ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ 2 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/1/12
       ᠣᠳᠣᠬᠠᠨ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠠᠷᠠᠬᠠᠢ ᠪᠠᠷ ᠢᠯᠡᠷᠡᠭᠰᠡᠨ ᠡᠪᠡᠳᠴᠢᠨ ᠤ ᠵᠢᠱᠢᠶ᠎ᠡ ᠢᠯᠡᠷᠡᠵᠦ᠂ ᠬᠡᠰᠡᠭ ᠮᠤᠵᠢ ᠬᠤᠲᠠ ᠳᠤ ᠲᠥᠪᠯᠡᠷᠡᠮᠡᠯ ᠴᠢᠨᠠᠷᠲᠠᠢ ᠬᠢᠵᠢᠭ ᠤᠨ ᠪᠠᠶᠢᠳᠠᠯ ᠢᠯᠡᠷᠡᠵᠦ᠂ ᠮᠠᠨ ᠤ ᠬᠤᠲᠠ ᠳᠤ ᠬᠢᠵᠢᠭ ᠬᠠᠯᠳᠠᠪᠤᠷᠢᠯᠠᠨ ᠣᠷᠣᠬᠤ ᠲᠦᠭᠰᠢᠭᠦᠷᠢ ᠬᠡᠴᠡᠭᠦᠳᠡᠵᠦ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ᠢᠯᠡ ᠴᠠᠬᠢᠯᠭᠠᠨ ︹2020︺14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠥᠰᠦᠯᠡᠨ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠣᠳᠠᠲᠠᠢ ᠲᠠᠢ ᠤᠶᠠᠯᠳᠤᠭᠤᠯᠵᠤ᠂ ᠡᠷᠡᠰ ᠴᠢᠩᠭ᠎ᠠ ᠦᠳᠲᠡᠷ ᠲᠦᠷᠭᠡᠨ ᠪᠠᠶᠢᠬᠤ ᠱᠠᠭᠠᠷᠳᠠᠯᠭ᠎ᠠ ᠶᠣᠰᠣᠭᠠᠷ᠂ ᠬᠢᠯᠢ ᠪᠠᠷ ᠣᠷᠣᠭᠰᠠᠳ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠳ᠂ ᠮᠠᠨ ᠤ ᠬᠤᠲᠠ ᠳᠤ ᠣᠷᠣᠵᠤ ᠢᠷᠡᠭᠰᠡᠨ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ ᠪᠠ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠨ ᠡᠳ᠋ ᠪᠠᠷᠠᠭ᠎ᠠ ᠶᠢᠨ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠳᠠᠬᠢᠨᠲᠠ ᠴᠢᠬᠤᠯᠠᠴᠢᠯᠠᠰᠤᠭᠠᠢ᠄      ᠨᠢᠭᠡ᠂ ᠬᠢᠯᠢ ᠪᠠᠷ ᠣᠷᠣᠵᠤ ᠢᠷᠡᠭᠰᠡᠳ᠂ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠳ ᠵᠢᠴᠢ ᠳᠤᠮᠳᠠ ᠥᠨᠳᠥᠷ ᠲᠦᠭᠰᠢᠭᠦᠷᠢᠲᠦ ᠣᠷᠣᠨ ᠳᠤ ᠪᠠᠶᠢᠵᠤ ᠥᠩᠭᠡᠷᠡᠭᠰᠡᠳ ᠮᠠᠨ ᠤ ᠬᠤᠲᠠ ᠳᠤ ᠢᠷᠡᠬᠦ ᠳᠤ ᠪᠠᠨ 3 ᠬᠤᠨᠤᠭ ᠤᠨ ᠡᠮᠦᠨ᠎ᠡ ᠠᠴᠠ ᠬᠠᠷᠢᠶ᠎ᠠ ᠣᠷᠣᠨ ᠤ ᠪᠠᠨ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠨᠢᠭᠡᠴᠢ ᠳᠤ ᠮᠡᠳᠡᠭᠦᠯᠵᠦ᠂ ᠲᠣᠭᠲᠠᠭᠠᠯ ᠶᠣᠰᠣᠭᠠᠷ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠠᠭ ᠵᠠᠩᠭᠢ ᠪᠠᠨ ᠮᠡᠳᠡᠭᠦᠯᠬᠦ ᠪᠠᠨ ᠤᠳᠠᠭᠠᠰᠢᠷᠠᠭᠤᠯᠬᠤ᠂ ᠬᠠᠭᠤᠷᠮᠠᠭᠯᠠᠬᠤ᠂ ᠨᠢᠭᠤᠬᠤ ᠪᠤᠶᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠪᠠᠷᠢᠯ ᠲᠠᠢ ᠬᠠᠮᠵᠢᠯᠴᠠᠬᠤ ᠦᠭᠡᠢ ᠪᠠᠶᠢᠭᠠᠳ ᠬᠢᠵᠢᠭ ᠤᠨ ᠪᠠᠶᠢᠳᠠᠯ ᠢ ᠬᠠᠯᠳᠠᠪᠤᠷᠢᠯᠠᠭᠤᠯᠤᠨ ᠳᠡᠯᠭᠡᠷᠡᠭᠦᠯᠦᠭᠰᠡᠨ ᠵᠡᠷᠭᠡ ᠨᠣᠴᠢᠲᠠᠢ ᠦᠷ᠎ᠡ ᠳ᠋ᠦᠩ ᠭᠠᠷᠭᠠᠭᠰᠠᠨ ᠪᠣᠯ ᠬᠠᠤᠯᠢ ᠶᠣᠰᠣᠭᠠᠷ ᠬᠠᠮᠢᠶᠠᠲᠠᠢ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠬᠤᠶᠠᠷ᠂ ᠤᠯᠤᠰ ᠤᠨ ᠳᠣᠲᠣᠭᠠᠳᠤ ᠳᠠᠬᠢ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠳ ᠪᠤᠶᠤ ᠥᠨᠳᠥᠷ ᠲᠦᠭᠰᠢᠭᠦᠷᠢᠲᠦ ᠣᠷᠣᠨ ᠳᠤ ᠪᠠᠶᠢᠵᠤ ᠥᠩᠭᠡᠷᠡᠭᠰᠡᠳ ᠮᠠᠨ ᠤ ᠬᠤᠲᠠ ᠳᠤ ᠢᠷᠡᠪᠡᠯ ᠵᠠᠪᠠᠯ ᠪᠦᠷ 7 ᠬᠤᠨᠤᠭ ᠲᠥᠪᠯᠡᠷᠡᠭᠦᠯᠦᠨ ᠲᠤᠰᠠᠭᠠᠷᠯᠠᠵᠤ ᠠᠵᠢᠭᠯᠠᠨ᠂ 1 ᠳ᠋ᠦ᠋ᠭᠡᠷ ᠡᠳᠥᠷ᠂ 3 ᠳ᠋ᠤᠭᠠᠷ ᠡᠳᠥᠷ ᠪᠠ 7 ᠳ᠋ᠤᠭᠠᠷ ᠡᠳᠥᠷ ᠲᠤ ᠲᠤᠰ ᠪᠦᠷᠢ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠦᠷ ᠪᠢᠯᠢᠭ ᠴᠢᠨᠠᠷᠲᠠᠢ ᠪᠣᠯ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠠᠴᠠ ᠭᠠᠷᠭᠠᠨ᠎ᠠ᠂ ᠬᠤᠪᠢ ᠬᠥᠮᠦᠨ ᠤ ᠰᠡᠷᠭᠡᠶᠢᠯᠡᠯ ᠬᠠᠮᠠᠭᠠᠯᠠᠯ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ ᠴᠢᠯᠥᠭᠡᠲᠡᠢ ᠵᠣᠷᠴᠢᠵᠤ ᠪᠣᠯᠣᠨ᠎ᠠ᠃      ᠭᠤᠷᠪᠠ᠂ ᠤᠯᠤᠰ ᠤᠨ ᠳᠣᠲᠣᠭᠠᠳᠤ ᠳᠠᠬᠢ ᠳᠤᠮᠳᠠ ᠲᠦᠭᠰᠢᠭᠦᠷᠢᠲᠦ ᠣᠷᠣᠨ ᠠᠴᠠ ᠢᠷᠡᠭᠰᠡᠳ ᠪᠤᠶᠤ ᠳᠤᠮᠳᠠ ᠲᠦᠭᠰᠢᠭᠦᠷᠢᠲᠦ ᠣᠷᠣᠨ ᠳᠤ ᠪᠠᠶᠢᠵᠤ ᠥᠩᠭᠡᠷᠡᠭᠰᠡᠳ ᠮᠠᠨ ᠤ ᠬᠤᠲᠠ ᠳᠤ ᠢᠷᠡᠪᠡᠯ ᠵᠠᠪᠠᠯ ᠪᠦᠷ ᠲᠤᠰᠠᠭᠠᠷ ᠨᠢᠭᠡ ᠥᠷᠥᠭᠡᠨ ᠳᠤ 7 ᠬᠤᠨᠤᠭ ᠭᠡᠷ ᠲᠤᠨᠢ ᠲᠤᠰᠠᠭᠠᠷᠯᠠᠨ ᠠᠵᠢᠭᠯᠠᠵᠤ᠂ 1 ᠳ᠋ᠦ᠋ᠭᠡᠷ ᠡᠳᠥᠷ᠂ 3 ᠳ᠋ᠤᠭᠠᠷ ᠡᠳᠥᠷ ᠪᠠ 7 ᠳ᠋ᠤᠭᠠᠷ ᠡᠳᠥᠷ ᠲᠤ ᠲᠤᠰ ᠪᠦᠷᠢ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠦᠷ ᠪᠢᠯᠢᠭ ᠴᠢᠨᠠᠷᠲᠠᠢ ᠪᠣᠯ ᠭᠡᠷ ᠲᠤᠨᠢ ᠲᠤᠰᠠᠭᠠᠷᠯᠠᠨ ᠠᠵᠢᠭᠯᠠᠬᠤ ᠠᠴᠠ ᠭᠠᠷᠭᠠᠨ᠎ᠠ᠂ ᠬᠤᠪᠢ ᠬᠥᠮᠦᠨ ᠤ ᠰᠡᠷᠭᠡᠶᠢᠯᠡᠯ ᠬᠠᠮᠠᠭᠠᠯᠠᠯ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ ᠴᠢᠯᠥᠭᠡᠲᠡᠢ ᠵᠣᠷᠴᠢᠵᠤ ᠪᠣᠯᠣᠨ᠎ᠠ᠃ ᠲᠤᠰᠠᠭᠠᠷ ᠨᠢᠭᠡ ᠥᠷᠥᠭᠡᠨ ᠳᠤ ᠭᠡᠷ ᠲᠤᠨᠢ ᠲᠤᠰᠠᠭᠠᠷᠯᠠᠬᠤ ᠨᠥᠬᠦᠴᠡᠯ ᠦᠭᠡᠢ ᠬᠥᠮᠦᠰ ᠲᠤ ᠪᠦᠷ 7 ᠬᠤᠨᠤᠭ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠶᠢᠨ ᠬᠠᠮᠲᠤ 3 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠬᠡᠷᠡᠭᠵᠢᠭᠦᠯᠦᠨ᠎ᠡ᠃      ᠳᠥᠷᠪᠡ᠂ ᠬᠢᠯᠢ ᠪᠠᠷ ᠣᠷᠣᠭᠰᠠᠳ ᠲᠤ ᠪᠦᠷ ᠬᠢᠯᠢ ᠪᠠᠷ ᠠᠩᠬ᠎ᠠ ᠣᠷᠣᠵᠤ ᠢᠷᠡᠭᠰᠡᠨ ᠭᠠᠵᠠᠷ ᠲᠤ 14 ᠬᠤᠨᠤᠭ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ + ᠬᠠᠷᠢᠶ᠎ᠠ ᠣᠷᠣᠨ ᠳᠤ 14 ᠬᠤᠨᠤᠭ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ +7 ᠬᠤᠨᠤᠭ ᠭᠡᠷ ᠲᠤᠨᠢ ᠲᠤᠰᠠᠭᠠᠷᠯᠠᠨ ᠠᠵᠢᠭᠯᠠᠬᠤ +3 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠠᠪᠤᠨ᠎ᠠ᠃      ᠲᠠᠪᠤ᠂ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ ᠲᠠᠢ ᠨᠢᠭᠲᠠ ᠣᠶᠢᠷᠠᠲᠤᠭᠰᠠᠳ ᠢ ᠪᠦᠷ 14 ᠬᠤᠨᠤᠭ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ +7 ᠬᠤᠨᠤᠭ ᠭᠡᠷ ᠲᠤᠨᠢ ᠲᠤᠰᠠᠭᠠᠷᠯᠠᠨ ᠠᠵᠢᠭᠯᠠᠬᠤ +3 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠠᠪᠤᠨ᠎ᠠ᠃      ᠵᠢᠷᠭᠤᠭ᠎ᠠ᠂ ᠮᠠᠨ ᠤ ᠬᠤᠲᠠ ᠳᠤ ᠣᠷᠣᠵᠤ ᠢᠷᠡᠭᠰᠡᠨ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ ᠳᠤ ᠵᠠᠪᠠᠯ ᠪᠦᠷ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠲᠡᠭᠡᠭᠡᠪᠦᠷᠢᠯᠡᠭᠰᠡᠨ ᠲᠡᠷᠭᠡ ᠮᠠᠰᠢᠨ᠂ ᠬᠥᠯᠳᠡᠭᠡᠨ ᠬᠠᠳᠠᠭᠠᠯᠠᠬᠤ ᠴᠢᠩᠭᠡᠯᠢᠭ ᠵᠡᠷᠭᠡ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢ ᠪᠦᠬᠦ ᠲᠠᠯ᠎ᠠ ᠪᠠᠷ ᠠᠷᠢᠭᠤᠳᠬᠠᠵᠤ᠂ ᠬᠠᠮᠢᠶᠠᠲᠠᠢ ᠠᠵᠢᠯᠲᠠᠳ ᠠᠵᠢᠯ ᠤᠨ ᠬᠤᠭᠤᠴᠠᠭᠠᠨ ᠳᠤ ᠨᠡᠶᠢᠳᠡᠮ ᠠᠮᠠᠪᠴᠢ ᠪᠠ ᠬᠠᠮᠠᠭᠠᠯᠠᠯᠲᠠ ᠶᠢᠨ ᠪᠡᠭᠡᠯᠡᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠠᠷᠤᠵᠤ᠂ ᠠᠵᠢᠯ ᠤᠨ ᠡᠮᠦᠨ᠎ᠡ ᠬᠤᠶᠢᠨ᠎ᠠ ᠲᠦᠢᠯᠪᠤᠷᠢᠲᠠᠢ ᠠᠷᠢᠭᠤᠳᠬᠠᠯ ᠬᠢᠬᠦ ᠬᠡᠷᠡᠭᠲᠡᠢ᠂ ᠡᠳ᠋ ᠪᠠᠷᠠᠭ᠎ᠠ ᠶᠢ ᠲᠡᠭᠡᠭᠡᠪᠦᠷᠢᠯᠡᠬᠦ ᠳᠤᠮᠳᠠ ᠳᠤᠷ᠎ᠠ ᠪᠠᠷ ᠬᠠᠶᠢᠷᠴᠠᠭ ᠢ ᠨᠢ ᠨᠡᠭᠡᠭᠡᠵᠦ ᠪᠣᠯᠬᠤ ᠦᠭᠡᠢ᠂ ᠳᠤᠷ᠎ᠠ ᠪᠠᠷ ᠡᠳ᠋ ᠪᠠᠷᠠᠭᠠᠨ ᠤ ᠪᠣᠭᠤᠳᠠᠯ ᠢ ᠨᠡᠭᠡᠭᠡᠨ ᠬᠦᠷᠦᠯᠴᠡᠵᠦ ᠪᠣᠯᠬᠤ ᠦᠭᠡᠢ᠃      ᠳᠣᠯᠤᠭ᠎ᠠ᠂ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠮᠠᠨ ᠤ ᠬᠤᠲᠠ ᠳᠤ ᠢᠷᠡᠭᠰᠡᠨ ᠡᠳ᠋ ᠪᠠᠷᠠᠭ᠎ᠠ ᠶᠢ ᠡᠩ ᠲᠡᠷᠢᠭᠦᠨ ᠳᠤ ᠲᠤᠬᠠᠢ ᠶᠢᠨ ᠭᠠᠵᠠᠷ ᠲᠤᠨᠢ ᠪᠢᠲᠡᠭᠦᠮᠵᠢᠯᠡᠵᠦ᠂ ᠪᠦᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠲᠥᠪᠯᠡᠷᠡᠭᠦᠯᠦᠨ ᠠᠷᠢᠭᠤᠳᠬᠠᠬᠤ ᠶᠢᠨ ᠬᠠᠮᠲᠤ ᠰᠤᠷᠠᠭ ᠵᠠᠩᠭᠢ ᠶᠢ ᠨᠢᠮᠪᠠᠢ ᠳᠠᠩᠰᠠᠯᠠᠨ᠂ ᠢᠷᠡᠯᠲᠡ ᠨᠢ ᠲᠣᠳᠣᠷᠬᠠᠢ᠂ ᠬᠦᠷᠭᠡᠬᠦ ᠭᠠᠵᠠᠷ ᠨᠢ ᠢᠯᠡ ᠪᠠᠶᠢᠬᠤ ᠶᠢ ᠪᠠᠲᠤᠯᠠᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠳᠤ ᠪᠢᠯᠢᠭ ᠴᠢᠨᠠᠷᠲᠠᠢ ᠪᠠᠶᠢᠪᠠᠯ ᠬᠡᠪ ᠤᠨ ᠶᠣᠰᠣᠭᠠᠷ ᠳᠠᠮᠵᠢᠭᠤᠯᠵᠤ ᠪᠣᠯᠣᠨ᠎ᠠ᠃      ᠲᠤᠰ ᠵᠠᠷᠯᠢᠭ ᠢ 2021 ᠣᠨ ᠤ 1 ᠰᠠᠷ᠎ᠠ ᠶᠢᠨ 10 ᠤ ᠡᠳᠥᠷ ᠠᠴᠠ ᠬᠡᠷᠡᠭᠵᠢᠭᠦᠯᠦᠨ᠎ᠡ᠂ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠠᠷᠢᠯ ᠳᠤ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠬᠤᠪᠢᠷᠠᠯᠲᠠ ᠶᠢ ᠦᠨᠳᠥᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃                               ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                               ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                  2021 ᠣᠨ ᠤ 1 ᠰᠠᠷ᠎ᠠ ᠶᠢᠨ 10 ᠤ ᠡᠳᠥᠷ                                  ︵ᠲᠤᠰ ᠵᠠᠷᠯᠢᠭ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ