶᠢᠨ  ᠬᠤᠭᠤᠴᠠᠭᠠᠨ ᠳᠤ᠂  ᠲᠡᠬᠦᠨ ᠤ ᠲᠡᠵᠢᠭᠡᠭᠰᠡᠨ ᠬᠠᠷ᠎ᠠ ᠳᠠᠬᠢᠶ᠎ᠠ ᠨᠢ ᠥᠨᠳᠡᠭᠡᠯᠡᠬᠦ  ᠪᠤᠯᠵᠤ᠂ ᠡᠳᠦᠷ ᠪᠦᠷᠢ ᠶᠢᠨ  ᠥᠨᠳᠡᠭᠡᠯᠡᠬᠦ ᠬᠡᠮᠵᠢᠶ᠎ᠡ ᠲᠣᠭᠲᠠᠭᠤᠨ ᠢᠶᠠᠷ ᠨᠡᠮᠡᠭᠳᠡᠨ᠂ ᠲᠡᠳᠡᠨ ᠤ ᠣᠷᠣᠯᠭ᠎ᠠ ᠴᠤ ᠡᠳᠦᠷ ᠠᠴᠠ ᠡᠳᠦᠷ ᠨᠡᠮᠡᠭᠳᠡᠵᠦ  ᠪᠠᠶᠢᠨ᠎ᠠ᠃ ︽ᠴᠠᠭᠠᠨ ᠰᠠᠷ᠎ᠠ  ᠠᠴᠠ ᠨᠠᠰᠢ ᠣᠳᠣ ᠪᠣᠯᠲᠠᠯ᠎ᠠ᠂ ᠪᠢ ᠲᠠᠬᠢᠶᠠᠨ ᠥᠨᠳᠡᠭᠡ ᠪᠠᠨ 20000 ᠢᠯᠡᠭᠦᠦ  ᠬᠤᠳᠠᠯᠳᠤᠵᠠᠢ᠂ ᠦᠨᠳᠡᠭᠡ ᠪᠦᠷᠢ ᠶᠢ ᠨᠢᠭᠡ ᠲᠥᠭᠦᠷᠢᠭ ᠢᠶᠠᠷ ᠬᠤᠳᠠᠯᠳᠤᠵᠤ᠂ ᠣᠷᠣᠯᠭ᠎ᠠ ᠬᠤᠶᠠᠷ ᠲᠦᠮᠡ ᠭᠠᠷᠤᠶ  ᠲᠥᠭᠦᠷᠢᠭ ᠲᠤ ᠬᠦᠷᠦᠭᠰᠡᠨ ᠰᠢᠤ︾ ᠬᠡᠵᠤ ᠦ᠋ ᠸᠧᠨ ᠵᠢᠶᠧ ᠰᠤᠷᠪᠤᠯᠵᠢᠯᠠᠭᠴᠢ ᠳᠤ ᠬᠡᠯᠡᠪᠡ᠃            ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ ᠠᠴᠠ ᠨᠠᠰᠢ᠂ ᠤᠷᠠᠳ   ᠤᠨ ᠳᠤᠮᠳᠠᠳᠤ ᠬᠤᠰᠢᠭᠤ ᠨᠡᠶᠢᠲᠡ 1.59 ᠳ᠋ᠦᠩᠰᠢᠭᠤᠷ ᠲᠥᠭᠦᠷᠢᠭ ᠤᠨ ᠡᠳ᠋ ᠤᠨ ᠵᠠᠰᠠᠭ ᠤᠨ ᠶᠠᠳᠠᠭᠤ ᠶᠢ  ᠲᠡᠳᠬᠦᠬᠦ ᠪᠡᠯᠡ ᠮᠥᠩᠭᠦ ᠣᠷᠣᠭᠤᠯᠵᠤ᠂ 7654 ᠲᠦᠮᠡᠨ ᠲᠥᠭᠦᠷᠢᠭ ᠤᠨ ᠮᠠᠯ ᠠᠵᠤ ᠠᠬᠤᠢ ᠲᠠᠷᠢᠶᠠᠯᠠᠩ ᠳᠤ  ᠬᠤᠯᠪᠣᠭᠳᠠᠭᠰᠠᠨ ᠡᠳ᠋ ᠤᠨ ᠵᠠᠰᠠᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠬᠤᠰᠢᠭᠤᠨ ᠤ ᠡᠳ᠋ ᠤᠨ  ᠵᠠᠰᠠᠭ ᠠᠴᠠ ᠵᠢᠯ ᠪᠦᠷᠢ 550 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠲᠤᠬᠢᠷᠠᠭᠤᠯᠤᠨ ᠪᠦᠬᠦ  ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠡᠷᠡᠭᠯᠡᠭᠰᠡᠨ ᠪᠠᠶᠢᠨ᠎ᠠ᠃ ᠪᠦᠬᠦ  ᠬᠤᠰᠢᠭᠤ ᠪᠠᠷ ᠢᠶᠠᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠩᠬᠠᠷᠴᠤ᠂  ︽ᠶᠠᠳᠠᠭᠤ ᠶᠢ ᠲᠡᠳᠬᠦᠬᠦ ᠠᠷᠪᠠᠨ ᠶᠡᠭᠡ ᠠᠵᠤ ᠦᠢᠯᠡᠰ ᠤᠨ ᠭᠡᠯᠬᠢᠶᠡᠵᠢᠯ︾  ᠢ ᠪᠠᠶᠢᠭᠤᠯᠬᠤ ᠪᠠᠷ ᠳᠤᠷᠠᠳᠴᠤ᠂  ᠶᠠᠳᠠᠭᠤ ᠬᠦᠴᠢᠷᠳᠡᠯᠲᠡᠶ ᠬᠥᠮᠦᠨ ᠠᠮᠠ ᠲᠠᠢ 61 ᠭᠠᠴᠠᠭ᠎ᠠ ᠲᠣᠰᠬᠤᠨ ᠳᠤ ᠲᠠᠷᠢᠮᠠᠯ ᠤᠨ  ᠦᠢᠯᠡᠰ᠂ ᠲᠡᠵᠢᠭᠡᠨ  ᠦᠷᠡᠵᠢᠬᠦᠯᠬᠦ ᠦᠢᠯᠡᠰ᠂ ᠣᠶ ᠰᠢᠭᠤᠶ ᠵᠢᠮᠢᠰ ᠤᠨ ᠦᠢᠯᠡᠰ᠂ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ᠂ ᠭᠡᠷᠡᠯ   ᠤᠨ ᠢᠯᠴᠢ᠂ ᠡᠯᠧᠺᠲᠷᠣᠨ ᠬᠤᠳᠠᠯᠳᠤᠭ᠎ᠠ᠂ ᠡᠳ᠋ ᠬᠥᠷᠥᠩᠭᠡ ᠶᠢᠨ ᠠᠰᠢᠭ ᠣᠷᠣᠯᠭ᠎ᠠ ᠵᠡᠷᠭᠡ ᠠᠵᠤ ᠦᠢᠯᠡᠰ ᠢᠶᠠᠷ  ᠶᠠᠳᠠᠭᠤ ᠶᠢ ᠲᠡᠳᠬᠦᠬᠦ 201 ᠲᠥᠷᠥᠯ ᠵᠦᠢᠯ ᠢ ᠬᠡᠷᠡᠭᠵᠢᠭᠦᠯᠦᠨ᠂ ᠠᠵᠤ ᠦᠶᠯᠡᠰᠵᠢᠭᠰᠡᠨ ᠶᠠᠳᠠᠭᠤ ᠶᠢ ᠲᠡᠳᠬᠦᠬᠦ  ᠲᠤᠯᠤᠭᠠᠶᠢᠯᠠᠭᠴᠢ ᠠᠵᠤ ᠠᠬᠤᠶᠢᠯᠠᠯ᠂ ᠮᠠᠯ ᠠᠵᠤ ᠠᠬᠤᠢ ᠲᠠᠷᠢᠶᠠᠯᠠᠩ ᠳᠤ ᠬᠤᠯᠪᠣᠭᠳᠠᠭᠰᠠᠨ 10 ᠲᠤᠰᠬᠠᠶ  ᠬᠤᠷᠰᠢᠶᠠᠵᠢᠯ ᠢ ᠲᠡᠳᠬᠦᠵᠦ᠂ 12 ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠪᠤᠶᠢᠵᠢᠭᠤᠯᠤᠨ  ᠭᠦᠭᠵᠢᠬᠦᠯᠪᠡ᠃ 2018 ᠣᠨ ᠤ 7 ᠰᠠᠷ᠎ᠠ ᠳᠤ᠂ ᠣᠷᠣᠨ ᠤ ᠶᠠᠳᠠᠭᠤ ᠬᠦᠴᠢᠷᠳᠡᠯᠲᠡᠢ ᠬᠤᠰᠢᠭᠤ ᠶᠢᠨ ︽ ᠮᠠᠯᠠᠭᠠᠢ ᠪᠠᠨ ᠠᠪᠴᠤ ᠬᠠᠶᠠᠪᠠ︾᠃ 2018 ᠣᠨ ᠤ ᠡᠴᠦᠰ ᠲᠤ᠂ 2042 ᠶᠠᠳᠠᠭᠤ ᠬᠦᠴᠢᠷᠳᠡᠯᠲᠡᠶ ᠡᠷᠦᠬᠡ   ᠶᠢᠨ 4688 ᠬᠦᠮᠦᠨ ᠨᠢ ᠴᠥᠮ ᠠᠵᠤ ᠠᠬᠤᠶ ᠶᠢᠨ ᠲᠠᠯ᠎ᠠ ᠪᠠᠷ ᠬᠢ ᠶᠠᠳᠠᠭᠤ ᠬᠦᠴᠢᠷᠳᠡᠯ ᠠᠴᠠ ᠠᠩᠭᠢᠵᠢᠷᠠᠵᠤ᠂  ᠶᠠᠳᠠᠭᠤᠷᠠᠯ ᠤᠨ ᠨᠣᠷᠮ᠎ᠠ ᠲᠡᠭ ᠪᠣᠯᠤᠭᠰᠠᠨ ᠪᠠᠶᠢᠨ᠎ᠠ᠃ ᠰᠢᠬ᠎ᠠ ᠭᠤᠤᠯ ᠪᠠᠯᠭᠠᠰᠤ᠂ ᠤᠩᠭᠤᠨ ᠪᠠᠯᠭᠠᠰᠤ᠂   ᠰᠢᠨᠡᠬᠦ᠋ᠷᠢᠶ᠎ᠡ ᠰᠤᠮᠤ ᠵᠡᠷᠭᠡ ᠭᠠᠵᠠᠷ ᠣᠷᠣᠨ ᠤ ᠣᠯᠠᠨ ᠲᠦᠮᠡᠨ   ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ  ᠳᠠᠪᠠᠯᠲᠠ ᠶᠢᠨ ᠴᠢᠨᠠᠷᠲᠠᠶ ᠬᠤᠪᠢᠷᠠᠯᠲᠠ ᠭᠠᠷᠪᠠ᠃  
     ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠨᠢᠭᠡ  ᠦᠨᠳᠦᠰᠦᠲᠡᠨ ᠢ ᠴᠤ ᠠᠩᠬᠢ ᠠᠴᠠ ᠪᠠᠨ ᠤᠷᠬᠢᠭᠳᠠᠭᠤᠯᠬᠤ ᠦᠭᠡᠢ᠂ ᠡᠨᠡ ᠪᠣᠯ ᠤᠷᠠᠳ ᠤᠨ ᠳᠤᠮᠳᠠᠳᠤ  ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠳᠠ ᠶᠢᠨ  ᠪᠢᠴᠢᠭ ᠳᠤᠮᠳᠠ ᠪᠢᠴᠢᠭᠯᠡᠭᠰᠡᠨ ᠬᠠᠮᠤᠭ ᠤᠨ ᠰᠠᠶᠢᠬᠠᠨ ᠵᠢᠷᠤᠭ ᠲᠦᠯᠤᠪᠯᠡᠭᠡ ᠪᠣᠯᠤᠨ᠎ᠠ᠃           ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩ ᠰᠡᠳᠬᠢᠯ ᠠᠴᠠ ᠪᠠᠨ  ᠲᠦᠯᠬᠢᠨ ᠠᠬᠢᠭᠤᠯᠪᠠ            ᠤᠪᠤᠭ᠎ᠠ ᠲᠠᠭᠢᠬᠤ᠂ ᠲᠦᠳᠡᠭ ᠭᠠᠯ ᠨᠣᠴᠣᠭᠠᠬᠤ᠂ ᠬᠠᠴᠢᠨ ᠴᠢᠯᠠᠭᠤ ᠰᠣᠨᠢᠷᠬᠠᠬᠤ᠂ ᠠᠮᠲᠠᠲᠤ ᠢᠳᠡᠭᠡᠨ  ᠵᠤᠭᠤᠭᠯᠠᠬᠤ᠂ ᠵᠠᠭᠤᠨ ᠠᠶᠢᠯ ᠤᠨ ᠤᠨᠴᠠᠯᠢᠭᠳᠤ ᠬᠤᠭᠤᠯᠠ ᠶᠢᠨ ᠨᠠᠶᠢᠷ ᠁ ᠵᠢᠯ ᠪᠦᠷᠢ ᠶᠢᠨ 6 ᠰᠠᠷ᠎ᠠ ᠶᠢᠨ  ᠳᠤᠮᠳᠠᠴᠢ ᠪᠠᠷ ᠤᠷᠠᠳ ᠤᠨ ᠳᠤᠮᠳᠠᠳᠤ ᠬᠤᠰᠢᠭᠤᠨ ᠳᠤ ᠳᠠᠭᠤᠤ ᠬᠥᠭᠵᠢᠮ ᠲᠠᠭᠤᠷᠢᠰᠴᠤ᠂ ᠨᠠᠶᠢᠷ ᠨᠠᠭᠠᠳᠤᠮ  ᠡᠬᠢᠯᠡᠨ᠂ ᠪᠠᠶᠠᠷ ᠴᠡᠩᠭᠡᠯᠳᠤ ᠰᠠᠶᠢᠬᠠᠨ ᠤᠯᠠᠷᠢᠯ ᠪᠤᠯᠳᠠᠭ᠃ ᠤᠷᠠᠳ ᠤᠨ ᠳᠤᠮᠳᠠᠳᠤ ᠬᠤᠰᠢᠭᠤᠨ ᠤ ︽ᠲᠠᠯ᠎ᠠ  ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠵᠢᠴᠢ ︿ᠬᠤᠨ ᠭᠠᠯᠠᠭᠤ﹀ ᠰᠣᠶᠣᠯ ᠤᠷᠠᠯᠢᠭ ᠤᠨ ᠨᠠᠶᠢᠷ︾  ᠪᠣᠯ ᠮᠣᠩᠭᠤᠯ ᠦᠨᠳᠦᠰᠦᠲᠡᠨ ᠤ ᠴᠢᠬᠤᠯᠠ ᠪᠠᠶᠠᠷ ᠤᠨ ᠡᠳᠦᠷ ᠪᠣᠯᠬᠤ ᠪᠥᠭᠡᠳ ᠪᠠᠰᠠ ᠴᠤ ᠬᠢᠲᠠᠳ ᠦᠨᠳᠦᠰᠦᠲᠡᠨ᠂ ᠬᠤᠲᠣᠩ ᠦᠨᠳᠦᠰᠦᠲᠡᠨ ᠵᠡᠷᠭᠡ ᠦᠨᠳᠦᠰᠦᠲᠡᠨ ᠤ ᠴᠢᠬᠤᠯᠠ ᠪᠠᠶᠠᠷ ᠤᠨ ᠡᠳᠦᠷ ᠪᠣᠯᠤᠨ᠎ᠠ᠂ ᠤᠷᠠᠳ ᠤᠨ  ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠦᠪᠡᠳᠡᠭᠰᠢ ᠴᠤᠭᠯᠠᠭᠠᠨ ᠪᠣᠯᠬᠤ ᠪᠥᠭᠡᠳ ᠪᠠᠰᠠ ᠴᠤ  ᠦᠨᠳᠦᠰᠦᠲᠡᠨ ᠨᠦᠭᠦᠳ ᠤᠨ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ ᠤᠨ ᠶᠡᠭᠡ ᠨᠠᠶᠢᠷ ᠪᠣᠯᠤᠨ᠎ᠠ᠃ 2003  ᠣᠨ ᠠᠴᠠ ᠡᠬᠢᠯᠡᠨ ᠤᠷᠠᠳ ᠤᠨ ᠳᠤᠮᠳᠠᠳᠤ ᠬᠤᠰᠢᠭᠤ ᠵᠢᠯ ᠪᠦᠷᠢ ᠶᠢᠨ 6 ᠰᠠᠷ᠎ᠠ ᠠᠴᠠ 8 ᠰᠠᠷ᠎ᠠ ᠶᠢᠨ  ᠬᠤᠭᠤᠴᠠᠭᠠᠨ ᠳᠤ ᠴᠥᠮ ᠠᠭᠤᠳᠠᠮ ᠲᠠᠯᠠᠪᠠᠢ ᠶᠢᠨ ᠰᠣᠶᠣᠯ ᠤᠨ ᠰᠢᠷᠢᠰ ᠠᠵᠢᠯᠯᠠᠭ᠎ᠠ ᠪᠠᠨ ᠬᠥᠷ ᠬᠥᠭᠵᠢᠶᠡᠨ ᠲᠠᠢ  ᠥᠷᠨᠢᠭᠦᠯᠳᠡᠭ᠃ ᠠᠵᠢᠯᠯᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠬᠦ ᠶᠢᠨ ᠲᠥᠯᠥᠭᠡ᠂ ᠲᠤᠰ  ᠬᠤᠰᠢᠭᠤ ᠨᠢᠭᠡᠨᠲᠡ ᠨᠠᠢᠮᠠᠨ ᠬᠤᠭᠤᠴᠠᠭᠠᠨ ᠤ ︽ᠬᠤᠨ ᠭᠠᠯᠠᠭᠤ︾ ᠰᠣᠶᠣᠯ ᠤᠷᠠᠯᠢᠭ ᠤᠨ ᠨᠠᠶᠢᠷ ᠢ ᠵᠠᠯᠭᠠᠭ᠎ᠠ ᠪᠠᠷ  ᠡᠷᠬᠢᠯᠡᠵᠦ᠂ ᠤᠷᠠᠳ ᠰᠣᠶᠣᠯ ᠢ ᠪᠦᠬᠦ ᠬᠤᠲᠠ ᠴᠢᠨᠠᠭᠰᠢᠯᠠᠪᠠᠯ ᠪᠦᠬᠦ ᠥᠪᠡᠷᠲᠡᠭᠡᠨ ᠵᠠᠰᠠᠬᠤ ᠣᠷᠣᠨ ᠤ ᠴᠢᠬᠤᠯᠠ  ᠰᠣᠶᠣᠯ ᠤᠨ ᠲᠦᠷᠦᠯ ᠲᠡᠮᠳᠡᠭ ᠪᠣᠯᠭᠠᠭᠰᠠᠨ ᠪᠠᠶᠢᠨ᠎ᠠ᠃ ᠦᠨᠳᠦᠰᠦᠲᠡᠨ ᠤ ᠣᠨᠴᠠᠯᠢᠭᠲᠤ ᠰᠣᠶᠣᠯ ᠢ ᠬᠠᠮᠠᠭᠠᠯᠠᠨ  ᠤᠯᠠᠮᠵᠢᠯᠠᠬᠤ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤ ᠨᠢ ᠤᠷᠠᠳ  ᠬᠤᠪᠴᠠᠰᠤ ᠵᠠᠰᠠᠯ᠂ ᠦᠨᠳᠦᠰᠦᠲᠡᠨ ᠤ ᠭᠠᠷ ᠤᠷᠠᠯᠠᠯ᠂ ᠦᠨᠳᠦᠰᠦᠲᠡᠨ ᠤ ᠡᠮ ᠡᠮᠨᠡᠯᠭᠡ ᠶᠢᠨ ᠬᠥᠭᠵᠢᠯᠲᠡ ᠶᠢ  ᠢᠳᠡᠪᠬᠢᠲᠡᠢ ᠲᠡᠳᠬᠦᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠪᠠ᠃ ᠣᠳᠣᠬᠠᠨ ᠳᠤ᠂  ᠤᠷᠠᠳ ᠤᠨ ᠠᠷᠠᠳ ᠤᠨ ᠳᠠᠭᠤᠤ ᠨᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ  ᠬᠠᠮᠠᠭᠠᠯᠠᠯᠳᠠ ᠶᠢᠨ ᠲᠥᠷᠥᠯ ᠵᠦᠢᠯ ᠪᠣᠯᠵᠣ᠂ ᠤᠷᠠᠳ ᠤᠨ ᠤᠯᠠᠮᠵᠢᠯᠠᠯᠲᠤ ᠬᠤᠷᠢᠮ ᠤᠨ ᠶᠣᠰᠣᠯᠠᠯ᠂ ᠤᠷᠠᠳ ᠤᠨ  ᠭᠠᠤᠯᠢᠨ ᠡᠳ᠋ᠯᠡᠯ ᠭᠡᠷᠡᠭᠰᠡᠯ ᠮᠦᠩᠬᠦᠨ ᠡᠳ᠋ᠯᠡᠯ ᠭᠡᠷᠡᠭᠰᠡᠯ ᠦᠢᠯᠡᠳᠬᠦ ᠤᠷᠠᠯᠠᠯ ᠵᠡᠷᠭᠡ ᠦᠨᠳᠦᠰᠦᠲᠡᠨ ᠤ ᠤᠯᠠᠮᠵᠢᠯᠠᠯᠲᠤ  ᠰᠣᠶᠣᠯ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ  ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃ ᠤᠷᠠᠳ ᠬᠤᠪᠴᠠᠰᠤ ᠵᠠᠰᠠᠯ ᠨᠢ ᠳᠤᠮᠳᠠᠳᠤ ᠤᠯᠤᠰ ᠤᠨ  ᠣᠯᠠᠨ ᠤᠯᠤᠰ ᠤᠨ ᠬᠤᠪᠴᠠᠰᠤ ᠵᠠᠰᠠᠯ ᠤᠨ ᠭᠠᠷᠠᠭ ᠳᠡᠭᠡᠷ᠎ᠡ ᠲᠡᠯᠡᠬᠡᠢ ᠶᠢᠨ ᠬᠠᠷᠠᠭᠠᠨ ᠳᠤ ᠲᠤᠳᠤᠷᠠᠵᠤ᠂ ᠭᠤᠷᠪᠠᠨ  ᠵᠢᠯ ᠳᠠᠷᠠᠭᠠᠯᠠᠨ ᠪᠥᠬᠦ ᠣᠷᠣᠨ ᠤ ᠬᠤᠪᠴᠠᠰᠤ ᠵᠠᠰᠠᠯ ᠤᠨ ᠤᠷᠤᠯᠳᠤᠭᠠᠨ ᠦᠵᠡᠬᠦᠯᠦᠯᠭᠡ ᠳᠤ ᠠᠯᠲᠠᠨ ᠮᠧᠳᠠᠯ  ᠲᠤᠰᠪᠠ᠃ ᠲᠣᠮᠣ ᠬᠡᠯᠪᠡᠷᠢ ᠶᠢᠨ ᠦᠨᠳᠦᠰᠦᠲᠡᠨ ᠤ ᠳᠠᠭᠤᠤ ᠪᠥᠵᠢᠭ ᠤᠨ ᠵᠦᠴᠦᠭᠡ ︽ᠬᠤᠨ ᠭᠠᠯᠠᠭᠤ︾ ᠨᠢ  ᠤᠷᠠᠳ ᠨᠤᠲᠤᠭ ᠤᠨ ᠭᠡᠷᠡᠯ ᠰᠠᠴᠤᠷᠠᠩᠭᠤᠶ ᠰᠣᠶᠣᠯ ᠢ ᠠᠯᠳᠠᠷᠰᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ  ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠤᠷᠠᠳ ᠤᠨ  ᠳᠤᠮᠳᠠᠳᠤ ᠬᠤᠰᠢᠭᠤ ᠨᠢ ᠤᠷᠢᠳ ᠬᠤᠵᠢᠳ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ  ︾᠂ ︽ᠥᠪᠥᠷ ᠮᠣᠩᠭᠤᠯ ᠤᠨ ᠬᠤᠨ ᠭᠠᠯᠠᠭᠤᠨ ᠰᠣᠶᠣᠯ ᠤᠨ ᠦᠯᠦᠭᠡᠢ︾᠂ ︽ᠮᠣᠩᠭᠤᠯ ᠷᠣᠮᠠᠨ ᠤ ᠦᠯᠦᠭᠡᠢ︾᠂  ︽ᠭᠤᠪᠢ ᠶᠢᠨ ᠬᠠᠴᠢᠨ ᠴᠢᠯᠠᠭᠤᠨ ᠤ ᠨᠤᠲᠤᠭ︾᠂ ︽ᠠᠷᠠᠳ ᠤᠨ ᠳᠠᠭᠤᠤ ᠶᠢᠨ ᠨᠤᠲᠤᠭ︾᠂ ︽ᠤᠷᠠᠳ  ᠮᠤᠩᠭᠤᠯᠴᠤᠳ ᠤᠨ ᠠᠷᠠᠳ ᠤᠨ ᠵᠠᠩ ᠦᠢᠯᠡ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ︾ ᠵᠡᠷᠭᠡ  ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃
     ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠭᠠᠵᠠᠷ ᠪᠣᠯᠭᠠᠨ ᠳᠤ ᠳᠡᠯᠭᠡᠷᠡᠵᠦ᠂ ᠨᠡᠶᠢᠭᠡᠮ ᠤᠨ  ᠲᠠᠪᠰᠢᠯᠳᠠ ᠶᠢᠨ ᠦᠷ᠎ᠡ ᠪᠦᠲᠦᠭᠡᠯ ᠡᠯᠪᠡᠭ ᠠᠮᠵᠢᠯᠳᠠ ᠤᠯᠤᠯ᠎ᠠ᠃ 2000 ᠣᠨ ᠠᠴᠠ ᠨᠠᠰᠢ᠂ ᠤᠷᠠᠳ ᠤᠨ  ᠳᠤᠮᠳᠠᠳᠤ ᠬᠤᠰᠢᠭᠤᠨ ᠤ 1 ᠬᠠᠮᠲᠤ ᠨᠡᠶᠢᠲᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠᠷ ᠦᠨᠡᠯᠡᠵᠦ᠂ 8 ᠬᠠᠮᠲᠤ ᠨᠡᠶᠢᠳᠡ   ᠶᠢ ᠥᠪᠡᠷᠲᠡᠭᠡᠨ ᠵᠠᠰᠠᠬᠤ ᠣᠷᠣᠨ ᠠᠴᠠ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ  ᠬᠠᠮᠲᠤ ᠨᠡᠶᠢᠳᠡ ᠪᠠᠷ ᠦᠨᠡᠯᠡᠵᠤ᠂ 9 ᠬᠤᠪᠢ ᠬᠥᠮᠦᠨ ᠢ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢᠶᠠᠷ ᠦᠨᠡᠯᠡᠪᠡ᠃ 2016 ᠣᠨ᠂  2017 ᠣᠨ᠂ 2018 ᠣᠨ ᠳᠤ ᠤᠷᠠᠳ ᠤᠨ ᠳᠤᠮᠳᠠᠳᠤ ᠬᠤᠰᠢᠭᠤᠨ ᠤ ᠪᠠᠶᠠᠨ ᠵᠠᠮ ᠨᠡᠶᠢᠭᠡᠮ ᠲᠣᠭᠤᠷᠢᠭ᠂  ᠤᠷᠠᠳ ᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠤᠷᠠᠳ ᠤᠨ  ᠳᠤᠮᠳᠠᠳᠤ ᠬᠤᠰᠢᠭᠤᠨ ᠤ ᠬᠠᠯᠢᠭᠤᠲᠤ ᠪᠠᠯᠭᠠᠰᠤᠨ ᠤ ᠨᠠᠮ ᠤᠨ ᠬᠤᠷᠢᠶᠠᠨ ᠤ ᠵᠠᠰᠠᠭ ᠤᠨ ᠣᠷᠳᠣᠨ ᠨᠢ ᠲᠤᠰ ᠲᠤᠰ  ᠥᠪᠡᠷᠲᠡᠭᠡᠨ ᠵᠠᠰᠠᠬᠤ ᠣᠷᠣᠨ ᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ  ᠨᠢᠭᠡᠴᠢ ᠪᠠᠷ ᠦᠨᠡᠯᠡᠭᠳᠡᠪᠡ᠃            ᠭᠠᠷ ᠭᠠᠷ ᠢᠶᠠᠨ ᠬᠤᠯᠪᠣᠨ ᠬᠠᠮᠲᠤ ᠪᠠᠷ ᠲᠡᠮᠡᠴᠡᠵᠦ᠂ ᠮᠥᠷᠥ ᠵᠡᠷᠭᠡᠴᠡᠨ ᠤᠷᠤᠭᠰᠢᠯᠠᠵᠤ ᠬᠦᠰᠡᠯ ᠵᠡᠭᠦᠳᠦ ᠪᠠᠨ  ᠲᠡᠷᠭᠡᠯᠰᠢᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠤᠷᠠᠳ ᠤᠨ ᠲᠠᠯ᠎ᠠ ᠨᠤᠲᠤᠭ ᠤᠨ 14.68 ᠲᠦᠮᠡᠨ  ᠦᠨᠳᠦᠰᠦᠲᠡᠨ ᠨᠦᠭᠦᠳ ᠤᠨ ᠬᠥᠪᠡᠭᠦᠳ ᠥᠬᠢᠳ ᠳᠤᠮᠳᠠᠳᠤ ᠶᠢᠨ ᠵᠡᠬᠦᠳᠤ ᠶᠢ ᠬᠠᠮᠲᠤ ᠪᠠᠷ ᠲᠡᠷᠭᠡᠯᠰᠢᠭᠦᠯᠬᠦ ᠪᠠᠷ  ᠮᠡᠷᠡᠶᠢᠵᠤ᠂ ᠪᠦᠯᠬᠦᠮᠳᠡᠯ ᠤᠨ ᠴᠡᠴᠡᠭᠡᠰ ᠮᠢᠷᠠᠯᠵᠠᠨ ᠳᠡᠯᠭᠡᠷᠡᠨ᠎ᠡ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ