ᠵᠠᠭᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠪᠠᠶᠠᠨᠨᠠᠭᠤᠷ ᠬᠤᠲᠠ ᠳᠤ ᠭᠦᠨᠵᠡᠭᠡᠶᠢᠷᠡᠵᠦ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠬᠦᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020/9/29
     ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ ᠠᠴᠠ 28 ᠤ ᠡᠳᠦᠷ᠂ ᠵᠠᠭᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠪᠠᠶᠠᠨᠨᠠᠭᠤᠷ ᠬᠤᠲᠠ ᠳᠤ ᠭᠦᠨᠵᠡᠭᠡᠶᠢᠷᠡᠬᠦ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠶᠢ ᠵᠣᠯᠭᠠᠭᠤᠯᠬᠤ ᠳᠤ ᠬᠦᠴᠦᠨ ᠨᠡᠮᠡᠷᠢᠯᠡᠬᠦ ᠬᠤᠷᠠᠯ ᠮᠠᠨ ᠤ ᠬᠤᠲᠠ ᠳᠤ ᠶᠠᠪᠤᠭᠳᠠᠪᠠ᠃ᠬᠤᠷᠠᠯ ᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠤᠨ ᠨᠡᠶᠢᠭᠡᠮᠯᠢᠭ ᠠᠴᠠ ᠬᠠᠪᠰᠤᠷᠤᠨ ᠡᠷᠬᠢᠯᠡᠵᠦ᠂ ᠪᠠᠶᠠᠨᠨᠠᠭᠤᠷ ᠬᠤᠲᠠ ᠶᠢᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠪᠣᠬᠢᠷᠲᠤᠯ ᠦᠭᠡᠢ ᠨᠢᠭᠡᠳᠦᠯᠲᠡᠶ ᠲᠥᠯᠥᠪᠯᠡᠬᠦ ᠠᠯᠪᠠᠨ ᠭᠡᠷ ᠳᠠᠭᠠᠭᠠᠨ ᠡᠷᠭᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠤᠨ ᠨᠡᠶᠢᠭᠡᠮᠯᠢᠭ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠤᠨ ᠨᠡᠶᠢᠭᠡᠮᠯᠢᠭ ᠳᠡᠮᠵᠢᠵᠦ ᠬᠠᠪᠰᠤᠷᠤᠨ ᠡᠷᠬᠢᠯᠡᠪᠡ᠃            9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠵᠠᠭᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠪᠠᠶᠠᠨᠨᠠᠭᠤᠷ ᠬᠤᠲᠠ ᠳᠤ ᠭᠦᠨᠵᠡᠭᠡᠶᠢᠷᠡᠬᠦ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠶᠢ ᠵᠣᠯᠭᠠᠭᠤᠯᠬᠤ ᠳᠤ ᠬᠦᠴᠦᠨ ᠨᠡᠮᠡᠷᠢᠯᠡᠬᠦ ᠬᠤᠷᠠᠯ ᠬᠤᠷᠠᠯᠳᠤᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠣᠯᠣᠭᠠᠶᠢᠯᠠᠬᠤ ᠠᠵᠤ ᠠᠬᠤᠶᠢᠯᠠᠯ ᠤᠨ ᠨᠡᠶᠢᠭᠡᠮᠯᠢᠭ ᠤᠨ ᠳᠠᠷᠤᠭ᠎ᠠ ᠯᠢᠦ ᠱᠧᠨ ᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠱᠢ ᡁᠢ ᠭᠦᠸᠧ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠪᠠᠶᠠᠨᠨᠠᠭᠤᠷ ᠬᠤᠲᠠ ᠳᠤ ᠰᠠᠭᠤᠭ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠠᠵᠢᠯ ᠤᠨ ᠳᠤᠭᠤᠶᠢᠯᠠᠩ ᠤᠨ ᠳᠡᠳ᠋ ᠳᠠᠷᠤᠭ᠎ᠠ ᠳ᠋ᠦᠩ ᠶᠤᠸᠠᠢ ᠹᠸᠢ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠣᠤ ᠪᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠫᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠥᠩ ᠽᠧᠩ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠣᠯᠣᠭᠠᠶᠢᠯᠠᠬᠤ ᠠᠵᠤ ᠠᠬᠤᠶᠢᠯᠠᠯ ᠤᠨ ᠠᠵᠤ ᠠᠬᠤᠶᠢᠯᠠᠯᠲᠠᠳ ᠬᠤᠷᠠᠯ ᠳᠤ ᠣᠷᠣᠯᠴᠠᠵᠠᠶ᠃            ᠲᠤᠰ ᠤᠳᠠᠭᠠᠨ ᠤ ᠬᠤᠷᠠᠯ ᠨᠢ ︽ᠲᠡᠭᠷᠢ ᠶᠢᠨ ᠬᠡᠰᠢᠭᠲᠦ ᠪᠤᠷᠤᠲᠤᠬᠤᠢ ᠶᠢ ᠬᠠᠮᠲᠤᠪᠠᠷ ᠡᠳ᠋ᠯᠡᠶ᠎ᠡ᠂ ᠪᠤᠬᠢᠷᠳᠤᠯ ᠦᠭᠡᠶ ᠬᠥᠭᠵᠢᠯᠲᠡ ᠶᠢ ᠬᠠᠮᠲᠤᠪᠠᠷ ᠰᠦᠪᠡᠭᠴᠢᠯᠡᠶ᠎ᠡ︾ ᠪᠠᠷ ᠭᠤᠣᠯ ᠰᠡᠳᠥᠪ ᠪᠣᠯᠭᠠᠵᠤ᠂ ᠵᠣᠷᠢᠯᠭ᠎ᠠ ᠨᠢ ᠪᠦᠬᠦ ᠤᠯᠤᠰ ᠤᠨ ᠡᠯ᠎ᠡ ᠭᠠᠵᠠᠷ ᠤᠨ ᠤᠯᠤᠰ᠂ ᠮᠤᠵᠢ᠂ ᠬᠤᠲᠠ ᠶᠢᠨ ᠱᠠᠲᠤᠨ ᠤ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠣᠯᠣᠭᠠᠶᠢᠯᠠᠬᠤ ᠠᠵᠤ ᠠᠬᠤᠶᠢᠯᠠᠯ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ᠂ ᠰᠤᠳᠤᠯᠭᠠᠨ ᠤ ᠪᠠᠶᠢᠭᠤᠯᠤᠮᠵᠢ ᠶᠢ ᠤᠷᠢᠵᠤ ᠪᠠᠶᠠᠨᠨᠠᠭᠤᠷ ᠬᠤᠲᠠ ᠶᠢᠨ ᠲᠤᠰ ᠭᠠᠵᠠᠷ ᠤᠨ ᠲᠠᠷᠢᠶᠠᠯᠠᠩ ᠤᠨ ᠠᠵᠤ ᠠᠬᠤᠶᠢᠯᠠᠯ ᠲᠠᠢ ᠨᠢᠭᠡ ᠲᠠᠩᠬᠢᠮ ᠳᠤ ᠴᠤᠭᠯᠠᠷᠠᠵᠤ᠂ ᠪᠣᠬᠢᠷᠲᠤᠯ ᠦᠭᠡᠢ ᠬᠥᠭᠵᠢᠯᠲᠡ ᠶᠢ ᠬᠠᠮᠲᠤ ᠪᠠᠷ ᠶᠠᠷᠢᠯᠴᠠᠵᠤ᠂ ᠲᠠᠷᠢᠶᠠᠯᠠᠩ ᠤᠨ ᠠᠵᠤ ᠦᠢᠯᠡᠰᠵᠢᠭᠰᠡᠨ ᠲᠣᠯᠣᠭᠠᠶᠢᠯᠠᠬᠤ ᠠᠵᠤ ᠠᠬᠤᠶᠢᠯᠠᠯ ᠪᠣᠯᠤᠨ ︽ᠲᠡᠭᠷᠢ ᠶᠢᠨ ᠬᠡᠰᠢᠭᠲᠦ ᠪᠤᠷᠤᠲᠤᠬᠤᠢ︾ ᠶᠢᠨ ᠡᠷᠬᠡ ᠣᠯᠭᠤᠭᠰᠠᠨ ᠠᠵᠤ ᠠᠬᠤᠶᠢᠯᠠᠯ ᠵᠢᠴᠢ ᠮᠠᠨ ᠤ ᠬᠤᠲᠠ ᠶᠢᠨ ᠪᠣᠬᠢᠷᠲᠤᠯ ᠦᠭᠡᠶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠯᠦᠭᠡ ᠨᠠᠷᠢᠯᠢᠭ ᠣᠨᠣᠴᠠᠲᠠᠶ ᠵᠤᠯᠭᠠᠬᠤ ᠶᠢ ᠲᠦᠯᠬᠢᠨ ᠠᠬᠢᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠪᠠᠷ ᠬᠥᠭᠵᠢᠭᠰᠡᠨ᠂ ᠬᠠᠮᠲᠤᠪᠠᠷ ᠠᠰᠢᠭ ᠬᠦᠷᠲᠡᠬᠦ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠤᠨ᠎ᠠ᠃            ᠬᠤᠷᠠᠯ ᠳᠡᠭᠡᠷ᠎ᠡ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠰᠢᠶᠣᠤ ᠪᠢᠩ ᠶᠠᠷᠢᠶ᠎ᠠ ᠲᠠᠯᠪᠢᠪᠠ᠃            ᠣᠶᠢᠯᠠᠭᠠᠭᠰᠠᠨ ᠢᠶᠠᠷ᠂ ᠲᠤᠰ ᠤᠳᠠᠭᠠᠨ ᠤ ᠬᠤᠷᠠᠯ ᠳᠤ ᠣᠷᠣᠯᠴᠠᠭᠰᠠᠨ 150 ᠭᠠᠷᠤᠢ ᠰᠢᠯᠢᠳᠡᠭ ᠲᠠᠷᠢᠶᠠᠯᠠᠩ ᠤᠨ ᠲᠣᠯᠣᠭᠠᠶᠢᠯᠠᠬᠤ ᠠᠵᠤ ᠠᠬᠤᠶᠢᠯᠠᠯ ᠪᠣᠯ ᠴᠥᠮ ᠠᠵᠢᠯ ᠲᠦᠷᠦᠯ ᠤᠨ ᠬᠡᠪ ᠳᠠᠭᠤᠷᠢᠶᠠᠯ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠠᠭᠤᠰᠤᠯᠴᠠᠯ᠂ ᠬᠦᠷᠦᠩᠭᠡ ᠶᠢᠨ ᠠᠵᠢᠯᠯᠠᠭᠠᠨ ᠵᠡᠷᠭᠡ ᠲᠠᠯ᠎ᠠ ᠶᠢᠨ ᠬᠦᠴᠦᠷᠬᠡᠭ ᠶᠡᠭᠡ ᠳᠠᠪᠠᠭᠤᠯᠢᠭ ᠲᠠᠢ ᠶᠤᠮ᠃ ᠲᠣᠰ ᠤᠳᠠᠭᠠᠨ ᠤ ᠵᠣᠯᠭᠠᠭᠤᠯᠬᠤ ᠠᠵᠢᠯᠯᠠᠭ᠎ᠠ ᠨᠢ ᠣᠷᠣᠨ ᠨᠤᠲᠤᠭ ᠤᠨ ᠪᠠ ᠠᠵᠤ ᠠᠬᠤᠶᠢᠯᠠᠯ ᠤᠨ ᠢᠷᠡᠭᠡᠳᠦᠶ ᠶᠢᠨ ᠬᠠᠮᠲᠤ ᠶᠢᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃            ᠬᠤᠷᠠᠯ ᠤᠨ ᠳᠠᠷᠠᠭ᠎ᠠ᠂ ᠵᠠᠭᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠣᠯᠣᠭᠠᠶᠢᠯᠠᠬᠤ ᠠᠵᠤ ᠠᠬᠤᠶᠢᠯᠠᠯ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ᠂ ᠦᠶᠤᠸᠠᠨ ᠰᠢᠶᠠᠨ ᠵᠡᠷᠭᠡ ᠭᠠᠵᠠᠷ ᠲᠤ ᠬᠦᠷᠴᠦ ᠲᠣᠭᠤᠷᠢᠨ ᠦᠵᠡᠨ᠎ᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ