ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ ᠠᠷᠪᠢᠴᠢ ᠪᠣᠯᠪᠠᠰᠤᠨ ᠢᠶᠠᠷ ᠴᠠᠭᠠᠯᠠᠬᠤ ᠲᠤᠬᠠᠢ ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠰᠠᠨᠠᠭᠠᠴᠢᠯᠠᠭ᠎ᠠ ᠶᠢᠨ ᠪᠢᠴᠢᠭ︵2021 ᠣᠨ ᠤ 1 ᠰᠠᠷ᠎ᠠ ᠶᠢᠨ 9 ᠤ ᠡᠳ᠋᠊
ᠨᠡᠶᠢᠲᠡᠯᠡᠭᠰᠡᠨ ᠴᠠᠭ᠄
2021/1/12
ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠥᠬᠦᠳ ᠲᠤ᠄      ᠣᠳᠣᠬᠠᠨ ᠳᠤ᠂ ᠳᠡᠯᠡᠬᠡᠢ ᠳᠠᠶᠠᠭᠠᠷ ᠲᠤ ᠬᠢᠵᠢᠭ ᠤᠨ ᠪᠠᠶᠢᠳᠠᠯ ᠦᠷᠭᠦᠯᠵᠢᠯᠡᠨ ᠬᠠᠯᠳᠠᠪᠤᠷᠢᠯᠠᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠲᠤᠰ ᠭᠠᠵᠠᠷ ᠲᠤ ᠡᠭᠦᠰᠦᠭᠰᠡᠨ ᠬᠢᠵᠢᠭ ᠤᠨ ᠪᠠᠶᠢᠳᠠᠯ ᠲᠠᠷᠠᠬᠠᠢ ᠪᠠᠷ ᠪᠤᠶᠤ ᠲᠥᠪᠯᠡᠷᠡᠨ ᠡᠭᠦᠰᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠯᠡ ᠲᠦᠪᠡᠭ ᠪᠤᠳᠤᠯᠢᠶᠠᠨᠲᠠᠢ ᠪᠠᠶᠢᠨ᠎ᠠ᠃ ᠴᠠᠭᠠᠨ ᠰᠠᠷ᠎ᠠ ᠣᠶᠢᠷᠠᠳᠴᠤ ᠪᠠᠶᠢᠭ᠎ᠠ ᠲᠤᠯᠠ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠥᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠡᠷᠡᠭᠦᠯ ᠪᠣᠯᠪᠠᠰᠤᠨ ᠠᠮᠢᠳᠤᠷᠠᠯ ᠤᠨ ᠰᠤᠷᠲᠠᠯ ᠢ ᠰᠠᠨᠠᠭᠠᠴᠢᠯᠠᠵᠤ᠂ ᠥᠷᠭᠡᠨ ᠣᠯᠠᠨ ᠬᠤᠲᠠ ᠶᠢᠨ ᠠᠷᠠᠳ ᠢ ᠠᠮᠤᠷ ᠰᠠᠶᠢᠬᠠᠨ ᠰᠢᠨᠡᠯᠡᠭᠦᠯᠬᠦ ᠶᠢᠨ ᠲᠥᠯᠥᠭᠡ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠠᠴᠠ ᠳᠣᠣᠷᠠᠬᠢ ᠮᠡᠲᠦ ᠪᠠᠷ ᠰᠠᠨᠠᠭᠠᠴᠢᠯᠠᠰᠤᠭᠠᠢ᠄      ᠨᠢᠭᠡ᠂ ᠶᠠᠪᠤᠵᠤ ᠰᠠᠭᠤᠬᠤ ᠪᠠ ᠴᠤᠭᠯᠠᠷᠠᠬᠤ ᠪᠠᠨ ᠴᠥᠭᠡᠳᠬᠡᠶ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠰ ᠤᠨ ᠶᠠᠪᠤᠵᠤ ᠰᠠᠭᠤᠬᠤ ᠨᠢ ᠣᠯᠠᠰᠢᠷᠠᠳᠠᠭ᠂ ᠥᠷᠭᠡᠨ ᠣᠯᠠᠨ ᠬᠤᠲᠠ ᠶᠢᠨ ᠠᠷᠠᠳ ᠠᠶᠢᠯᠴᠢᠯᠠᠵᠤ ᠲᠣᠭᠤᠷᠢᠬᠤ ᠪᠠᠨ ᠪᠣᠯᠬᠤᠶᠢᠴᠠ ᠴᠥᠭᠡᠳᠬᠡᠨ᠂ ᠰᠢᠬᠠᠯᠳᠤᠬᠤ ᠦᠭᠡᠢ᠂ ᠴᠤᠭᠯᠠᠷᠠᠬᠤ ᠦᠭᠡᠢ᠂ ᠬᠠᠮᠲᠤ ᠪᠠᠷ ᠬᠤᠭᠤᠯᠠᠯᠠᠬᠤ ᠦᠭᠡᠢ ᠪᠠᠶᠢᠵᠤ᠂ ᠰᠦᠯᠵᠢᠶ᠎ᠡ ᠵᠢᠷᠭᠢᠶ᠎ᠡ ᠪᠠ ᠭᠠᠷ ᠤᠲᠠᠰᠤ ᠪᠠᠷ ᠰᠢᠨᠡᠯᠡᠬᠦ ᠶᠢ ᠰᠠᠨᠠᠭᠠᠴᠢᠯᠠᠵᠤ᠂ ᠲᠥᠪᠯᠡᠷᠡᠮᠡᠯ ᠬᠢᠵᠢᠭ ᠤᠨ ᠪᠠᠶᠢᠳᠠᠯ ᠡᠭᠦᠰᠬᠦ ᠶᠢ ᠪᠦᠲᠦᠮᠵᠢᠲᠡᠢ ᠰᠡᠷᠭᠡᠶᠢᠯᠡᠶ᠎ᠡ᠃ ᠥᠪᠡᠷ ᠤᠨ ᠢᠶᠠᠨ ᠰᠡᠷᠭᠡᠶᠢᠯᠡᠯ ᠬᠠᠮᠠᠭᠠᠯᠠᠯ ᠢᠶᠠᠨ ᠰᠠᠶᠢᠲᠤᠷ ᠬᠢᠵᠦ᠂ ᠵᠢᠷᠤᠮᠰᠢᠯ ᠶᠣᠰᠣᠭᠠᠷ ᠠᠮᠠᠪᠴᠢ ᠵᠡᠭᠦᠵᠦ᠂ ᠦᠷᠭᠦᠯᠵᠢ ᠭᠠᠷ ᠢᠶᠠᠨ ᠤᠬᠢᠶᠠᠬᠤ᠂ ᠦᠷᠭᠦᠯᠵᠢ ᠵᠢᠪᠠᠷ ᠨᠡᠪᠲᠡᠷᠡᠭᠦᠯᠬᠦ᠂ ᠴᠤᠭᠯᠠᠷᠠᠬᠤ ᠪᠠᠨ ᠴᠥᠭᠡᠳᠬᠡᠬᠦ᠂ ᠨᠢᠭᠡ ᠮᠧᠲᠷ ᠤᠨ ᠵᠠᠢ ᠶᠢ ᠪᠠᠲᠤᠯᠠᠬᠤ᠂ ᠨᠡᠶᠢᠲᠡ ᠶᠢᠨ ᠰᠠᠪᠬ᠎ᠠ ᠵᠠᠷᠤᠬᠤ ᠵᠡᠷᠭᠡ ᠡᠷᠡᠭᠦᠯ ᠪᠣᠯᠪᠠᠰᠤᠨ ᠳᠠᠳᠬᠠᠯ ᠢ ᠪᠤᠢ ᠪᠣᠯᠭᠠᠶ᠎ᠠ᠃ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠰᠠᠨᠠᠭᠤᠯᠤᠮᠵᠢ ᠶᠢ ᠠᠩᠬᠠᠷᠴᠤ᠂ ᠴᠢᠬᠤᠯᠠ ᠶᠠᠪᠤᠳᠠᠯ ᠪᠢᠰᠢ ᠪᠣᠯ ᠬᠤᠲᠠ ᠠᠴᠠ ᠭᠠᠷᠬᠤ ᠦᠭᠡᠢ᠂ ᠬᠢᠯᠢ ᠠᠴᠠ ᠭᠠᠷᠬᠤ ᠦᠭᠡᠢ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠦ ᠣᠷᠣᠨ ᠳᠤ ᠣᠴᠢᠬᠤ ᠦᠭᠡᠢ ᠪᠠᠶᠢᠶ᠎ᠠ᠃      ᠬᠤᠶᠠᠷ᠂ ᠬᠤᠷᠢᠮ ᠤᠨ ᠰᠢᠨ᠎ᠡ ᠰᠤᠷᠲᠠᠯ ᠢ ᠰᠠᠨᠠᠭᠠᠴᠢᠯᠠᠶ᠎ᠠ᠃ ᠠᠪᠰᠠᠷ ᠳᠥᠭᠦᠮ᠂ ᠡᠷᠡᠭᠦᠯ ᠪᠣᠯᠪᠠᠰᠤᠨ ᠬᠤᠷᠢᠮ ᠤᠨ ᠶᠣᠰᠣᠯᠠᠯ ᠤᠨ ᠰᠢᠨ᠎ᠡ ᠰᠤᠷᠲᠠᠯ ᠢ ᠡᠷᠬᠢᠮᠯᠡᠵᠦ᠂ ᠬᠤᠷᠢᠮ ᠤᠨ ᠶᠣᠰᠣᠯᠠᠯ ᠢ ᠳᠥᠭᠦᠮᠴᠢᠯᠡᠨ᠂ ᠬᠡᠪᠴᠢᠶ᠎ᠡ ᠶᠢ ᠬᠢᠵᠠᠭᠠᠷᠯᠠᠵᠤ᠂ ᠶᠡᠭᠡ ᠪᠠᠷ ᠬᠢᠬᠦ ᠪᠠ ᠪᠦᠷᠢᠯᠭᠡᠨ ᠰᠦᠢᠳᠬᠡᠬᠦ ᠵᠡᠷᠭᠡ ᠮᠠᠭᠤᠬᠠᠢ ᠵᠠᠩᠰᠢᠯ ᠢ ᠡᠷᠡᠰ ᠵᠣᠭᠰᠣᠭᠠᠶ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠭᠠᠳᠠᠷ ᠣᠷᠣᠨ ᠳᠠᠬᠢ ᠲᠥᠷᠥᠯ ᠰᠠᠳᠤᠨ ᠨᠠᠶᠢᠵᠠ ᠨᠥᠬᠦᠳ ᠢᠶᠠᠨ ᠤᠷᠢᠵᠤ ᠬᠤᠷᠢᠮ ᠳᠤ ᠣᠷᠣᠯᠴᠠᠭᠤᠯᠬᠤ ᠦᠭᠡᠢ ᠪᠠᠶᠢᠵᠤ᠂ ᠵᠥᠪᠬᠡᠨ ᠭᠡᠷ ᠤᠨ ᠬᠥᠮᠦᠰ ᠪᠤᠶᠤ ᠣᠶᠢᠷ᠎ᠠ ᠲᠥᠷᠥᠯ ᠢᠶᠠᠨ ᠯᠡ ᠣᠷᠣᠯᠴᠠᠭᠤᠯᠤᠭᠰᠠᠨ ᠪᠠᠭ᠎ᠠ ᠬᠤᠷᠢᠮ ᠬᠢᠬᠦ ᠶᠢ ᠵᠣᠷᠢᠭᠵᠢᠭᠤᠯᠤᠶ᠎ᠠ᠃      ᠭᠤᠷᠪᠠ᠂ ᠪᠡᠯᠪᠡᠰᠦᠷᠡᠯ ᠤᠨ ᠶᠠᠪᠤᠳᠠᠯ ᠢ ᠳᠥᠭᠦᠮ ᠢᠶᠠᠷ ᠬᠢᠬᠦ ᠶᠢ ᠰᠠᠨᠠᠭᠠᠴᠢᠯᠠᠶ᠎ᠠ᠃ ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠡᠯᠪᠡᠰᠦᠷᠡᠯ ᠤᠨ ᠠᠵᠢᠯᠯᠠᠭ᠎ᠠ ᠶᠢ ᠳᠥᠭᠦᠮᠬᠡᠨ ᠬᠢᠵᠦ᠂ ᠬᠡᠪᠴᠢᠶ᠎ᠡ ᠶᠢ ᠬᠢᠵᠠᠭᠠᠷᠯᠠᠨ᠂ ᠬᠤᠭᠤᠴᠠᠭ᠎ᠠ ᠶᠢ ᠣᠬᠤᠷᠳᠠᠭᠤᠯᠵᠤ᠂ ᠭᠠᠳᠠᠷ ᠣᠷᠣᠨ ᠳᠠᠬᠢ ᠲᠥᠷᠥᠯ ᠰᠠᠳᠤᠨ ᠨᠠᠶᠢᠵᠠ ᠨᠥᠬᠦᠳ ᠢᠶᠠᠨ ᠤᠷᠢᠵᠤ ᠣᠷᠣᠯᠴᠠᠭᠤᠯᠬᠤ ᠦᠭᠡᠢ ᠪᠠᠶᠢᠵᠤ᠂ ᠬᠥᠮᠦᠰ ᠴᠤᠭᠯᠠᠷᠠᠬᠤ ᠶᠢ ᠪᠣᠯᠬᠤᠶᠢᠴᠠ ᠪᠠᠭᠠᠰᠬᠠᠶ᠎ᠠ᠃ ᠴᠢᠨᠳᠠᠷ ᠭᠠᠷᠭᠠᠬᠤ ᠪᠣᠯᠪᠠᠰᠤᠨ ᠰᠤᠷᠲᠠᠯ ᠢ ᠰᠠᠨᠠᠭᠠᠴᠢᠯᠠᠵᠤ᠂ ᠣᠩᠭᠤᠨ ᠤ ᠭᠠᠵᠠᠷ᠂ ᠵᠠᠮ ᠵᠡᠭᠡᠯᠢ᠂ ᠰᠠᠭᠤᠭᠠᠯᠢ ᠲᠣᠭᠤᠷᠢᠭ ᠵᠡᠷᠭᠡ ᠣᠷᠣᠨ ᠲᠠᠯᠠᠪᠤᠷ ᠲᠤ ᠲᠦᠯᠡᠰᠢ ᠳᠣᠶ᠋ᠢᠩ ᠡᠷᠭᠦᠬᠦ ᠦᠭᠡᠢ᠂ ᠫᠤᠤᠵᠢᠩ ᠲᠠᠯᠪᠢᠬᠤ ᠦᠭᠡᠢ᠂ ᠴᠠᠭᠠᠰᠤᠨ ᠵᠣᠭᠤᠰ ᠰᠠᠴᠤᠬᠤ ᠦᠭᠡᠢ ᠪᠠᠶᠢᠵᠤ᠂ ᠭᠠᠯ ᠤᠨ ᠠᠶᠤᠯ ᠡᠭᠦᠰᠬᠦ ᠠᠴᠠ ᠵᠠᠶᠢᠯᠠᠰᠬᠢᠶ᠎ᠡ᠃      ᠳᠥᠷᠪᠡ᠂ ᠪᠤᠩᠬᠤᠨ ᠱᠦᠭᠦᠷᠳᠡᠬᠦ ᠪᠣᠯᠪᠠᠰᠤᠨ ᠰᠤᠷᠲᠠᠯ ᠢ ᠰᠠᠨᠠᠭᠠᠴᠢᠯᠠᠶ᠎ᠠ᠃ ᠠᠷᠪᠢᠴᠢ ᠪᠣᠯᠪᠠᠰᠤᠨ ᠢᠶᠠᠷ ᠪᠤᠩᠬᠤᠨ ᠱᠦᠭᠦᠷᠳᠡᠬᠦ ᠰᠤᠷᠲᠠᠯ ᠢ ᠬᠦᠴᠦᠲᠡᠢ ᠳᠡᠯᠭᠡᠷᠡᠭᠦᠯᠵᠦ᠂ ᠪᠣᠯᠪᠠᠰᠤᠨ ᠪᠤᠰᠤ ᠵᠠᠩᠰᠢᠯ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠭᠡᠷ ᠲᠤ ᠪᠠᠨ ᠳᠤᠷᠠᠳᠬᠠᠨ ᠲᠡᠮᠳᠡᠭᠯᠡᠬᠦ᠂ ᠰᠦᠯᠵᠢᠶᠡᠨ ᠳᠡᠭᠡᠷ᠎ᠡ ᠪᠤᠩᠬᠤᠨ ᠱᠦᠭᠦᠷᠳᠡᠬᠦ ᠵᠡᠷᠭᠡ ᠠᠷᠭ᠎ᠠ ᠬᠡᠯᠪᠡᠷᠢ ᠪᠠᠷ ᠲᠠᠯᠢᠢᠭᠰᠠᠳ ᠢᠶᠠᠨ ᠳᠤᠷᠠᠳᠬᠠᠨ᠂ ᠬᠡᠭᠦᠷ ᠣᠩᠭᠤᠨ ᠤ ᠭᠠᠵᠠᠷ᠂ ᠴᠢᠨᠳᠠᠷ ᠬᠠᠳᠠᠭᠠᠯᠠᠬᠤ ᠭᠠᠵᠠᠷ ᠵᠡᠷᠭᠡ ᠣᠷᠣᠨ ᠲᠠᠯᠠᠪᠤᠷ ᠲᠤ ᠠᠯᠢ ᠪᠣᠯᠬᠤ ᠪᠠᠷ ᠴᠤᠭᠯᠠᠷᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠬᠠᠯᠳᠠᠪᠤᠷᠢᠯᠠᠨ ᠳᠡᠯᠭᠡᠷᠡᠬᠦ ᠲᠦᠭᠰᠢᠭᠦᠷᠢ ᠶᠢ ᠪᠦᠲᠦᠮᠵᠢᠲᠡᠢ ᠪᠠᠭᠤᠷᠠᠭᠤᠯᠤᠶ᠎ᠠ᠃      ᠲᠠᠪᠤ᠂ ᠲᠡᠷᠢᠭᠦᠯᠡᠨ ᠵᠢᠱᠢᠶ᠎ᠡ ᠦᠵᠡᠭᠦᠯᠬᠦ ᠶᠢ ᠰᠠᠨᠠᠭᠠᠴᠢᠯᠠᠶ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠥᠯ ᠢᠶᠠᠨ ᠪᠠᠳᠠᠷᠠᠭᠤᠯᠤᠨ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠮᠠᠭᠤᠬᠠᠢ ᠳᠠᠳᠬᠠᠯ ᠢ ᠥᠭᠡᠷᠡᠴᠢᠯᠡᠨ᠂ ᠠᠷᠪᠢᠴᠢ ᠪᠣᠯᠪᠠᠰᠤᠨ ᠢ ᠡᠷᠬᠢᠮᠯᠡᠬᠦ ᠦᠢᠯᠡᠳᠥᠯᠭᠡᠵᠢᠭᠦᠯᠦᠭᠴᠢ᠂ ᠰᠠᠨᠠᠭᠠᠴᠢᠯᠠᠭᠴᠢ ᠪᠠ ᠳᠡᠯᠭᠡᠷᠡᠭᠦᠯᠦᠭᠴᠢ ᠪᠣᠯᠵᠤ᠂ ᠣᠯᠠᠨ ᠲᠦᠮᠡᠨ ᠢ ᠵᠢᠱᠢᠶ᠎ᠡ ᠦᠵᠡᠭᠦᠯᠦᠨ ᠳᠠᠭᠠᠭᠤᠯᠵᠤ ᠦᠵᠡᠯᠲᠡ ᠲᠠᠨᠢᠯᠲᠠ ᠶᠢ ᠨᠢ ᠥᠭᠡᠷᠡᠴᠢᠯᠡᠨ᠂ ᠮᠠᠭᠤᠬᠠᠢ ᠳᠠᠳᠬᠠᠯ ᠢ ᠤᠬᠠᠮᠰᠠᠷ ᠠᠴᠠ ᠪᠠᠨ ᠡᠰᠡᠷᠭᠦᠴᠡᠵᠦ᠂ ᠨᠡᠶᠢᠭᠡᠮ ᠤᠨ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠶ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ