ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠤᠯᠪᠣᠭᠳᠠᠯ ᠪᠦᠬᠦᠢ | ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ | ᠠᠵᠢᠯ ᠢ ᠢᠳᠡᠪᠬᠢᠲᠡᠶ ᠠᠬᠢᠭᠤᠯᠬᠤ ᠲᠤᠬᠠᠶ ᠪᠠᠶᠢᠷᠢᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 8 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠣᠭᠤᠯᠵᠪ᠊ ᠊᠂ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠨ | ᠡᠪᠦᠯᠵᠢᠬᠦ ᠶᠢ ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠶ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠠᠬᠢᠭᠤᠯᠬᠤ ᠲᠤᠬᠠᠢ ᠪᠠᠶᠢᠷᠢᠯᠠᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠪᠦᠯ ᠤᠨ ᠠᠭᠤᠷ ᠣᠷᠣᠭᠰᠠᠨ ᠠᠴᠠ ᠨᠠᠭᠠᠰᠢ ᠠᠭᠠᠷ ᠤᠨ ᠳᠤᠯᠠᠭᠠᠨ ᠥᠷᠭᠡᠨ ᠬᠡᠪᠴᠢᠶ᠎ᠡ ᠪᠠᠷ ᠪᠠᠭᠤᠷᠠᠭᠰᠠᠨ ᠵᠡᠷᠭᠡ | ᠣᠯᠠᠨ ᠵᠦᠶ᠋ᠯ ᠤᠨ ᠬᠦᠴᠦᠨ ᠵᠦᠶ᠋ᠯ ᠤᠨ ᠨᠥᠯᠥᠭᠡ ᠠᠴᠠ ᠪᠣᠯᠵᠣ᠂ ᠪᠥᠬᠦ ᠤᠯᠤᠰ ᠤᠨ ᠨᠡᠭᠦᠷᠡᠰᠦ᠂ ᠴᠠᠬᠢᠯᠭᠠᠨ᠂ ᠰᠢᠲᠠᠮᠠᠬᠠᠶ ᠬᠡᠶ ᠶᠢᠨ ᠬᠡᠷᠡᠭᠯᠡᠭᠡ ᠶᠡᠭᠡ ᠪᠠᠷ | ᠨᠡᠮᠡᠭᠳᠡᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠨᠡᠭᠦᠷᠡᠰᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠭᠠᠯᠭ᠎ᠠ ᠪᠠ ᠬᠠᠩᠭᠠᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠵᠣᠬᠢᠶᠠᠨ | ᠪᠠᠶᠢᠭᠤᠯᠵᠤ᠂ ᠡᠳᠦᠷ ᠪᠦᠷᠢ ᠶᠢᠨ ᠨᠡᠭᠦᠷᠡᠰᠦᠨ ᠤ ᠭᠠᠷᠤᠯᠲᠠ ᠥᠨᠳᠥᠷ ᠪᠠᠶᠢᠷᠢ ᠪᠠᠨ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ᠂ ᠰᠢᠲᠠᠮᠠᠬᠠᠢ ᠬᠡᠢ ᠬᠠᠩᠭᠠᠬᠤ | ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠷᠠᠳ ᠤᠨ ᠠᠮᠢᠳᠤᠷᠠᠯ ᠪᠣᠯᠤᠨ ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ | ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠤᠨ ᠬᠠᠮᠤᠭ ᠤᠨ ᠳᠣᠤᠷ᠎ᠠ ᠠᠭᠠᠷ ᠤᠨ ᠳᠤᠯᠠᠭᠠᠴᠠ ᠲᠡᠮᠳᠡᠭᠯᠡᠯ ᠲᠠᠢ ᠪᠣᠯᠤᠭᠰᠠᠨ ᠠᠴᠠ ᠨᠠᠭᠠᠰᠢᠬᠢ ᠲᠡᠦᠬᠡ ᠶᠢᠨ | ᠲᠦᠢᠯ ᠤᠨ ᠬᠡᠮᠵᠢᠭᠳᠡᠯ ᠢ ᠡᠭᠦᠳᠴᠦ᠂ ᠣᠳᠣᠬᠠᠨ ᠳᠤ ᠪᠠᠰᠠ ︽ᠭᠤᠷᠪᠠ ᠶᠢᠰᠦ︾ ᠣᠷᠣᠪᠠ᠂ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠶᠢ | ᠦᠨᠳᠦᠰᠦᠯᠡᠪᠡᠯ᠂ ᠨᠢᠭᠡᠳᠦᠭᠡᠷ ᠰᠠᠷ᠎ᠠ ᠶᠢᠨ ᠳᠤᠮᠳᠠᠴᠢ ᠦᠶ᠎ᠡ ᠪᠠᠷ ᠪᠠᠰᠠ ᠬᠦᠢᠲᠡᠷᠡᠮᠡᠷ ᠪᠠᠶᠢᠨ᠎ᠠ᠃ ᠬᠤᠷᠠᠯ ᠠᠴᠠ ᠡᠨᠧᠷᠭᠢ ᠶᠢᠨ ᠠᠶᠤᠯᠭᠦᠢ ᠲᠣᠭᠲᠠᠭᠤᠨ | ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠲᠡᠷᠢᠭᠦᠨ ᠳᠤ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ ᠨᠡᠭᠦᠷᠡᠰᠦ ᠳᠤ ᠲᠤᠬᠢᠷᠠᠪᠠᠯ ᠨᠡᠭᠦᠷᠡᠰᠦ ᠬᠠᠩᠭᠠᠵᠤ᠂ ᠴᠠᠬᠢᠯᠭᠠᠨ ᠳᠤ ᠲᠤᠬᠢᠷᠠᠪᠠᠯ ᠴᠠᠬᠢᠯᠭᠠᠨ ᠬᠠᠩᠭᠠᠵᠤ᠂ ᠰᠢᠲᠠᠮᠠᠬᠠᠢ ᠬᠡᠢ ᠳᠤ ᠲᠤᠬᠢᠷᠠᠪᠠᠯ ᠰᠢᠲᠠᠮᠠᠬᠠᠢ | ᠬᠡᠢ ᠬᠠᠩᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠤᠯᠠᠭᠠᠯᠠᠭ᠎ᠠ ᠢᠯᠠᠩᠭᠤᠶ᠎ᠠ ᠤᠮᠠᠷᠠᠲᠤ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠡᠨᠧᠷᠭᠢ ᠶᠢᠨ ᠪᠠᠲᠤᠯᠠᠭ᠎ᠠ ᠶᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ ᠰᠢᠲᠠᠮᠠᠬᠠᠶ ᠬᠡᠶ ᠶᠢᠨ ᠠᠶ ᠰᠠᠪᠠ ᠶᠢᠨ ᠠᠮᠤᠷ ᠲᠦᠪᠰᠢᠨ ᠳᠠᠭᠠᠭᠠᠴᠠ ᠳᠦᠭᠦᠷᠡᠩ ᠦᠶ᠋ᠯᠡᠳᠪᠦᠷᠢᠯᠡᠯ ᠢ | ᠵᠣᠬᠢᠶᠠᠨ ᠪᠠᠶᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠭᠠᠨ᠂ ᠬᠠᠩᠭᠠᠯᠭ᠎ᠠ ᠶᠢ ᠪᠠᠲᠤᠯᠠᠬᠤ ᠦᠶ᠋ᠯᠡᠳᠦᠯ ᠢ ᠨᠢ | ᠭᠦᠶ᠋ᠴᠡᠳ ᠪᠠᠳᠠᠷᠠᠭᠤᠯᠵᠤ᠂ ᠲᠣᠬᠢᠷᠠᠭᠤᠯᠤᠯᠲᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠳᠤᠯᠠᠭᠠᠯᠠᠬᠤ ᠳᠤ ᠬᠡᠷᠡᠭᠯᠡᠬᠦ ᠰᠢᠲᠠᠮᠠᠬᠠᠢ | ᠬᠡᠶ ᠶᠢ ᠪᠦᠲᠦᠮᠵᠢᠲᠡᠶ ᠪᠠᠲᠤᠯᠠᠬᠤ ᠬᠡᠷᠡᠭᠲᠡᠶ᠃ ᠬᠤᠶᠠᠷ ᠲᠤ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠳᠠᠯᠳᠠ ᠬᠦᠴᠦᠨ ᠢ ᠠᠭᠤᠳᠠᠯᠠᠨ ᠭᠠᠷᠤᠯᠲᠠ ᠨᠡᠮᠡᠭᠳᠡᠭᠦᠯᠵᠦ᠂ | ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠨᠥᠭᠡᠴᠡ ᠪᠠᠨ ᠡᠮᠬᠢ ᠵᠢᠷᠤᠮ ᠲᠠᠢ ᠪᠠᠷ ᠬᠥᠳᠡᠯᠭᠡᠨ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ | ᠵᠡᠷᠭᠡ ᠳᠤ ᠨᠢ ᠬᠡᠷᠡᠭᠵᠢᠭᠦᠯᠵᠦ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠠᠲᠤᠯᠠᠬᠤ ᠬᠡᠷᠡᠭᠲᠡᠶ᠃ ᠭᠤᠷᠪᠠ ᠳᠤ ᠣᠯᠠᠨ ᠵᠦᠶ᠋ᠯ ᠤᠨ ᠴᠠᠬᠢᠯᠭᠠᠨ | ᠡᠭᠦᠰᠭᠡᠭᠴᠢ ᠶᠢᠨ ᠮᠠᠰᠢᠨ ᠢᠶᠠᠨ ᠨᠡᠭᠡᠭᠡᠵᠦ ᠣᠷᠭᠢᠯ ᠦᠶ᠎ᠡ ᠶᠢᠨ ᠴᠠᠬᠢᠯᠭᠠᠨ ᠬᠦᠴᠦᠨ ᠤ ᠬᠡᠷᠡᠭᠴᠡᠭᠡ ᠶᠢ ᠠᠷᠭᠠᠴᠠᠬᠤ ᠶᠢ ᠰᠠᠶᠢᠲᠤᠷ ᠲᠣᠬᠢᠷᠠᠭᠤᠯᠵᠤ᠂ ᠴᠠᠬᠢᠯᠭᠠᠨ | ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠰᠤᠳ ᠭᠠᠵᠠᠷ ᠣᠷᠣᠨ ᠳᠤ ᠴᠠᠬᠢᠯᠭᠠᠨ ᠬᠦᠷᠭᠡᠬᠦ ᠶᠢ | ᠳᠡᠮᠵᠢᠬᠦ ᠪᠠᠨ ᠴᠢᠩᠭᠠᠳᠬᠠᠵᠤ᠂ ᠴᠠᠬᠢᠯᠭᠠᠨ ᠬᠦᠴᠦᠨ ᠤ ᠢᠯᠡᠭᠦᠦ ᠳᠤᠲᠠᠭᠤ ᠶᠢ ᠬᠠᠷᠢᠯᠴᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷᠪᠡ ᠳᠤ ᠡᠯ᠎ᠡ | ᠲᠠᠯ᠎ᠠ ᠶᠢᠨ ᠬᠢᠨ ᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠵᠤ᠂ ᠭᠡᠷ᠎ᠡ ᠶᠣᠰᠣᠭᠠᠷ ᠨᠡᠭᠦᠷᠡᠰᠦ᠂ ᠴᠠᠬᠢᠯᠭᠠᠨ ᠬᠦᠴᠦ᠂ ᠪᠠᠶᠢᠭᠠᠯᠢ ᠶᠢᠨ | ᠰᠢᠲᠠᠮᠠᠬᠠᠢ ᠬᠡᠢ ᠶᠢᠨ ᠬᠠᠩᠭᠠᠯᠭ᠎ᠠ ᠶᠢ ᠪᠠᠲᠤᠯᠠᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ | ᠬᠠᠩᠰᠢ ᠶᠢᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠤ ᠳᠤ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠦᠷᠢᠨᠰᠢᠭᠦᠯᠵᠦ᠂ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡ | ᠪᠣᠷᠣᠯᠠᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠬᠠᠳᠠᠭᠠᠯᠠᠬᠤ᠂ ᠨᠡᠭᠦᠷᠡᠰᠦ ᠬᠠᠳᠠᠭᠠᠯᠠᠬᠤ ᠪᠡᠯᠡᠳᠬᠡᠮᠵᠢ | ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠴᠠᠬᠢᠯᠭᠠᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠨ ᠴᠠᠬᠢᠯᠭᠠᠨ | ᠭᠠᠷᠭᠠᠯᠲᠠ ᠶᠢᠨ ᠣᠷᠭᠢᠯ ᠦᠶ᠎ᠡ ᠶᠢᠨ ᠴᠠᠬᠢᠯᠭᠠᠨ ᠬᠡᠷᠡᠭᠯᠡᠭᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠢ ᠰᠢᠨᠵᠢᠯᠡᠬᠦ ᠤᠬᠠᠭᠠᠨᠴᠢ ᠪᠠᠷ ᠪᠠᠳᠠᠷᠠᠭᠤᠯᠵᠤ᠂ | ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠬᠠᠯᠠᠭᠤᠨ ᠬᠦᠶ᠋ᠲᠡᠨ ᠳᠤ ᠪᠠᠭ᠎ᠠ | ᠶᠠᠪᠤᠳᠠᠯ ᠭᠡᠵᠦ ᠥᠬᠡᠶ᠃ ᠠᠷᠠᠳ ᠤᠨ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ᠂ ᠴᠠᠬᠢᠯᠭᠠᠨ᠂ ᠨᠡᠭᠦᠷᠡᠰᠦ ᠶᠢᠨ ᠬᠠᠩᠭᠠᠯᠭ᠎ᠠ ᠶᠢ ᠦᠨᠡᠨ ᠬᠦ ᠰᠠᠶᠢᠲᠤᠷ ᠪᠠᠲᠤᠯᠠᠬᠤ | ᠬᠡᠷᠡᠭᠲᠡᠶ᠂ ᠬᠥᠮᠥᠨ ᠤ ᠤᠷᠰᠢᠭ ᠠᠴᠠ ᠪᠣᠯᠵᠤ ᠬᠠᠩᠭᠠᠯᠭ᠎ᠠ ᠲᠠᠰᠤᠷᠠᠬᠤ ᠪᠠᠶᠢᠳᠠᠯ ᠭᠠᠷᠬᠤ ᠶᠢ ᠣᠭᠲᠣ ᠵᠥᠪᠰᠢᠶᠡᠷᠡᠵᠦ ᠪᠣᠯᠬᠤ ᠦᠭᠡᠶ ᠪᠥᠭᠡᠳ ᠰᠢᠮᠳᠠᠭᠤᠯᠤᠨ | ᠪᠠᠶᠢᠴᠠᠭᠠᠵᠤ ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠪᠦᠲᠦᠮᠵᠢᠲᠡᠶ ᠰᠢᠶ᠋ᠳᠪᠦᠷᠢᠯᠡᠵᠦ᠂ ᠠᠷᠠᠳ | ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠨᠢ ᠥᠷᠭᠡᠨ ᠣᠯᠠᠨ ᠠᠷᠠᠳ ᠲᠦᠮᠡᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠳᠤ ᠬᠤᠯᠪᠣᠭᠳᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠬᠦ ᠦᠢᠯᠡᠳᠦᠯᠭᠡ ᠲᠠᠢ ᠤᠶᠠᠯᠳᠤᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢ ᠴᠠᠭ ᠲᠤᠬᠠᠢ ᠳᠤ ᠨᠢ ᠪᠦᠷᠢᠨᠰᠢᠭᠦᠯᠵᠦ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠠᠴᠠ | ᠱᠠᠭᠠᠷᠳᠠᠭᠰᠠᠨ ᠨᠢ ᠬᠠᠤᠯᠢ ᠲᠣᠭᠲᠠᠭᠠᠬᠤ ᠲᠥᠯᠥᠪᠯᠡᠭᠡ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ | ᠵᠠᠰᠠᠪᠤᠷᠢ ᠣᠷᠣᠭᠤᠯᠬᠤ ᠠᠵᠢᠯ ᠢ ᠵᠣᠯᠭᠠᠭᠤᠯᠬᠤ ᠬᠡᠷᠡᠭᠲᠡᠶ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠬᠦ ᠶᠢ ᠳᠣᠪᠤᠶᠢᠯᠭᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠴᠢᠩᠳᠠᠯᠠᠨ | ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ ᠢᠯᠡ ᠪᠠᠷ ᠨᠡᠶᠢᠲᠡᠯᠡᠬᠦ ᠲᠦᠷᠢᠮ ᠢ ᠰᠠᠶᠢᠵᠢᠷᠠᠭᠤᠯᠵᠤ᠂ ᠬᠠᠯᠳᠠᠪᠤᠷᠢᠲᠤ | ᠡᠪᠡᠳᠴᠢᠨ ᠤ ᠲᠦᠷᠦᠯ ᠵᠦᠢᠯ ᠢ ᠲᠣᠭᠲᠠᠭᠠᠬᠤ ᠪᠠ ᠪᠠᠴᠢᠮ ᠬᠠᠮᠢᠶᠠᠷᠤᠨ ᠬᠤᠷᠢᠭᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠵᠦ | ᠂ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠦᠢᠯᠡᠴᠢᠯᠡᠭᠡᠨ ᠤ ᠰᠦᠯᠵᠢᠶᠡᠨ ᠤ | ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ | ᠬᠠᠤᠯᠢ ᠴᠠᠭᠠᠵᠠ ᠳᠤ ᠵᠠᠰᠠᠪᠤᠷᠢ ᠣᠷᠣᠭᠤᠯᠤᠨ ᠪᠦᠷᠢᠨᠰᠢᠭᠦᠯᠦᠭᠰᠡᠨ ᠤ ᠳᠠᠷᠠᠭ᠎ᠠ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠤᠨ᠂ ᠳᠡᠰ ᠳᠠᠷᠠᠭᠠᠯᠠᠯ ᠶᠣᠰᠣᠭᠠᠷ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠡᠪᠡᠳᠴᠢᠨ ᠤ ᠵᠢᠱᠢᠶ᠎ᠡ ᠴᠢᠨᠠᠭᠰᠢᠯᠠᠪᠠᠯ ᠬᠡᠰᠡᠭ ᠭᠠᠵᠠᠷ ᠲᠤ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠪᠡ᠃ ᠦᠷᠭᠦᠯᠵᠢᠯᠡᠨ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠬᠢᠨ ᠣᠷᠣᠨ ᠨᠤᠲᠤᠭ ᠪᠣᠯᠤᠨ ᠬᠠᠮᠢᠶ᠎ᠠ ᠪᠥᠬᠦᠶ | ᠲᠠᠯ᠎ᠠ ᠳᠤ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ︽ᠳᠥᠷᠪᠡᠨ ᠡᠷᠲᠡ︾ ᠶᠢ ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡ ᠪᠠᠷ ᠠᠪᠤᠷᠠᠨ ᠵᠠᠰᠠᠬᠤ᠂ ᠡᠪᠡᠳᠴᠢᠨ ᠤ ᠡᠬᠢ ᠰᠤᠷᠪᠤᠯᠵᠢ ᠶᠢ | ᠮᠥᠷᠳᠡᠬᠦ ᠵᠡᠷᠭᠡ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠦᠨᠡᠨ ᠠᠴᠠ ᠵᠥᠪ ᠢ ᠡᠷᠢᠵᠦ᠂ | ᠮᠡᠳᠡᠭᠡ ᠵᠠᠩᠭᠢ ᠶᠢ ᠢᠯᠡ ᠲᠣᠳᠣ ᠨᠡᠶᠢᠲᠡᠯᠡᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠪᠠ᠃ | |