ᠪᠠᠶᠠᠨᠨᠠᠭᠤᠷ ᠰᠡᠷᠭᠡᠶᠢᠯᠡᠬᠦ ᠵᠢᠯᠣᠭᠤᠳᠬᠤ ᠲᠠᠷᠬᠠᠭᠠᠭᠰᠠᠨ ︹2021︺1 ᠳ᠋ᠦ᠋ᠭᠡᠷ ᠲᠣᠭᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠮᠡᠳᠡ᠊
ᠨᠡᠶᠢᠲᠡᠯᠡᠭᠰᠡᠨ ᠴᠠᠭ᠄
2021/1/12
ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠳᠤ᠄      ᠣᠳᠣᠬᠠᠨ ᠳᠤ᠂ ᠳᠡᠯᠡᠬᠡᠢ ᠳᠠᠶᠠᠭᠠᠷ ᠲᠤ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠲᠤᠰ ᠭᠠᠵᠠᠷ ᠡᠭᠦᠰᠦᠭᠰᠡᠨ ᠬᠢᠵᠢᠭ ᠤᠨ ᠪᠠᠶᠢᠳᠠᠯ ᠣᠯᠠᠨ ᠭᠠᠵᠠᠷ ᠲᠠᠷᠠᠬᠠᠢ ᠪᠠᠷ ᠡᠭᠦᠰᠴᠦ᠂ ᠬᠢᠵᠢᠭ ᠬᠠᠯᠳᠠᠪᠤᠷᠢᠯᠠᠨ ᠳᠡᠯᠭᠡᠷᠡᠬᠦ ᠲᠦᠭᠰᠢᠭᠦᠷᠢ ᠲᠠᠰᠤᠷᠠᠯᠲᠠ ᠦᠭᠡᠢ ᠶᠡᠬᠡᠰᠴᠦ ᠪᠠᠶᠢᠨ᠎ᠠ᠃ ᠣᠨᠴᠠᠭᠠᠶᠢᠯᠠᠨ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠡᠬᠢᠯᠡᠬᠦ ᠪᠠ ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠬᠥᠮᠦᠨ ᠪᠠ ᠪᠣᠳᠠᠰ ᠤᠨ ᠴᠤᠭᠯᠠᠷᠠᠨ ᠰᠢᠯᠵᠢᠬᠦ ᠨᠢ ᠤᠯᠠᠮ ᠣᠯᠠᠰᠢᠷᠠᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠳᠡᠯᠭᠡᠷᠡᠬᠦ ᠲᠦᠭᠰᠢᠭᠦᠷᠢ ᠤᠯᠠᠮ ᠬᠡᠴᠡᠭᠦᠳᠡᠵᠦ ᠪᠠᠶᠢᠨ᠎ᠠ᠃ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠬᠠᠯᠳᠠᠪᠤᠷᠢᠯᠠᠬᠤ ᠵᠠᠮ ᠮᠥᠷ ᠢ ᠡᠷᠡᠰ ᠲᠠᠰᠤᠯᠵᠤ᠂ ᠥᠷᠭᠡᠨ ᠣᠯᠠᠨ ᠬᠤᠲᠠ ᠶᠢᠨ ᠠᠷᠠᠳ ᠢ ᠠᠮᠤᠷ ᠠᠮᠤᠭᠤᠯᠠᠩ ᠰᠢᠨᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠪᠦᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠳᠣᠣᠷᠠᠬᠢ ᠮᠡᠲᠦ ᠮᠡᠳᠡᠭᠳᠡᠰᠦᠭᠡᠢ᠄      ᠨᠢᠭᠡ᠂ ᠵᠠᠮ ᠬᠠᠷᠢᠯᠴᠠᠭᠠᠨ ᠤ ᠥᠷᠲᠡᠭᠡ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠥᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ᠂ ᠵᠠᠰᠠᠮᠠᠯ ᠵᠠᠮ ᠵᠡᠷᠭᠡ ᠶᠢᠨ ᠬᠠᠮᠢᠶᠠᠷᠤᠯᠲᠠ ᠶᠢᠨ ᠨᠢᠭᠡᠴᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠦ ᠣᠷᠣᠨ ᠤ ᠬᠥᠳᠡᠯᠦᠩᠭᠦᠢ ᠲᠣᠬᠢᠷᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠲᠠ ᠶᠢᠨ ᠵᠥᠭᠡᠭᠡᠪᠦᠷᠢ ᠶᠢᠨ ᠡᠭᠡᠯᠵᠢ ᠤᠳᠠᠭ᠎ᠠ ᠶᠢ ᠳᠠᠷᠤᠢ ᠳᠤᠨᠢ ᠲᠣᠬᠢᠷᠠᠭᠤᠯᠵᠤ᠂ ᠠᠶᠠᠨᠴᠢᠳ ᠤᠨ ᠵᠥᠭᠡᠭᠡᠪᠦᠷᠢ ᠶᠢᠨ ᠬᠦᠴᠦᠨ ᠤ ᠲᠣᠬᠢᠷᠠᠭᠤᠯᠤᠯᠲᠠ ᠡᠵᠡᠮᠳᠡᠯ ᠢ ᠴᠢᠩᠭᠠᠳᠬᠠᠵᠤ᠂ ᠥᠷᠲᠡᠭᠡᠨ ᠳᠤ ᠣᠷᠣᠬᠤ ᠠᠶᠠᠨᠴᠢᠳ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠨᠡᠪᠲᠡᠷᠡᠬᠦ ᠺᠣᠳ᠋ ᠢ ᠪᠠᠶᠢᠴᠠᠭᠠᠬᠤ᠂ ᠠᠮᠠᠪᠴᠢ ᠵᠡᠭᠦᠭᠰᠡᠨ ᠡᠰᠡᠬᠦ ᠶᠢ ᠪᠠᠶᠢᠴᠠᠭᠠᠬᠤ ᠪᠠ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠠᠨᠴᠢᠳ ᠤᠨ ᠲᠡᠷᠭᠡᠨ ᠳᠤ ᠭᠠᠷᠬᠤ ᠰᠤᠷᠠᠭ ᠵᠠᠩᠭᠢ ᠶᠢ ᠳᠠᠩᠰᠠᠯᠠᠵᠤ᠂ ᠪᠡᠶ᠎ᠡ ᠶᠢᠨ ᠬᠠᠯᠠᠭᠤᠨ ᠨᠢ ᠬᠡᠪ ᠤᠨ ᠪᠤᠰᠤ᠂ ᠨᠡᠪᠲᠡᠷᠡᠬᠦ ᠺᠣᠳ᠋ ᠨᠢ ᠨᠣᠭᠤᠭᠠᠨ ᠪᠤᠰᠤ ᠬᠥᠮᠦᠰ ᠲᠤ ᠳᠠᠷᠤᠢ ᠳᠤᠨᠢ ᠲᠦᠷ ᠲᠤᠰᠠᠭᠠᠷᠯᠠᠬᠤ ᠠᠷᠭ᠎ᠠ ᠶᠢ ᠠᠪᠬᠤ ᠶᠢᠨ ᠬᠠᠮᠲᠤ ᠬᠠᠷᠢᠶ᠎ᠠ ᠵᠢᠯᠣᠭᠤᠳᠬᠤ ᠭᠠᠵᠠᠷ ᠲᠤ ᠪᠠᠨ ᠮᠡᠳᠡᠭᠦᠯᠬᠦ ᠬᠡᠷᠡᠭᠲᠡᠢ︔ ᠬᠤᠭᠤᠴᠠᠭ᠎ᠠ ᠨᠢ ᠥᠩᠭᠡᠷᠡᠭᠰᠡᠨ ᠨᠣᠭᠤᠭᠠᠨ ᠥᠩᠭᠡᠲᠦ ᠨᠡᠪᠲᠡᠷᠡᠬᠦ ᠺᠣᠳ᠋ ᠤᠨ ᠵᠢᠷᠤᠭ ᠢᠶᠠᠷ ᠠᠶᠠᠨ ᠵᠠᠮ ᠢᠶᠠᠨ ᠨᠢᠭᠤᠴᠠᠯᠠᠨ ᠪᠠᠶᠢᠴᠠᠭᠠᠯᠲᠠ ᠶᠢ ᠠᠷᠭᠠᠴᠠᠭᠠᠭᠰᠠᠳ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠠᠮᠠᠪᠴᠢ ᠵᠡᠭᠦᠭᠰᠡᠨ ᠦᠭᠡᠢ ᠠᠶᠠᠨᠴᠢᠳ ᠢ ᠥᠷᠲᠡᠭᠡᠨ ᠳᠤ ᠶᠠᠭ ᠣᠷᠣᠭᠤᠯᠬᠤ ᠦᠭᠡᠢ ᠪᠤᠶᠤ ᠥᠷᠲᠡᠭᠡᠨ ᠳᠤ ᠪᠠᠶᠢᠯᠭᠠᠬᠤ ᠦᠭᠡᠢ᠃ ᠠᠶᠢᠮᠠᠭ ᠬᠤᠲᠠ ᠠᠯᠤᠰᠯᠠᠭᠰᠠᠨ ᠵᠢᠴᠢ ᠮᠤᠵᠢ ᠣᠷᠣᠨ ᠤ ᠬᠤᠭᠤᠷᠣᠨᠳᠣᠬᠢ ᠠᠶᠠᠨᠴᠢᠳ ᠤᠨ ᠵᠥᠭᠡᠭᠡᠪᠦᠷᠢ ᠶᠢᠨ ᠱᠤᠭᠤᠮ ᠤᠨ ᠡᠵᠡᠩᠨᠡᠭᠴᠢ ᠵᠠᠪᠠᠯ ᠵᠥᠪᠰᠢᠶᠡᠷᠡᠭᠰᠡᠨ ᠵᠣᠭᠰᠣᠬᠤ ᠥᠷᠲᠡᠭᠡᠨ ᠳᠤ ᠪᠠᠨ ᠵᠣᠭᠰᠣᠬᠤ ᠠᠴᠠ ᠪᠢᠰᠢ ᠥᠷᠲᠡᠭᠡᠨ ᠤ ᠭᠠᠳᠠᠨ᠎ᠠ ᠠᠶᠠᠨᠴᠢᠨ ᠢ ᠲᠡᠷᠭᠡᠨ ᠳᠤ ᠭᠠᠷᠭᠠᠬᠤ ᠶᠢ ᠡᠷᠡᠰ ᠴᠠᠭᠠᠵᠠᠯᠠᠵᠤ᠂ ᠮᠠᠨ ᠤ ᠬᠤᠲᠠ ᠳᠤ ᠣᠷᠣᠭᠰᠠᠨ ᠤ ᠳᠠᠷᠠᠭ᠎ᠠ ᠮᠠᠰᠢᠨ ᠲᠡᠷᠭᠡᠨ ᠤ ᠥᠷᠲᠡᠭᠡ ᠳᠤ ᠠᠶᠠᠨᠴᠢᠳ ᠢ ᠨᠢᠭᠡᠳᠥᠯᠲᠡᠢ ᠪᠠᠭᠤᠯᠭᠠᠵᠤ᠂ ᠠᠶᠠᠨᠴᠢᠳ ᠤᠨ ᠪᠠᠭᠤᠬᠤ ᠦᠶ᠎ᠡ ᠶᠢᠨ ᠪᠡᠶ᠎ᠡ ᠶᠢᠨ ᠬᠠᠯᠠᠭᠤᠨ᠂ ᠨᠡᠪᠲᠡᠷᠡᠬᠦ ᠺᠣᠳ᠋ ᠢ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠥᠷᠲᠡᠭᠡ ᠲᠠᠯᠠᠪᠤᠷ ᠤᠨ ᠠᠵᠢᠯᠲᠠᠳ ᠤᠨ ᠪᠡᠶ᠎ᠡ ᠶᠢᠨ ᠬᠠᠯᠠᠭᠤᠨ ᠤ ᠪᠠᠶᠢᠴᠠᠭᠠᠯᠲᠠ᠂ ᠲᠡᠭᠡᠭᠡᠪᠦᠷᠢ ᠶᠢᠨ ᠪᠠᠭᠠᠵᠢ ᠶᠢᠨ ᠠᠷᠢᠭᠤᠳᠬᠠᠯ ᠵᠡᠷᠭᠡ ᠠᠵᠢᠯ ᠢ ᠴᠢᠩᠭᠠᠳᠬᠠᠬᠤ ᠬᠡᠷᠡᠭᠲᠡᠢ᠃      ᠡᠳᠥᠷ ᠤᠨ ᠮᠡᠳᠡᠭᠦᠯᠦᠯᠲᠡ ᠪᠠ ︽ᠲᠡᠭ ᠮᠡᠳᠡᠭᠦᠯᠦᠯᠲᠡ︾ ᠶᠢᠨ ᠳᠦᠷᠢᠮ ᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠡᠳᠥᠷ ᠪᠣᠯᠭᠠᠨ ᠤ 18 : 00 ᠴᠠᠭ ᠠᠴᠠ ᠡᠮᠦᠨ᠎ᠡ ᠬᠠᠷᠢᠶ᠎ᠠ ᠣᠷᠣᠨ ᠳᠠᠬᠢ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠨᠢᠰᠬᠡᠯ ᠤᠨ ᠪᠠᠭᠤᠳᠠᠯ ᠤᠨ 24 ᠴᠠᠭ ᠤᠨ ᠳᠣᠲᠣᠷᠠᠬᠢ ᠭᠠᠷᠴᠤ ᠣᠷᠣᠭᠰᠠᠨ ᠬᠥᠮᠦᠰ ᠤᠨ ᠨᠡᠪᠲᠡᠷᠡᠬᠦ ᠺᠣᠳ᠋ ᠤᠨ ᠪᠠᠶᠢᠴᠠᠭᠠᠯᠲᠠ᠂ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠶᠢᠨ ᠪᠠᠶᠢᠳᠠᠯ ᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠳᠠᠯ ᠢ ᠵᠢᠯᠣᠭᠤᠳᠬᠤ ᠲᠥᠪ ︵ᠬᠠᠷᠢᠯᠴᠠᠬᠤ ᠬᠥᠮᠦᠨ᠄ ᠱᠢ ᠭᠤᠸᠠᠩ ᠲᠢᠶᠠᠨ 18947886360᠂ ᠹᠠᠺᠰ 8967111︶ ᠲᠤ ᠮᠡᠳᠡᠭᠦᠯᠦᠨ ᠬᠦᠷᠭᠡᠵᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠳᠠᠯ ᠢ ᠵᠢᠯᠣᠭᠤᠳᠬᠤ ᠲᠥᠪ ᠠᠴᠠ ᠨᠢᠭᠡᠳᠥᠯᠲᠡᠢ ᠬᠤᠷᠢᠶᠠᠩᠭᠤᠶᠢᠯᠠᠨ᠎ᠠ᠃       ᠬᠤᠶᠠᠷ᠂ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠲᠥᠷᠥᠯ ᠤᠨ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠮᠠᠪᠴᠢ ᠵᠡᠭᠦᠭᠰᠡᠨ ᠦᠭᠡᠢ ᠠᠶᠠᠨᠴᠢᠳ ᠢ ᠰᠠᠭᠤᠯᠭᠠᠵᠤ ᠶᠠᠭ ᠪᠣᠯᠬᠤ ᠦᠭᠡᠢ᠂ ᠲᠡᠷᠭᠡᠨ ᠳᠤ ᠭᠠᠷᠬᠤ ᠠᠶᠠᠨᠴᠢᠳ ᠪᠣᠯᠭᠠᠨ ᠢᠶᠠᠷ ᠵᠠᠪᠠᠯ ᠨᠡᠪᠲᠡᠷᠡᠬᠦ ᠺᠣᠳ᠋ ᠢ ᠰᠢᠷᠪᠢᠭᠦᠯᠬᠦ ᠬᠡᠷᠡᠭᠲᠡᠢ᠃ ᠠᠶᠠᠨᠴᠢᠳ ᠢ ᠠᠯᠢ ᠪᠣᠯᠬᠤ ᠪᠠᠷ ᠨᠡᠶᠢᠲᠡ ᠶᠢᠨ ᠮᠠᠰᠢᠨ ᠲᠡᠷᠭᠡᠨ ᠤ ᠺᠠᠷᠲ᠂ ᠨᠠᠰᠤᠲᠠᠶᠢᠴᠤᠳ ᠤᠨ ᠺᠠᠷᠲ ᠪᠤᠶᠤ ᠭᠠᠷ ᠤᠲᠠᠰᠤ ᠪᠠᠷ ᠰᠦᠢᠳᠬᠡᠯ ᠲᠥᠯᠥᠬᠦ ᠵᠡᠷᠭᠡ ︽ᠦᠯᠦ ᠬᠦᠷᠦᠯᠴᠡᠬᠦ︾ ᠬᠡᠯᠪᠡᠷᠢ ᠪᠠᠷ ᠪᠢᠯᠧᠲ ᠠᠪᠬᠤ ᠶᠢ ᠰᠠᠨᠠᠭᠤᠯᠵᠤ᠂ ᠪᠡᠯᠡᠨ ᠮᠥᠩᠭᠦ ᠲᠤᠰᠢᠶᠠᠭᠰᠠᠨ ᠠᠶᠠᠨᠴᠢᠳ ᠤᠨ ᠰᠤᠷᠠᠭ ᠵᠠᠩᠭᠢ ᠶᠢ ᠰᠠᠶᠢᠲᠤᠷ ᠳᠠᠩᠰᠠᠯᠠᠬᠤ ᠬᠡᠷᠡᠭᠲᠡᠢ᠃ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠠᠶᠠᠨᠴᠢᠳ ᠣᠯᠠᠨᠲᠠᠢ ᠣᠷᠣᠨ ᠲᠠᠯᠠᠪᠤᠷ ᠲᠤ ᠠᠶᠠᠨᠴᠢᠳ ᠤᠨ ᠤᠷᠤᠰᠬᠠᠯ ᠢ ᠵᠣᠬᠢᠶᠠᠨ ᠪᠠᠶᠢᠭᠤᠯᠵᠤ᠂ ᠬᠥᠮᠦᠨ ᠰᠢᠬᠠᠯᠳᠤᠬᠤ ᠶᠢ ᠪᠦᠲᠦᠮᠵᠢᠲᠡᠢ ᠬᠢᠵᠠᠭᠠᠷᠯᠠᠵᠤ᠂ ᠠᠶᠠᠨᠴᠢᠳ ᠤᠨ ᠤᠷᠤᠰᠬᠠᠯ ᠡᠮᠬᠢ ᠵᠢᠷᠤᠮᠲᠠᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠡᠷᠭᠡ ᠮᠠᠰᠢᠨ ᠢ ᠲᠣᠭᠲᠠᠮᠠᠯ ᠬᠤᠭᠤᠴᠠᠭᠠᠲᠠᠢ ᠪᠠᠷ ᠠᠷᠢᠭᠤᠳᠬᠠᠨ ᠴᠡᠪᠡᠷᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      ᠭᠤᠷᠪᠠ᠂ ᠪᠠᠷᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠬᠥᠯᠳᠡᠭᠡᠮᠡᠯ ᠢᠳᠡᠭᠡᠨ ᠢ ᠵᠠᠷᠴᠢᠮ ᠳᠡᠭᠡᠷ᠎ᠡ ᠪᠠᠨ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠲᠠ ᠳᠤ ᠣᠷᠣᠭᠤᠯᠵᠤ ᠪᠣᠯᠬᠤ ᠦᠭᠡᠢ᠃ ᠭᠠᠳᠠᠭᠠᠳᠤ ᠠᠴᠠ ᠣᠷᠣᠭᠤᠯᠤᠭᠰᠠᠨ ᠪᠤᠰᠤᠳ ᠵᠦᠢᠯᠡᠰ ᠵᠢᠴᠢ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠨ ᠵᠦᠢᠯᠡᠰ ᠢ ᠲᠡᠭᠡᠭᠡᠪᠦᠷᠢᠯᠡᠬᠦ ᠳᠤᠮᠳᠠ ᠳᠤᠷ᠎ᠠ ᠪᠠᠷ ᠵᠠᠳᠠᠯᠵᠤ ᠪᠣᠯᠬᠤ ᠦᠭᠡᠢ᠂ ᠳᠤᠷ᠎ᠠ ᠪᠠᠷ ᠵᠠᠳᠠᠯᠵᠤ ᠰᠢᠭᠤᠳ ᠬᠦᠷᠦᠯᠴᠡᠵᠦ ᠪᠣᠯᠬᠤ ᠦᠭᠡᠢ︔ ᠲᠡᠭᠡᠭᠡᠪᠦᠷᠢ ᠶᠢᠨ ᠠᠵᠤ ᠠᠬᠤᠶᠢᠯᠠᠯ ᠪᠠ ᠳᠠᠭᠠᠭᠠᠴᠢᠯᠠᠨ ᠵᠥᠭᠡᠭᠡᠪᠦᠷᠢᠯᠡᠭᠴᠢ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ ᠲᠡᠭᠡᠭᠡᠪᠦᠷᠢᠯᠡᠭᠰᠡᠨ ᠲᠡᠷᠭᠡ ᠮᠠᠰᠢᠨ ᠢ ᠲᠦᠢᠯᠪᠤᠷᠢᠲᠠᠢ ᠠᠷᠢᠭᠤᠳᠬᠠᠬᠤ ᠶᠢᠨ ᠬᠠᠮᠲᠤ ᠳᠠᠭᠠᠭᠠᠴᠢᠯᠠᠨ ᠲᠡᠭᠡᠭᠡᠪᠦᠷᠢᠯᠡᠭᠰᠡᠨ ᠡᠳ᠋ ᠪᠠᠷᠠᠭ᠎ᠠ ᠶᠢᠨ ᠰᠢᠯᠵᠢᠯᠲᠡ ᠶᠢᠨ ᠪᠦᠬᠦ ᠶᠠᠪᠤᠴᠠ ᠶᠢ ᠨᠢᠮᠪᠠᠢ ᠲᠡᠮᠳᠡᠭᠯᠡᠵᠦ᠂ ᠳᠠᠭᠠᠭᠠᠴᠢᠯᠠᠨ ᠲᠡᠭᠡᠭᠡᠪᠦᠷᠢᠯᠡᠬᠦ ᠡᠳ᠋ ᠪᠠᠷᠠᠭ᠎ᠠ ᠶᠢᠨ ᠢᠷᠡᠯᠲᠡ᠂ ᠲᠡᠭᠡᠭᠡᠵᠦ ᠪᠠᠭᠤᠯᠭᠠᠭᠰᠠᠨ ᠴᠠᠭ᠂ ᠲᠡᠭᠡᠭᠡᠪᠦᠷᠢᠯᠡᠭᠰᠡᠨ ᠮᠠᠰᠢᠨ ᠲᠡᠷᠭᠡᠨ ᠤ ᠬᠡᠯᠪᠡᠷᠢ ᠨᠣᠮᠧᠷ ᠵᠢᠴᠢ ᠵᠢᠯᠣᠭᠤᠴᠢ ᠦᠢᠯᠡᠴᠢᠯᠡᠭᠴᠢ᠂ ᠪᠠᠷᠠᠭ᠎ᠠ ᠶᠠᠪᠤᠭᠤᠯᠤᠭᠴᠢ ᠂ ᠪᠠᠷᠠᠭ᠎ᠠ ᠬᠦᠯᠢᠶᠡᠨ ᠠᠪᠤᠭᠴᠢ ᠵᠡᠷᠭᠡ ᠰᠤᠷᠠᠭ ᠵᠠᠩᠭᠢ ᠶᠢ ᠰᠠᠶᠢᠲᠤᠷ ᠳᠠᠩᠰᠠᠯᠠᠵᠤ᠂ ᠪᠠᠷᠠᠭ᠎ᠠ ᠣᠷᠣᠭᠤᠯᠤᠭᠰᠠᠨ ᠳᠠᠩᠰᠠ ᠦᠭᠡᠢ ᠡᠳ᠋ ᠪᠠᠷᠠᠭ᠎ᠠ ᠶᠢ ᠳᠠᠭᠠᠭᠠᠨ ᠲᠡᠭᠡᠭᠡᠪᠦᠷᠢᠯᠡᠵᠦ ᠪᠣᠯᠬᠤ ᠦᠭᠡᠢ︔ ᠮᠠᠨ ᠤ ᠬᠤᠲᠠ ᠳᠤ ᠣᠷᠣᠭᠰᠠᠨ ᠨᠢᠭᠡᠳᠥᠭᠡᠷ ᠥᠷᠲᠡᠭᠡᠨ ᠳᠤ ᠪᠦᠬᠦ ᠡᠳ᠋ ᠪᠠᠷᠠᠭᠠᠨ ᠤ ᠭᠠᠳᠠᠷ ᠪᠣᠭᠤᠳᠠᠯ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠨᠢᠭᠡᠳᠥᠯᠲᠡᠢ ᠠᠷᠢᠭᠤᠳᠬᠠᠨ᠂ ᠰᠤᠷᠠᠭ ᠵᠠᠩᠭᠢ ᠶᠢ ᠨᠢ ᠭᠦᠢᠴᠡᠳ ᠳᠠᠩᠰᠠᠯᠠᠵᠤ᠂ ᠢᠷᠡᠯᠲᠡ ᠨᠢ ᠲᠣᠳᠣᠷᠬᠠᠢ᠂ ᠬᠦᠷᠬᠦ ᠭᠠᠵᠠᠷ ᠨᠢ ᠢᠯᠡ ᠪᠠᠶᠢᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠪᠡᠷᠰᠡᠳ ᠤᠨ ᠬᠠᠷᠢᠭᠤᠴᠠᠯᠭ᠎ᠠ ᠪᠠᠨ ᠨᠢᠮᠪᠠᠢ ᠭᠦᠢᠴᠡᠳᠬᠡᠵᠦ᠂ ᠲᠡᠭᠡᠭᠡᠪᠦᠷᠢ ᠶᠢᠨ ᠮᠠᠰᠢᠨ᠂ ᠰᠠᠩ ᠬᠥᠮᠥᠷᠭᠡ ᠵᠢᠴᠢ ᠡᠯ᠎ᠡ ᠲᠥᠷᠥᠯ ᠤᠨ ᠡᠵᠡᠩᠨᠡᠯᠲᠡ ᠶᠢᠨ ᠣᠷᠣᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠬᠠᠮᠢᠶᠠᠳᠠᠬᠤ ᠰᠤᠷᠠᠭ ᠵᠠᠩᠭᠢ ᠶᠢ ᠳᠠᠷᠤᠢ ᠳᠤᠨᠢ ᠳᠠᠮᠵᠢᠭᠤᠯᠵᠤ᠂ ᠬᠢᠯᠢ ᠪᠠᠷ ᠣᠷᠣᠭᠤᠯᠬᠤ᠂ ᠵᠥᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠡᠯ᠎ᠡ ᠭᠤᠭᠴᠣᠭᠠᠨ ᠠᠴᠠ ᠭᠠᠷ ᠣᠷᠣᠵᠤ᠂ ᠨᠡᠶᠢᠳᠡᠮ ᠪᠦᠷᠬᠦᠭᠦᠯᠬᠦ᠂ ᠵᠠᠪᠰᠠᠷ ᠦᠯᠦ ᠦᠯᠡᠳᠡᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃      ᠳᠥᠷᠪᠡ᠂ ᠬᠠᠷᠢᠭᠤᠴᠠᠯᠭ᠎ᠠ ᠶᠢ ᠴᠢᠨᠠᠭᠰᠢᠳᠠ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠶ᠎ᠠ ᠣᠷᠣᠨ᠂ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠳᠥᠷᠪᠡᠨ ᠡᠲᠡᠭᠡᠳ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯ ᠬᠢᠵᠠᠭᠠᠷᠯᠠᠯ ᠢ ᠦᠨᠡᠨ ᠬᠦ ᠴᠢᠩᠭᠠᠳᠬᠠᠵᠤ᠂ ᠬᠦᠴᠦᠲᠡᠢ ᠠᠷᠭ᠎ᠠ ᠪᠠᠷᠢᠯ ᠢᠶᠠᠷ ᠬᠢᠵᠢᠭ ᠤᠨ ᠪᠠᠶᠢᠳᠠᠯ ᠮᠠᠨ ᠤ ᠬᠤᠲᠠ ᠳᠤ ᠬᠠᠯᠳᠠᠪᠤᠷᠢᠯᠠᠨ ᠣᠷᠣᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠵᠢᠴᠢ ᠨᠡᠶᠢᠭᠡᠮ ᠤᠨ ᠬᠠᠮᠢᠶᠠᠷᠤᠨ ᠡᠵᠡᠮᠳᠡᠬᠦ ᠵᠣᠬᠢᠶᠠᠨ ᠪᠠᠶᠢᠭᠤᠯᠤᠯᠲᠠ ᠲᠤᠰᠬᠠᠢ ᠬᠥᠮᠦᠰ ᠢ ᠰᠢᠯᠵᠢᠭᠦᠯᠦᠨ ᠬᠡᠷᠡᠭᠯᠡᠵᠦ᠂ ᠲᠤᠰᠬᠠᠢ ᠲᠥᠷᠥᠯ ᠢᠶᠠᠷ ᠬᠢᠨᠠᠨ ᠪᠠᠶᠢᠴᠠᠭᠠᠬᠤ ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠠᠰᠢᠷᠠᠮ ᠢᠶᠠᠷ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠦᠭᠡᠢ᠂ ᠠᠵᠢᠯ ᠢᠶᠠᠨ ᠭᠦᠢᠴᠡᠳ ᠰᠠᠶᠢᠨ ᠬᠢᠬᠦ ᠦᠭᠡᠢ ᠨᠢᠭᠡᠴᠢ᠂ ᠠᠵᠤ ᠠᠬᠤᠶᠢᠯᠠᠯ᠂ ᠬᠤᠪᠢ ᠬᠥᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠠᠰᠠᠭᠤᠨ᠎ᠠ᠃                                ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                                ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                2021 ᠣᠨ ᠤ 1 ᠰᠠᠷ᠎ᠠ ᠶᠢᠨ 9 ᠤ ᠡᠳᠥᠷ                                ︵ᠲᠤᠰ ᠮᠡᠳᠡᠭᠳᠡᠯ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ