ᠪᠠᠶᠠᠨᠨᠠᠭᠤᠷ ᠤᠨ ᠳᠤᠯᠠᠭᠠᠯᠠᠭ᠎ᠠ ᠬᠠᠩᠭᠠᠬᠤ ᠴᠠᠭ ᠤᠷᠢᠳᠴᠢᠯᠠᠪᠠ
ᠨᠡᠶᠢᠲᠡᠯᠡᠭᠰᠡᠨ ᠴᠠᠭ᠄
2020/9/29
     ᠵᠤᠷᠰᠢᠯ ᠶᠣᠰᠣᠭᠠᠷ᠂ ᠪᠠᠶᠠᠨᠨᠠᠭᠤᠷ ᠤᠨ ᠵᠢᠯ ᠪᠣᠯᠭᠠᠨ ᠤ ᠵᠢᠩᠬᠢᠨᠢ ᠪᠠᠷ ᠳᠤᠯᠠᠭᠠᠯᠠᠭ᠎ᠠ ᠬᠠᠩᠭᠠᠬᠤ ᠴᠠᠭ ᠨᠢ 10 ᠰᠠᠷ᠎ᠠ ᠶᠢᠨ 15 ᠤ ᠡᠳᠦᠷ ᠪᠣᠯᠤᠨ᠎ᠠ᠃ ᠡᠨᠡ ᠵᠢᠯ ᠤᠨ ᠴᠠᠭ ᠠᠭᠤᠷ ᠤᠨ ᠪᠠᠶᠢᠳᠠᠯ ᠠᠴᠠ ᠪᠣᠯᠵᠤ᠂ ᠡᠨᠡ ᠬᠤᠶᠠᠷ ᠡᠳᠦᠷ ᠠᠴᠠ ᠡᠬᠢᠯᠡᠨ ᠮᠠᠰᠢ ᠣᠯᠠᠨ ᠬᠤᠲᠠ ᠶᠢᠨ ᠠᠷᠠᠳ ᠭᠡᠷ ᠤᠨ ᠳᠤᠯᠠᠭᠠᠨ ᠢᠯᠡᠳᠲᠡ ᠪᠠᠭᠤᠷᠠᠵᠤ᠂ ᠰᠡᠷᠢᠭᠦᠬᠡᠨ ᠪᠠᠶᠢᠬᠤ ᠰᠠᠨᠠᠭᠳᠠᠵᠤ᠂ ᠢᠯᠠᠩᠭᠤᠶ᠎ᠠ ᠬᠦᠢᠲᠡᠨ ᠠᠴᠠ ᠠᠶᠤᠳᠠᠭ ᠨᠠᠰᠤᠲᠠᠳ ᠭᠡᠷ ᠲᠡᠭᠡᠨ ᠰᠠᠭᠤᠬᠤ ᠳᠤ ᠬᠡᠴᠡᠭᠦᠦ ᠪᠣᠯᠣᠭᠰᠠᠨ ᠪᠠᠶᠢᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠡᠨᠡ ᠵᠢᠯ ᠪᠠᠶᠠᠨᠨᠠᠭᠤᠷ ᠤᠷᠢᠳᠴᠢᠯᠠᠨ ᠳᠤᠯᠠᠭᠠᠯᠠᠭ᠎ᠠ ᠬᠠᠩᠭᠠᠬᠤ ᠪᠠᠷ ᠪᠣᠯᠤᠯ᠎ᠠ᠂ ᠤᠷᠢᠳᠴᠢᠯᠠᠨ ᠳᠤᠯᠠᠭᠠᠯᠠᠭ᠎ᠠ ᠬᠠᠩᠭᠠᠬᠤ ᠵᠠᠷᠤᠳᠠᠯ ᠢ ᠢᠯᠴᠢ ᠶᠢᠨ ᠬᠦᠴᠦᠨ ᠤ ᠺᠣᠮᠫᠠᠨᠢ ᠠᠴᠠ ᠬᠠᠩᠭᠠᠨ᠎ᠠ᠃      ᠡᠭᠦᠨ ᠳᠤ᠂ ᠹᠦ᠋ ᠶᠤᠸᠠᠨ ᠢᠯᠴᠢ ᠶᠢᠨ ᠬᠦᠴᠦᠨ ᠤ ᠺᠣᠮᠫᠠᠨᠢ᠂ ᠶᠠᠩ ᠭᠤᠸᠠᠩ ᠡᠨᠧᠷᠭᠢ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ 10 ᠰᠠᠷ᠎ᠠ ᠶᠢᠨ 7 ᠤ ᠡᠳᠦᠷ ᠠᠴᠠ ᠡᠬᠢᠯᠡᠨ ᠳᠤᠯᠠᠭᠠᠯᠠᠭ᠎ᠠ ᠬᠠᠩᠭᠠᠵᠤ᠂ 10 ᠰᠠᠷ᠎ᠠ ᠶᠢᠨ 10 ᠤ ᠡᠳᠦᠷ ᠠᠶᠢᠯ ᠡᠷᠦᠬᠡ ᠶᠢᠨ ᠳᠤᠯᠠᠭᠠᠮᠵᠢ ᠬᠠᠯᠠᠭᠤᠨ ᠪᠣᠯᠣᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ