ᠴᠠᠩ ᡁᠢ ᠭᠠᠩ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/7/7
     7 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠤ ᠮᠠᠨ ᠤ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ  ᠡᠵᠡᠮᠳᠡᠬᠦ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠣᠤ ᠪᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠨᠠᠷᠢᠨ ᠪᠢᠴᠢᠭ ᠤᠨ ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠥᠩ ᠽᠧᠩ᠂ ᠳᠡᠳ᠋ ᠬᠤᠲᠠ ᠶᠢᠨ  ᠳᠠᠷᠤᠭ᠎ᠠ ᠳᠠᠶᠢᠴᠢᠨᠭᠡᠷᠡᠯ ᠵᠢᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠲᠠ ᠳᠤ ᠬᠤᠯᠤᠭᠠᠨ᠎ᠠ ᠶᠢᠨ ᠬᠢᠵᠢᠭ ᠡᠭᠦᠰᠦᠭᠰᠡᠨ ᠤ ᠳᠠᠷᠠᠭ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠨᠡᠶᠢᠲᠡ ᠪᠠᠷ ᠢᠶᠠᠨ ᠳᠡᠭᠡᠳᠦ ᠬᠡᠮᠵᠢᠶ᠎ᠡ ᠪᠠᠷ ᠠᠩᠬᠠᠷᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ  ᠠᠵᠢᠯ ᠢ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ  ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠵᠤ᠂ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠪᠦᠬᠦ ᠲᠠᠯ᠎ᠠ ᠪᠠᠷ ᠬᠠᠮᠢᠶᠠᠷᠤᠨ ᠡᠵᠡᠮᠳᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ ᠂ ᠶᠠᠭᠠᠬᠢᠭᠰᠠᠨ ᠴᠤ ᠭᠤᠷᠢᠳᠠᠬᠤ ᠪᠣᠳᠣᠯ ᠪᠠᠶᠢᠵᠤ ᠪᠣᠯᠬᠤ ᠦᠭᠡᠢ᠂ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠡᠪᠡᠳᠴᠢᠨ ᠡᠮᠭᠡᠭ ᠢ ᠪᠦᠬᠦ ᠬᠦᠴᠦ ᠪᠠᠷ ᠢᠶᠠᠨ ᠠᠪᠤᠷᠠᠨ ᠵᠠᠰᠠᠬᠤ ᠬᠡᠷᠡᠭᠲᠡᠶ᠂ ᠨᠢᠭᠲᠠ ᠣᠶᠢᠷᠠᠲᠤᠭᠰᠠᠳ ᠲᠤ ᠭᠡᠷ ᠲᠡᠭᠡᠨ ᠰᠠᠭᠤᠵᠤ ᠲᠤᠰᠠᠭᠠᠷᠯᠠᠬᠤ ᠪᠤᠶᠤ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠢᠵᠢᠭᠲᠦ ᠣᠷᠣᠨ ᠤ ᠪᠣᠢ ᠪᠦᠬᠦᠢ ᠣᠷᠣᠵᠤ ᠭᠠᠷᠬᠤ ᠭᠠᠵᠠᠷ ᠲᠤ  ᠬᠤᠷᠢᠭ᠎ᠠ ᠬᠢᠵᠦ ᠂ ᠣᠷᠣᠵᠤ ᠭᠠᠷᠬᠤ ᠬᠥᠮᠦᠰ ᠢ ᠴᠢᠩᠭ᠎ᠠ ᠬᠢᠨᠠᠨ ᠬᠡᠮᠵᠢᠵᠦ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠬᠢᠵᠢᠭ ᠳᠡᠯᠭᠡᠷᠡᠬᠦ ᠦᠭᠡᠢ᠂ ᠰᠢᠨ᠎ᠡ ᠪᠠᠷ ᠡᠭᠦᠰᠬᠦ ᠡᠪᠡᠳᠴᠢᠨ ᠤ ᠵᠢᠱᠢᠶ᠎ᠡ ᠦᠭᠡᠢ᠂ ᠰᠣᠯᠪᠢᠴᠠᠨ ᠬᠠᠯᠳᠠᠪᠤᠷᠢᠯᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠮᠣ ᠳ᠋ᠠᠶᠢᠲ᠋ᠠ ᠵᠡᠷᠭᠡ ᠶᠡᠷᠦᠩᠬᠡᠶᠢᠯᠡᠭᠰᠡᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂  ᠬᠥᠳᠡᠯᠦᠩᠭᠦᠢ ᠪᠠᠶᠢᠴᠠᠭᠠᠯᠲᠠ ᠶᠢᠨ ᠬᠡᠪᠴᠢᠶ᠎ᠡ ᠶᠢ ᠵᠣᠬᠢᠰᠲᠠᠶ ᠥᠷᠭᠡᠳᠬᠡᠵᠦ᠂ ᠬᠢᠵᠢᠭᠲᠦ ᠣᠷᠣᠨ ᠵᠢᠴᠢ ᠬᠠᠮᠢᠶ᠎ᠠ ᠪᠦᠬᠦᠢ ᠣᠷᠣᠨ ᠪᠦᠰᠡ ᠶᠢ ᠡᠷᠦᠬᠡ ᠳᠠᠷᠠᠭᠠᠯᠠᠨ ᠨᠢᠭᠡᠳ ᠨᠢᠭᠡ ᠪᠠᠷ ᠪᠠᠶᠢᠴᠠᠭᠠᠵᠤ᠂  ᠪᠠᠯᠠᠢ ᠴᠡᠭ ᠦᠭᠡᠢ᠂ ᠪᠦᠬᠦᠨ ᠢ ᠬᠠᠮᠤᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯ ᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠶᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠯᠭᠠᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠬᠢᠵᠢᠭ ᠰᠡᠷᠭᠡᠶᠢᠯᠡᠬᠦ ᠮᠡᠳᠡᠯᠭᠡ ᠶᠢ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠣᠯᠠᠨ ᠲᠦᠮᠡᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ  ᠴᠢᠳᠠᠪᠤᠷᠢ  ᠶᠢ  ᠨᠡᠮᠡᠭᠳᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠤᠯᠤᠭᠠᠨ᠎ᠠ ᠶᠢᠨ ᠬᠢᠵᠢᠭ ᠳᠡᠯᠭᠡᠷᠡᠬᠦ ᠪᠠ ᠭᠠᠳᠠᠭᠰᠢ ᠭᠠᠷᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠮᠥᠷᠲᠡᠭᠡᠨ ᠨᠠᠷᠢᠨ ᠪᠣᠳᠠᠲᠠᠶ  ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ  ᠪᠠᠲᠤᠯᠠᠬᠤ ᠬᠡᠷᠡᠭᠲᠡᠢ ᠭᠡᠪᠡ᠃
ᠢᠷᠡᠯᠲᠡ᠄ ᠲᠤᠰ ᠰᠦᠯᠵᠢᠶ᠎ᠠ