ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ  ᠳᠤᠭᠤᠶᠢᠯᠠᠩ ᠮᠠᠨ ᠤ ᠬᠤᠲᠠ ᠳᠤ ᠢᠷᠡᠵᠦ ᠰᠢᠭᠦᠬᠦ ᠬᠤᠷᠢᠶᠠᠨ ᠤ ᠣᠷᠴᠢᠨ ᠲᠣᠭᠤᠷᠢᠨ  ᠤ ᠡᠬᠢ ᠪᠠᠶᠠᠯᠢᠭ ᠤᠨ ᠰᠢᠭᠦᠨ ᠲᠠᠰᠤᠯᠬᠤ  ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/8/5
     8 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠭᠡᠰᠢᠭᠦᠨ᠂ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠲᠢᠶᠠᠨ ᠵᠢᠢ ᠱᠧᠩ ᠤᠨ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ᠂ ᠰᠢᠭᠦᠬᠦ ᠬᠤᠷᠢᠶᠠᠨ ᠤ ᠣᠷᠴᠢᠨ ᠲᠣᠭᠤᠷᠢᠨ  ᠤ ᠡᠬᠢ  ᠪᠠᠶᠠᠯᠢᠭ ᠤᠨ ᠰᠢᠭᠦᠨ ᠲᠠᠰᠤᠯᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠲᠤ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠵᠠᠩ ᠴᠢᠩ ᠶᠤᠸᠠᠢ ᠶᠠᠷᠢᠯᠴᠠᠬᠤ ᠬᠤᠷᠠᠯ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠶᠢᠨ ᠰᠢᠭᠦᠬᠦ ᠬᠤᠷᠢᠶᠠᠨ ᠤ ᠣᠷᠴᠢᠨ ᠲᠣᠭᠤᠷᠢᠨ ᠤ ᠡᠬᠢ ᠪᠠᠶᠠᠯᠢᠭ ᠢ ᠰᠢᠭᠦᠭᠰᠡᠨ ᠪᠠᠶᠢᠳᠠᠯ᠂ ᠣᠷᠴᠢᠨ ᠲᠣᠭᠤᠷᠢᠨ ᠤ ᠡᠬᠢ ᠪᠠᠶᠠᠯᠢᠭ ᠤᠨ ᠬᠡᠷᠡᠭ ᠢ ᠰᠢᠭᠦᠨ ᠰᠢᠢᠳᠪᠦᠷᠢᠯᠡᠬᠦ ᠠᠰᠠᠭᠤᠳᠠᠯ ᠵᠢᠴᠢ ᠳᠠᠷᠠᠭ᠎ᠠ ᠠᠯᠬᠤᠮ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠰᠢᠭᠦᠨ ᠲᠠᠰᠤᠯᠬᠤ ᠠᠵᠢᠯ ᠢ ᠰᠠᠶᠢᠲᠤᠷ ᠬᠢᠬᠦ ᠰᠡᠳᠬᠢᠮᠵᠢ ᠶᠢ ᠨᠠᠷᠢᠨ ᠣᠶᠢᠯᠠᠭᠠᠵᠠᠶ᠃ ᠣᠷᠴᠢᠨ ᠲᠣᠭᠤᠷᠢᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠠᠬᠢᠭᠤᠯᠬᠤ᠂ ᠠᠮᠢ ᠠᠬᠤᠶ ᠶᠢᠨ ᠬᠤᠬᠢᠷᠠᠯ ᠤᠨ ᠲᠥᠯᠥᠪᠦᠷᠢ ᠶᠢᠨ ᠵᠠᠷᠭᠤ ᠶᠢᠨ ᠳᠦᠷᠢᠮ ᠢ ᠪᠠᠶᠢᠭᠤᠯᠬᠤ᠂ ᠣᠷᠴᠢᠨ ᠲᠣᠭᠤᠷᠢᠨ ᠤ ᠡᠬᠢ ᠪᠠᠶᠠᠯᠢᠭ ᠤᠨ ᠲᠤᠰᠬᠠᠶᠢᠵᠢᠭᠰᠠᠨ ᠰᠢᠭᠦᠨ ᠲᠠᠰᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠰᠠᠭᠤᠳᠠᠯ ᠤᠨ ᠲᠤᠬᠠᠶ ᠬᠤᠷᠠᠯ ᠳᠤ ᠣᠷᠣᠯᠴᠠᠭᠰᠠᠨ ᠬᠥᠮᠦᠰ ᠲᠠᠢ ᠶᠠᠷᠢᠯᠴᠠᠵᠠᠶ᠃ ᠮᠠᠨ ᠤ ᠬᠤᠲᠠ ᠶᠢᠨ ᠣᠷᠴᠢᠨ ᠲᠣᠭᠤᠷᠢᠨ ᠤ ᠡᠬᠢ ᠪᠠᠶᠠᠯᠢᠭ ᠤᠨ ᠰᠢᠭᠦᠨ ᠲᠠᠰᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠠᠨᠠᠭᠤᠯᠭ᠎ᠠ ᠳᠤᠷᠠᠳᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ