ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ1 ᠳ᠋ᠦ᠋ᠭᠡᠷ ᠲᠣ
ᠨᠡᠶᠢᠲᠡᠯᠡᠭᠰᠡᠨ ᠴᠠᠭ᠄
2021/1/12
      ᠣᠳᠣᠬᠠᠨ ᠳᠤ᠂ ᠳᠡᠯᠡᠬᠡᠢ ᠳᠠᠶᠠᠭᠠᠷ ᠲᠤ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠲᠤᠰ ᠭᠠᠵᠠᠷ ᠡᠭᠦᠰᠦᠭᠰᠡᠨ ᠬᠢᠵᠢᠭ ᠤᠨ ᠪᠠᠶᠢᠳᠠᠯ ᠲᠠᠷᠠᠬᠠᠢ ᠪᠠᠷ ᠢᠯᠡᠷᠡᠬᠦ ᠪᠠ ᠬᠡᠰᠡᠭ ᠭᠠᠵᠠᠷ ᠲᠤ ᠲᠥᠪᠯᠡᠷᠡᠮᠡᠯ ᠬᠢᠵᠢᠭ ᠤᠨ ᠪᠠᠶᠢᠳᠠᠯ ᠢᠯᠡᠷᠡᠵᠦ ᠪᠠᠶᠢᠭ᠎ᠠ ᠪᠠᠶᠢᠳᠠᠯᠲᠠᠢ ᠪᠠᠶᠢᠨ᠎ᠠ᠃ ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠬᠥᠮᠦᠰ ᠤᠨ ᠶᠠᠪᠤᠵᠤ ᠰᠠᠭᠤᠬᠤ ᠨᠢ ᠣᠯᠠᠰᠢᠷᠠᠵᠤ᠂ ᠴᠤᠭᠯᠠᠷᠠᠮᠠᠯ ᠠᠵᠢᠯᠯᠠᠭ᠎ᠠ ᠨᠡᠮᠡᠭᠳᠡᠭᠰᠡᠨ ᠶᠠᠪᠤᠳᠠᠯ ᠨᠢ ᠬᠢᠵᠢᠭ ᠳᠡᠯᠭᠡᠷᠡᠬᠦ ᠲᠦᠭᠰᠢᠭᠦᠷᠢ ᠶᠢ ᠨᠡᠩ ᠬᠦᠨᠳᠥᠷᠡᠭᠦᠯᠵᠦ ᠪᠠᠶᠢᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠢᠷᠦᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠥᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠬᠤᠲᠠ ᠶᠢᠨ ᠠᠷᠠᠳ ᠲᠦᠮᠡᠨ ᠴᠠᠭᠠᠨ ᠰᠠᠷ᠎ᠠ ᠪᠠᠨ ᠪᠠᠶᠠᠷ ᠵᠢᠷᠭᠠᠯᠲᠠᠢ ᠥᠩᠭᠡᠷᠡᠭᠡᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠭᠠᠳ᠂ ᠪᠦᠬᠦ ᠬᠤᠲᠠ ᠶᠢᠨ ᠬᠡᠪᠴᠢᠶᠡᠨ ᠳᠤ ᠳᠣᠣᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠪᠠ᠃      ᠨᠢᠭᠡ᠂ ᠶᠡᠭᠡ ᠬᠡᠯᠪᠡᠷᠢ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠡᠷᠡᠰ ᠬᠢᠵᠠᠭᠠᠷᠯᠠᠨ᠎ᠠ᠃ 2021 ᠣᠨ ᠤ 1 ᠰᠠᠷ᠎ᠠ ᠶᠢᠨ 13 ᠤ ᠡᠳᠥᠷ ᠠᠴᠠ ᠡᠬᠢᠯᠡᠨ᠂ ᠪᠦᠬᠦ ᠬᠤᠲᠠ ᠶᠢᠨ ᠡᠯ᠎ᠡ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠢ 100 ᠬᠥᠮᠦᠨ ᠠᠴᠠ ᠬᠡᠲᠦᠷᠡᠭᠰᠡᠨ ᠨᠠᠶᠢᠷ ᠬᠤᠷᠢᠮ ᠪᠠ ᠬᠠᠮᠲᠤ ᠪᠠᠷ ᠬᠤᠭᠤᠯᠠᠯᠠᠬᠤ ᠠᠵᠢᠯᠯᠠᠭ᠎ᠠ ᠶᠢ ᠬᠦᠯᠢᠶᠡᠨ ᠠᠪᠴᠤ ᠪᠣᠯᠬᠤ ᠦᠭᠡᠢ᠃ 100 ᠬᠥᠮᠦᠨ ᠢ ᠦᠯᠦ ᠬᠡᠲᠦᠷᠡᠬᠦ ᠬᠠᠮᠲᠤ ᠪᠠᠷ ᠬᠤᠭᠤᠯᠠᠯᠠᠬᠤ ᠠᠵᠢᠯᠯᠠᠭ᠎ᠠ ᠶᠢ ᠬᠦᠯᠢᠶᠡᠨ ᠠᠪᠬᠤ ᠳᠤ ᠪᠠᠨ ᠵᠠᠪᠠᠯ 3 ᠬᠤᠨᠤᠭ ᠤᠨ ᠡᠮᠦᠨ᠎ᠡ ᠠᠴᠠ ᠬᠠᠷᠢᠶ᠎ᠠ ᠣᠷᠣᠨ ᠤ ᠪᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠵᠥᠪᠰᠢᠶᠡᠷᠡᠯ ᠣᠯᠪᠠᠯ ᠰᠠᠶ᠋ᠢ ᠡᠷᠬᠢᠯᠡᠵᠦ ᠪᠣᠯᠣᠨ᠎ᠠ᠃ ᠡᠯ᠎ᠡ ᠲᠥᠷᠥᠯ ᠤᠨ ᠨᠡᠭᠦᠳᠡᠯ ᠬᠤᠭᠤᠯᠠᠨ ᠲᠢᠩᠬᠢᠮ ︵ᠬᠤᠭᠤᠯᠠᠨ ᠤ ᠲᠡᠷᠭᠡ︶ ᠶᠠᠮᠠᠷᠪᠠ ᠬᠡᠯᠪᠡᠷᠢ ᠪᠠᠷ ᠬᠤᠭᠤᠯᠠ ᠤᠮᠳᠠᠭᠠᠨ ᠤ ᠦᠢᠯᠡᠴᠢᠯᠡᠭᠡ ᠥᠷᠨᠢᠭᠦᠯᠬᠦ ᠶᠢ ᠡᠷᠡᠰ ᠴᠠᠭᠠᠵᠠᠯᠠᠨ᠎ᠠ᠃      ᠬᠤᠶᠠᠷ᠂ ᠡᠯ᠎ᠡ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠲᠥᠷᠥᠯ ᠤᠨ ᠠᠵᠢᠯ ᠢ ᠨᠢᠮᠪᠠᠢ ᠰᠠᠶᠢᠲᠤᠷ ᠬᠢᠬᠦ ᠬᠡᠷᠡᠭᠲᠡᠢ᠃ 100 ᠬᠥᠮᠦᠨ ᠢ ᠦᠯᠦ ᠳᠠᠪᠠᠭ᠋ᠤ ᠬᠠᠮᠲᠤ ᠪᠠᠷ ᠬᠤᠭᠤᠯᠠᠯᠠᠬᠤ ᠠᠵᠢᠯᠯᠠᠭ᠎ᠠ ᠶᠢ ᠬᠦᠯᠢᠶᠡᠨ ᠠᠪᠬᠤ ᠳᠤ ᠪᠠᠨ ᠵᠠᠪᠠᠯ ᠡᠷᠬᠢᠯᠡᠬᠦ ᠡᠲᠡᠭᠡᠳ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠮᠠᠯᠠᠯᠲᠠ ᠶᠢᠨ ᠪᠢᠴᠢᠭ ᠲᠣᠭᠲᠠᠬᠤ ᠬᠡᠷᠡᠭᠲᠡᠢ᠃ ᠡᠭᠦᠨ ᠤ ᠬᠠᠮᠲᠤ᠂ ᠬᠠᠮᠲᠤ ᠪᠠᠷ ᠬᠤᠭᠤᠯᠠᠯᠠᠭᠰᠠᠳ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠤᠭᠤᠯᠠᠯᠠᠬᠤ ᠬᠥᠮᠦᠰ ᠤᠨ 7 ᠬᠤᠨᠤᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠ ᠨᠡᠪᠲᠡᠷᠡᠬᠦ ᠺᠣᠳ᠋ ᠢ ᠴᠢᠩᠭ᠎ᠠ ᠰᠢᠯᠭᠠᠨ ᠪᠠᠶᠢᠴᠠᠭᠠᠬᠤ ᠪᠥᠭᠡᠳ ᠪᠡᠶ᠎ᠡ ᠶᠢᠨ ᠬᠠᠯᠠᠭᠤᠨ ᠢ ᠰᠠᠶᠢᠲᠤᠷ ᠬᠡᠮᠵᠢᠵᠦ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠭᠰᠡᠨ ᠡᠰᠡᠬᠦ ᠶᠢ ᠬᠢᠨᠠᠨ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠦᠭᠡᠢ᠂ ᠬᠠᠯᠠᠭᠤᠷᠠᠭᠰᠠᠳ᠂ ᠬᠠᠨᠢᠶᠠᠭᠰᠠᠳ ᠵᠢᠴᠢ ᠨᠣᠭᠤᠭᠠᠨ ᠥᠩᠭᠡᠲᠦ ᠨᠡᠪᠲᠡᠷᠡᠬᠦ ᠺᠣᠳ᠋ ᠦᠭᠡᠢ ᠬᠥᠮᠦᠰ ᠬᠠᠮᠲᠤ ᠪᠠᠷ ᠬᠤᠭᠤᠯᠠᠯᠠᠬᠤ ᠳᠤ ᠣᠷᠣᠯᠴᠠᠬᠤ ᠶᠢ ᠡᠷᠡᠰ ᠴᠠᠭᠠᠵᠠᠯᠠᠬᠤ ᠬᠡᠷᠡᠭᠲᠡᠢ᠃      ᠭᠤᠷᠪᠠ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠣᠰᠣᠭᠠᠷ᠂ ᠨᠠᠶᠢᠷ ᠴᠤᠭᠯᠠᠭᠠᠨ ᠤ ᠣᠷᠣᠨ ᠲᠠᠯᠠᠪᠤᠷ ᠲᠤ ᠦᠷᠭᠦᠯᠵᠢ ᠵᠢᠪᠠᠷ ᠨᠡᠪᠲᠡᠷᠡᠭᠦᠯᠵᠦ᠂ ᠰᠡᠷᠭᠡᠶᠢᠯᠡᠯᠲᠡ ᠶᠢᠨ ᠴᠢᠨᠠᠷᠲᠠᠢ ᠠᠷᠢᠭᠤᠳᠬᠠᠬᠤ ᠠᠵᠢᠯ ᠢ ᠲᠣᠭᠲᠠᠭᠠᠯ ᠶᠣᠰᠣᠭᠠᠷ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠨᠠᠶᠢᠷ ᠴᠤᠭᠯᠠᠭᠠᠨ ᠲᠡᠭᠦᠰᠦᠭᠰᠡᠨ ᠤ ᠳᠠᠷᠠᠭ᠎ᠠ᠂ ᠪᠤᠢ ᠪᠣᠯᠣᠭᠰᠠᠨ ᠬᠤᠭ ᠨᠣᠪᠰᠢ ᠶᠢ ᠵᠠᠪᠠᠯ ᠠᠷᠢᠭᠤᠳᠬᠠᠭᠰᠠᠨ ᠤ ᠳᠠᠷᠠᠭ᠎ᠠ ᠰᠢᠢᠳᠪᠦᠷᠢᠯᠡᠬᠦ ᠬᠡᠷᠡᠭᠲᠡᠢ᠃ ᠲᠤᠰᠠᠭᠠᠷ ᠬᠤᠭᠤᠯᠠᠯᠠᠬᠤ ᠳᠦᠷᠢᠮ ᠪᠠ ᠨᠡᠶᠢᠲᠡ ᠶᠢᠨ ᠰᠠᠪᠬ᠎ᠠ ᠵᠠᠷᠤᠬᠤ ᠳᠦᠷᠢᠮ ᠢ ᠬᠡᠷᠡᠭᠵᠢᠭᠦᠯᠵᠦ᠂ ᠬᠤᠭᠤᠯᠠᠯᠠᠬᠤ ᠬᠥᠮᠦᠰ ᠢ ᠪᠣᠯᠬᠤᠶᠢᠴᠠ ᠴᠥᠭᠡᠳᠬᠡᠵᠦ᠂ ᠬᠤᠭᠤᠯᠠᠨ ᠰᠢᠷᠡᠭᠡᠨ ᠤ ᠬᠤᠭᠤᠷᠣᠨᠳᠣ 1.5 ᠮᠧᠲᠷ ᠠᠴᠠ ᠢᠯᠡᠭᠦᠦ ᠵᠠᠢ ᠦᠯᠡᠳᠡᠭᠡᠵᠦ᠂ ᠬᠤᠭᠤᠯᠠᠯᠠᠭᠴᠢ ᠶᠢᠨ ᠬᠤᠭᠤᠷᠣᠨᠳᠣ 1  ᠮᠧᠲᠷ ᠠᠴᠠ ᠢᠯᠡᠭᠦᠦ ᠵᠠᠢ ᠦᠯᠡᠳᠡᠭᠡᠬᠦ ᠶᠢ ᠪᠠᠲᠤᠯᠠᠬᠤ ᠬᠡᠷᠡᠭᠲᠡᠢ᠃ ᠠᠵᠢᠯᠲᠠᠳ ᠠᠵᠢᠯ ᠤᠨ ᠬᠤᠭᠤᠴᠠᠭᠠᠨ ᠳᠤ ᠵᠠᠪᠠᠯ ᠢᠮᠠᠭᠲᠠ ᠠᠮᠠᠪᠴᠢ ᠵᠡᠭᠦᠵᠦ᠂ ᠲᠣᠭᠲᠠᠮᠠᠯ ᠬᠤᠭᠤᠴᠠᠭᠠᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠢ᠃      ᠳᠥᠷᠪᠡ᠂ ᠬᠠᠮᠲᠤ ᠪᠠᠷ ᠬᠤᠭᠤᠯᠠᠯᠠᠬᠤ ᠠᠵᠢᠯᠯᠠᠭ᠎ᠠ ᠶᠢ ᠡᠷᠬᠢᠯᠡᠬᠦ ᠡᠲᠡᠭᠡᠳ ᠬᠤᠲᠠ ᠶᠢᠨ ᠭᠠᠳᠠᠨ᠎ᠠ᠂ ᠣᠨᠴᠠᠭᠠᠶᠢᠯᠠᠨ ᠬᠢᠵᠢᠭ ᠤᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠬᠥᠮᠦᠨ ᠵᠠᠯᠠᠵᠤ ᠠᠵᠢᠯᠯᠠᠭ᠎ᠠ ᠳᠤ ᠣᠷᠣᠯᠴᠠᠭᠤᠯᠬᠤ ᠶᠢ ᠡᠷᠡᠰ ᠴᠠᠭᠠᠵᠠᠯᠠᠨ᠎ᠠ᠃ ᠬᠠᠮᠲᠤ ᠪᠠᠷ ᠬᠤᠭᠤᠯᠠᠯᠠᠬᠤ ᠠᠵᠢᠯᠯᠠᠭ᠎ᠠ ᠳᠤ ᠣᠷᠣᠯᠴᠠᠭᠰᠠᠳ ᠵᠠᠪᠠᠯ ᠡᠮᠦᠨ᠎ᠡ 7 ᠬᠤᠨᠤᠭ ᠲᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠ ᠨᠣᠭᠤᠭᠠᠨ ᠥᠩᠭᠡᠲᠦ ᠨᠡᠪᠲᠡᠷᠡᠬᠦ ᠺᠣᠳ᠋ ᠲᠠᠢ ᠪᠠᠶᠢᠬᠤ ᠬᠡᠷᠡᠭᠲᠡᠢ᠃ ᠲᠣᠭᠲᠠᠭᠠᠭᠰᠠᠨ ᠱᠠᠭᠠᠷᠳᠠᠯᠭ᠎ᠠ ᠶᠢ ᠦᠯᠦ ᠵᠢᠷᠤᠮᠯᠠᠨ ᠴᠤᠭᠯᠠᠷᠠᠭᠠᠳ᠂ ᠬᠢᠵᠢᠭ ᠬᠠᠯᠳᠠᠪᠤᠷᠢᠯᠠᠭᠤᠯᠤᠨ ᠣᠷᠣᠭᠤᠯᠤᠭᠰᠠᠨ ᠪᠤᠶᠤ ᠳᠡᠯᠭᠡᠷᠡᠭᠦᠯᠦᠭᠰᠡᠨ ᠪᠣᠯ ᠬᠠᠤᠯᠢ ᠳᠦᠷᠢᠮ ᠶᠣᠰᠣᠭᠠᠷ ᠴᠢᠩᠭ᠎ᠠ ᠪᠠᠶᠢᠴᠠᠭᠠᠨ ᠰᠢᠢᠳᠬᠡᠨ᠎ᠡ᠃      ᠲᠠᠪᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ︽︿ᠬᠤᠳᠠᠯᠳᠤᠭᠠᠨ ᠤ ᠭᠠᠵᠠᠷ᠂ ᠬᠠᠮ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠵᠢᠭᠠᠯᠲᠠ﹀ ᠵᠡᠷᠭᠡ ᠰᠡᠷᠭᠡᠶᠢᠯᠡᠨ ᠬᠢᠵᠠᠭᠠᠷᠯᠠᠬᠤ 4 ᠵᠢᠭᠠᠯᠲᠠ ᠶᠢ ᠬᠡᠪᠯᠡᠨ ᠲᠠᠷᠬᠠᠭᠠᠬᠤ ᠲᠤᠬᠠᠢ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠠᠮ ᠳᠡᠯᠭᠡᠭᠦᠷ ᠵᠡᠷᠭᠡ ᠬᠥᠮᠦᠨ ᠣᠯᠠᠨᠲᠠᠢ ᠣᠷᠣᠨ ᠲᠠᠯᠠᠪᠤᠷ ᠤᠨ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠭᠤᠣᠯᠳᠠᠯᠭ᠎ᠠ ᠲᠠᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠰ ᠢ ᠤᠳᠤᠷᠢᠳᠤᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠥᠮᠦᠰ ᠰᠢᠬᠠᠯᠳᠤᠬᠤ ᠠᠴᠠ ᠰᠡᠷᠭᠡᠶᠢᠯᠡᠨ᠎ᠡ᠃      ᠵᠢᠷᠭᠤᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ︽ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠯ ᠡᠵᠡᠮᠳᠡᠯ ᠤᠨ ᠮᠡᠷᠭᠡᠵᠢᠯ ᠤᠨ ᠵᠢᠭᠠᠯᠲᠠ︾ ᠶᠢᠨ ᠱᠠᠭᠠᠷᠳᠠᠯᠭ᠎ᠠ ᠶᠣᠰᠣᠭᠠᠷ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ᠬᠢᠨᠠᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠯᠭᠡᠵᠦ᠂ ᠬᠤᠭᠤᠯᠠ ᠤᠮᠳᠠᠭᠠᠨ ᠤ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠤᠭᠤᠯᠠ ᠤᠮᠳᠠᠭᠠᠨ ᠤ ᠭᠤᠭᠴᠣᠭᠠᠨ ᠳᠤ ᠢᠳᠡᠭᠡᠨ ᠤ ᠨᠡᠮᠡᠯᠲᠡ ᠡᠳ᠋ ᠢ ᠬᠠᠤᠯᠢ ᠪᠤᠰᠤ ᠪᠠᠷ ᠨᠡᠮᠡᠵᠦ ᠳᠤᠷ᠎ᠠ ᠪᠠᠷ ᠬᠡᠷᠡᠭᠯᠡᠬᠦ᠂ ᠭᠡᠷᠡᠴᠢ ᠪᠠᠷᠢᠮᠲᠠ ᠨᠢ ᠪᠦᠷᠢᠨ ᠪᠤᠰᠤ᠂ ᠬᠤᠭᠤᠯᠠ ᠤᠮᠳᠠᠭᠠᠨ ᠤ ᠬᠡᠷᠡᠭᠰᠡᠯ ᠢᠶᠠᠨ ᠦᠯᠦ ᠠᠷᠢᠭᠤᠳᠬᠠᠬᠤ ᠵᠡᠷᠭᠡ ᠬᠠᠤᠯᠢ ᠳᠦᠷᠢᠮ ᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠬᠡᠬᠦ ᠬᠡᠷᠡᠭᠲᠡᠢ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠳᠤ ︽ᠪᠦᠬᠦᠨ ᠢ ᠡᠵᠡᠮᠳᠡᠨ᠂ ᠦᠯᠦ ᠣᠷᠬᠢᠭᠳᠠᠭᠤᠯᠬᠤ︾ ᠪᠢᠲᠡᠭᠦᠦ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠯᠲᠡ ᠶᠢᠨ ᠴᠢᠨᠠᠷᠲᠠᠢ ᠠᠷᠢᠭᠤᠳᠬᠠᠬᠤ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠰᠤᠭᠤᠴᠢᠨ ᠪᠠᠶᠢᠴᠠᠭᠠᠯᠲᠠ ᠶᠢᠨ ᠪᠦᠷᠬᠦᠬᠦ ᠬᠡᠪᠴᠢᠶ᠎ᠡ ᠪᠠ ᠳᠠᠪᠲᠠᠮᠵᠢ ᠶᠢ ᠥᠷᠭᠡᠳᠬᠡᠵᠦ᠂ ᠴᠠᠭ ᠳᠠᠷᠤᠢ ᠳᠤᠨᠢ ᠵᠢᠷᠤᠮ ᠶᠣᠰᠣᠭᠠᠷ ᠰᠢᠢᠳᠪᠦᠷᠢᠯᠡᠬᠦ ᠬᠡᠷᠡᠭᠲᠡᠢ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ︵ᠰᠠᠯᠭᠠᠵᠤ ᠪᠣᠭᠤᠳᠠᠯᠯᠠᠭᠰᠠᠨ ᠢᠳᠡᠭᠡᠨ ᠢ ᠴᠤ ᠪᠠᠭᠲᠠᠭᠠᠨ᠎ᠠ︶ ᠤ ᠵᠢᠷᠤᠮᠵᠢᠭᠰᠠᠨ ᠠᠷᠢᠭᠤᠳᠬᠠᠯ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠦᠯᠦ ᠳᠡᠶᠢᠯᠪᠡᠯ᠂ ᠵᠠᠬ᠎ᠠ ᠳᠤ ᠭᠠᠷᠭᠠᠨ ᠪᠣᠷᠣᠯᠠᠭᠤᠯᠬᠤ ᠶᠢ ᠡᠷᠡᠰ ᠵᠥᠪᠰᠢᠶᠡᠷᠡᠬᠦ ᠦᠭᠡᠢ᠃      ᠳᠣᠯᠤᠭ᠎ᠠ᠂ ᠡᠯ᠎ᠡ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠯ᠎ᠡ ᠲᠥᠷᠥᠯ ᠤᠨ ᠴᠤᠭᠯᠠᠷᠠᠬᠤ ᠠᠵᠢᠯᠯᠠᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠠᠵᠢᠯᠯᠠᠭ᠎ᠠ ᠥᠷᠨᠢᠭᠦᠯᠪᠡᠯ ᠲᠡᠷᠡ ᠳᠠᠷᠤᠢ ᠳᠤᠨᠢ ᠵᠣᠭᠰᠣᠭᠠᠬᠤ ᠶᠢ ᠵᠠᠷᠯᠢᠭᠳᠠᠵᠤ᠂ ᠡᠷᠬᠢᠯᠡᠬᠦ ᠪᠠᠨ ᠦᠯᠦ ᠵᠣᠭᠰᠣᠬᠤ ᠪᠤᠶᠤ ᠪᠤᠰᠤᠳ ᠬᠦᠨᠳᠦ ᠨᠣᠴᠢᠲᠠᠢ ᠪᠠᠶᠢᠳᠠᠯᠲᠠᠢ ᠪᠣᠯ ᠬᠠᠤᠯᠢ ᠳᠦᠷᠢᠮ ᠶᠣᠰᠣᠭᠠᠷ ᠴᠢᠩᠭ᠎ᠠ ᠪᠠᠷ ᠰᠢᠢᠳᠪᠦᠷᠢᠯᠡᠬᠦ ᠬᠡᠷᠡᠭᠲᠡᠢ᠃      ᠨᠠᠢᠮᠠ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠴᠢᠬᠤᠯᠠ ᠪᠤᠰᠤ ᠶᠡᠭᠡ ᠬᠡᠯᠪᠡᠷᠢ ᠶᠢᠨ ᠴᠤᠭᠯᠠᠷᠠᠮᠠᠯ ᠠᠵᠢᠯᠯᠠᠭ᠎ᠠ ᠶᠢ ᠡᠷᠬᠢᠯᠡᠵᠦ ᠪᠣᠯᠬᠤ ᠦᠭᠡᠢ᠃ ᠶᠠᠭ ᠡᠷᠬᠢᠯᠡᠬᠦ ᠴᠢᠬᠤᠯᠠᠲᠠᠢ ᠪᠣᠯ᠂ ᠭᠤᠣᠯᠴᠢᠯᠠᠨ ᠡᠷᠬᠢᠯᠡᠬᠦ ᠡᠲᠡᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠭ᠎ᠠ ᠶᠢᠨ ᠬᠡᠪᠴᠢᠶ᠎ᠡ ᠪᠠ ᠣᠷᠣᠯᠴᠠᠬᠤ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠴᠠᠭ ᠢ ᠨᠢ ᠪᠣᠯᠬᠤᠶᠢᠴᠠ ᠣᠬᠤᠷᠳᠠᠭᠤᠯᠬᠤ ᠬᠡᠷᠡᠭᠲᠡᠢ᠃ 50 ᠬᠥᠮᠦᠨ ᠠᠴᠠ ᠬᠡᠲᠦᠷᠡᠭᠰᠡᠨ ᠠᠵᠢᠯᠯᠠᠭ᠎ᠠ ᠳᠤ ᠰᠡᠷᠭᠡᠶᠢᠯᠡᠨ ᠬᠢᠵᠠᠭᠠᠷᠯᠠᠬᠤ ᠲᠥᠰᠦᠯ ᠭᠠᠷᠭᠠᠪᠠᠯ ᠵᠣᠬᠢᠨ᠎ᠠ ᠃ ᠬᠠᠮᠲᠤ ᠪᠠᠷ ᠴᠠᠭᠠᠯᠠᠬᠤ ᠪᠠ ᠶᠡᠭᠡ ᠬᠡᠯᠪᠡᠷᠢ ᠶᠢᠨ ᠲᠣᠬᠤᠨᠢᠭᠤᠯᠬᠤ ᠠᠵᠢᠯᠯᠠᠭ᠎ᠠ᠂ ᠬᠠᠮᠲᠤ ᠶᠢᠨ ᠨᠠᠶᠢᠷ᠂ ᠬᠠᠮᠲᠤ ᠶᠢᠨ ᠬᠤᠭᠤᠯᠠᠯᠠᠭ᠎ᠠ᠂ ᠣᠨ ᠤ ᠬᠤᠷᠠᠯ ᠵᠡᠷᠭᠡ ᠠᠵᠢᠯᠯᠠᠭ᠎ᠠ ᠶᠢ ᠡᠷᠬᠢᠯᠡᠬᠦ ᠶᠢ ᠡᠷᠡᠰ ᠴᠠᠭᠠᠵᠠᠯᠠᠨ᠎ᠠ᠃      ᠶᠢᠰᠦ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠦᠬᠦᠢ ᠬᠤᠭᠤᠯᠠᠯᠠᠬᠤ ᠲᠣᠭᠲᠠᠭᠠᠯ ᠢ ᠲᠣᠯᠣᠭᠠᠶᠢᠯᠠᠨ ᠭᠦᠢᠴᠡᠳᠬᠡᠵᠦ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠨᠠᠶᠢᠷ ᠢ ᠠᠯᠢ ᠪᠣᠯᠬᠤ ᠪᠠᠷ ᠡᠷᠬᠢᠯᠡᠬᠦ ᠦᠭᠡᠢ ᠪᠤᠶᠤ ᠣᠷᠣᠯᠴᠠᠬᠤ ᠦᠭᠡᠢ ᠪᠠᠶᠢᠵᠤ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠨᠠᠶᠢᠷ ᠵᠡᠷᠭᠡ ᠳᠤ ᠣᠷᠣᠯᠴᠠᠬᠤ ᠬᠥᠮᠦᠨ ᠤ ᠲᠤᠭ᠎ᠠ ᠶᠢ 10 ᠳᠣᠲᠣᠷ᠎ᠠ ᠬᠢᠵᠠᠭᠠᠷᠯᠠᠬᠤ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠦᠷᠢᠮ ᠲᠣᠭᠲᠠᠭᠠᠯ ᠢ ᠵᠥᠷᠢᠴᠡᠭᠰᠡᠨ ᠬᠠᠮᠲᠤ ᠪᠠᠷ ᠬᠤᠭᠤᠯᠠᠯᠠᠬᠤ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠬᠡᠬᠦ ᠬᠡᠷᠡᠭᠲᠡᠢ᠃      ᠠᠷᠪᠠ᠂ ᠰᠣᠨᠢᠨ ᠮᠡᠳᠡᠭᠡᠨ ᠤ ᠵᠠᠭᠤᠴᠢᠯᠠᠭᠤᠷ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠴᠢᠬᠤᠯᠠ ᠪᠤᠰᠤ ᠶᠠᠪᠤᠵᠤ ᠰᠠᠭᠤᠬᠤ ᠠᠵᠢᠯᠯᠠᠭ᠎ᠠ ᠶᠢ ᠴᠥᠭᠡᠳᠬᠡᠨ᠂ ᠳᠦᠷᠢᠮ ᠢ ᠵᠥᠷᠢᠴᠡᠨ ᠡᠷᠬᠢᠯᠡᠭᠰᠡᠨ ᠡᠯ᠎ᠡ ᠲᠥᠷᠥᠯ ᠤᠨ ᠨᠠᠶᠢᠷ ᠴᠤᠭᠯᠠᠭᠠᠨ ᠳᠤ ᠦᠯᠦ ᠣᠷᠣᠯᠴᠠᠬᠤ᠂ ᠬᠥᠮᠦᠨ ᠴᠤᠭᠯᠠᠷᠠᠭᠰᠠᠨ ᠭᠠᠵᠠᠷ᠂ ᠣᠨᠴᠠᠭᠠᠶᠢᠯᠠᠨ ᠪᠢᠲᠡᠭᠦᠦ ᠣᠷᠣᠨ ᠲᠠᠯᠠᠪᠤᠷ ᠲᠤ ᠠᠯᠢ ᠪᠣᠯᠬᠤ ᠪᠠᠷ ᠣᠴᠢᠬᠤ ᠦᠭᠡᠢ᠂ ︽ᠴᠤᠭᠯᠠᠷᠠᠬᠤ ᠶᠢ ᠴᠥᠭᠡᠳᠬᠡᠬᠦ᠂ ᠨᠢᠭᠡ ᠮᠧᠲᠷ ᠤᠨ ᠵᠠᠢ ᠶᠢ ᠪᠠᠲᠤᠯᠠᠬᠤ᠂ ᠭᠠᠷ ᠢᠶᠠᠨ ᠦᠷᠭᠦᠯᠵᠢ ᠤᠬᠢᠶᠠᠬᠤ︾ ᠵᠡᠷᠭᠡ ᠣᠬᠢ ᠰᠠᠶᠢᠨ ᠡᠷᠡᠭᠦᠯ ᠬᠠᠮᠠᠭᠠᠯᠠᠯ ᠤᠨ ᠳᠠᠳᠬᠠᠯ ᠢ ᠪᠤᠢ ᠪᠣᠯᠭᠠᠬᠤ ᠶᠢ ᠰᠤᠷᠲᠠᠯᠴᠢᠯᠠᠬᠤ ᠬᠡᠷᠡᠭᠲᠡᠢ᠃      ᠠᠷᠪᠠᠨ ᠨᠢᠭᠡ᠂ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠠᠷᠢᠯ ᠢ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠬᠤᠪᠢᠷᠠᠯᠲᠠ ᠶᠢ ᠳᠠᠭᠠᠯᠳᠤᠨ ᠬᠥᠳᠡᠯᠦᠩᠭᠦᠢ ᠪᠠᠷ ᠲᠣᠬᠢᠷᠠᠭᠤᠯᠤᠨ᠎ᠠ᠃                                 ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                                   ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                       2021 ᠣᠨ ᠤ 1 ᠰᠠᠷ᠎ᠠ ᠶᠢᠨ 9 ᠤ ᠡᠳᠥᠷ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ