ᠯᠢ ᠺᠧ ᠴᠢᠶᠠᠩ 1 ᠳ᠋ᠦ᠋ᠭᠡᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠪᠠ | ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ | ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ | ᠡᠮ ᠤᠨ ᠵᠦᠶ᠋ᠯ ᠢ ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ | ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠲᠤᠬᠠᠶ ᠪᠠᠶᠢᠷᠢᠯᠠᠭᠤᠯᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ | ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ | ᠭᠠᠮᠰᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ | ᠴᠢᠩᠭᠠᠳᠬᠠᠬᠤ ᠲᠤᠬᠠᠢ ᠪᠠᠶᠢᠷᠢᠯᠠᠭᠤᠯᠪᠠ︔ ᠡᠮ ᠤᠨ ᠵᠦᠶ᠋ᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠲᠤᠬᠠᠶ | ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ | ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠷᠠᠳ ᠤᠨ ᠠᠮᠢᠳᠤᠷᠠᠯ ᠤᠨ ᠦᠨᠳᠦᠰᠦᠨ ᠵᠦᠶ᠋ᠯ | ᠢ ᠪᠠᠲᠤᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠬᠥᠮᠦᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ | ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠠᠮᠢᠳᠤᠷᠠᠯ ᠪᠣᠯᠤᠨ ᠦᠨ᠎ᠡ ᠬᠠᠩᠰᠢ ᠶᠢᠨ ᠨᠥᠬᠦᠪᠥᠷᠢ ᠨᠡᠮᠡᠨ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠬᠤ ᠳᠤ ᠴᠢᠬᠤᠯᠠ ᠦᠶ᠋ᠯᠡᠳᠦᠯ ᠦᠵᠡᠭᠦᠯᠪᠡ᠃ ᠴᠠᠭᠠᠨ ᠰᠠᠷ᠎ᠠ ᠣᠶᠢᠷᠠᠲᠤᠭᠰᠠᠨ ᠲᠤᠯᠠ᠂ ᠠᠪᠤᠷᠠᠨ ᠲᠤᠰᠠᠯᠠᠵᠤ ᠪᠠᠲᠤᠯᠠᠬᠤ | ᠴᠢᠬᠤᠯᠠᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠣᠨᠣᠪᠴᠢᠲᠠᠢ ᠰᠠᠶᠢᠲᠤᠷ ᠬᠢᠬᠦ ᠬᠡᠷᠡᠭᠲᠡᠢ᠃ ᠨᠢᠭᠡ | ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠭᠦᠢᠴᠡᠳ ᠪᠠᠶᠢᠯᠭᠠᠬᠤ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠠᠪᠤᠷᠠᠨ | ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠡᠬᠢᠯᠡᠭᠦᠯᠵᠦ᠂ ᠳᠣᠣᠷ᠎ᠠ ᠪᠠᠲᠤᠯᠠᠭᠠᠲᠤ | ᠣᠯᠠᠨ ᠲᠦᠮᠡᠨ ᠳᠤ ᠬᠤᠯᠪᠣᠭᠳᠠᠯ ᠪᠦᠬᠦᠢ ᠨᠥᠬᠦᠪᠥᠷᠢ ᠶᠢ ᠴᠠᠭ ᠲᠤᠬᠠᠢ ᠳᠤ ᠨᠢ ᠣᠯᠭᠤᠵᠤ᠂ ᠦᠨᠳᠦᠰᠦᠨ ᠠᠮᠢᠳᠤᠷᠠᠯ ᠢ ᠨᠢ ᠰᠠᠶᠢᠲᠤᠷ ᠪᠠᠲᠤᠯᠠᠬᠤ ᠬᠡᠷᠡᠭᠲᠡᠢ᠃ | ᠬᠤᠶᠠᠷ ᠲᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠬᠦᠴᠢᠷᠳᠡᠯ ᠤᠨ ᠵᠠᠭᠠᠭ ᠤᠨ ᠬᠥᠮᠦᠨ ᠠᠮᠠ ᠶᠢ ᠬᠢᠨᠠᠨ ᠰᠢᠨᠵᠢᠯᠡᠵᠦ | ᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠭᠤᠷᠪᠠ ᠳᠤ᠂ ᠡᠯ᠎ᠡ ᠭᠠᠵᠠᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠤᠬᠠᠶ ᠶᠢᠨ ᠭᠠᠵᠠᠷ ᠲᠤ ᠪᠠᠨ ᠦᠯᠡᠳᠡᠭᠰᠡᠨ | ᠬᠥᠯᠥᠰᠥᠨ ᠠᠵᠢᠯᠴᠢᠨ ᠪᠠ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠠᠮᠢᠳᠤᠷᠠᠯ ᠤᠨ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠰᠠᠶᠢᠲᠤᠷ ᠬᠢᠵᠦ᠂ | ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ | ᠳᠥᠷᠪᠡ ᠳᠤ᠂ ᠪᠠᠶᠢᠳᠠᠯ ᠢ ᠣᠶᠢᠯᠠᠭᠠᠵᠤ ᠢᠯᠭᠠᠨ ᠪᠠᠶᠢᠴᠠᠭᠠᠵᠤ᠂ ᠥᠨᠥᠴᠢᠨ ᠬᠡᠦᠬᠡᠳ᠂ ᠵᠡᠮᠳᠡᠭᠴᠦᠳ᠂ ᠮᠡᠳᠡᠷᠡᠯ ᠤᠨ ᠡᠪᠡᠳᠴᠢᠲᠡᠨ ᠵᠡᠷᠭᠡ ᠶᠠᠳᠠᠭᠤ ᠬᠦᠴᠢᠷᠳᠡᠯᠲᠡᠶ | ᠣᠨᠴᠠᠭᠠᠢ ᠬᠥᠮᠦᠰ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠰᠢᠶ᠋ᠳᠪᠦᠷᠢᠯᠡᠵᠦ᠂ ᠲᠦᠷ ᠴᠠᠭ ᠤᠨ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠢ | ᠴᠢᠭᠯᠡᠯᠲᠦ ᠴᠢᠨᠠᠷᠲᠠᠶ ᠪᠠᠷ ᠬᠠᠪᠰᠤᠷᠤᠨ ᠲᠡᠳᠬᠦᠬᠦ ᠬᠡᠷᠡᠭᠲᠡᠶ᠃ ᠲᠠᠪᠤ ᠳᠤ᠂ ᠦᠶᠡᠷ ᠤᠰᠤᠲᠤᠯ ᠳᠤ ᠭᠠᠮᠰᠢᠭᠳᠠᠭᠰᠠᠨ ᠣᠯᠠᠨ ᠲᠦᠮᠡᠨ ᠢᠯᠠᠩᠭᠤᠶ᠎ᠠ ᠲᠦᠷ ᠴᠠᠭ | ᠲᠥᠪᠬᠢᠨᠡᠭᠦᠯᠦᠭᠰᠡᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠶ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠳᠡᠮᠵᠢᠬᠦ᠂ | ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠣᠭᠤᠷᠢᠨ ᠳᠤ᠂ ᠲᠥᠪ ᠤᠨ ᠡᠳ᠋ ᠤᠨ ᠵᠠᠰᠠᠭ ᠠᠴᠠ ᠤᠷᠢᠳᠴᠢᠯᠠᠨ ᠪᠠᠭᠤᠯᠭᠠᠭᠰᠠᠨ 1000 ᠳ᠋ᠦᠩᠰᠢᠭᠤᠷ | ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠡᠭᠦᠯᠭᠡᠨ | ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ ᠠᠷᠠᠳ ᠤᠨ | ᠠᠮᠢᠳᠤᠷᠠᠯ ᠢ ᠪᠠᠲᠤᠯᠠᠬᠤ ᠪᠡᠯᠡ ᠮᠥᠩᠭᠦ ᠶᠢ ᠭᠦᠢᠴᠡᠳ ᠬᠡᠮᠵᠢᠶ᠎ᠡ ᠪᠠᠷ ᠣᠷᠣᠭᠤᠯᠵᠤ᠂ ᠪᠡᠯᠡ ᠮᠥᠩᠭᠦ ᠶᠢ ᠰᠢᠭᠤᠳ ᠬᠦᠷᠭᠡᠬᠦ ᠱᠠᠭᠠᠷᠳᠠᠯᠭ᠎ᠠ ᠶᠣᠰᠣᠭᠠᠷ᠂ ᠬᠠᠪᠰᠤᠷᠤᠨ | ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ ᠳᠤ ᠴᠠᠭ ᠲᠤᠬᠠᠢ ᠳᠤ ᠨᠢ ᠭᠦᠢᠴᠡᠳ ᠣᠯᠭᠤᠬᠤ ᠬᠡᠷᠡᠭᠲᠡᠢ ᠭᠡᠵᠡᠢ᠃ ᠬᠤᠷᠠᠯ ᠠᠴᠠ | ᠴᠢᠬᠤᠯᠠᠴᠢᠯᠠᠬᠤ ᠳᠤ ᠪᠠᠨ᠂ ᠣᠳᠣᠬᠠᠨ ᠤ ᠬᠡᠰᠡᠭ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠳᠤ ᠴᠢᠭᠯᠡᠭᠦᠯᠦᠨ ᠬᠠᠮᠢᠶᠠᠷᠤᠯᠲᠠ ᠡᠵᠡᠮᠳᠡᠯ ᠢᠶᠠᠨ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠵᠡᠷᠭᠡ ᠳᠤ ᠨᠢ ᠠᠬᠢᠭᠤᠯᠵᠤ᠂ | ᠠᠮᠤ ᠪᠤᠳᠠᠭ᠎ᠠ ᠭᠤᠯᠢᠷ ᠲᠣᠰᠣ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠡᠳ᠋ ᠪᠣᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠰᠠᠶᠢᠲᠤᠷ ᠪᠠᠲᠤᠯᠠᠵᠤ᠂ ᠣᠯᠠᠨ ᠲᠦᠮᠡᠨ ᠢ ᠰᠡᠳᠬᠢᠯ ᠠᠮᠤᠷ ᠰᠢᠨᠡᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠡᠷᠡᠭᠦᠯ ᠮᠡᠨᠳᠦ ᠪᠣᠯ ᠠᠷᠠᠳ ᠤᠯᠠᠨ ᠤ ᠠᠮᠢ ᠪᠡᠶ᠎ᠡ ᠳᠤ ᠬᠤᠯᠪᠣᠭᠳᠠᠭᠰᠠᠨ ᠶᠡᠭᠡ ᠶᠠᠪᠤᠳᠠᠯ ᠮᠥᠨ᠃ ᠡᠪᠡᠳᠴᠢᠨ | ᠦᠵᠡᠭᠦᠯᠬᠦ ᠳᠤ ᠦᠨ᠎ᠡ ᠲᠥᠯᠥᠪᠦᠷᠢ ᠶᠡᠭᠡ ᠠᠰᠠᠭᠤᠳᠠᠯ ᠢ ᠠᠯᠬᠤᠮ ᠠᠯᠬᠤᠮ ᠢᠶᠠᠷ ᠰᠢᠶ᠋ᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ ᠤᠯᠤᠰ ᠠᠴᠠ ᠡᠮ ᠤᠨ | ᠵᠦᠶ᠋ᠯ ᠢ ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠵᠤ᠂ ᠨᠢᠳᠤᠨᠤᠨ ᠤ ᠵᠢᠯ ᠤᠨ | ᠰᠡᠭᠦᠯᠴᠢ ᠪᠣᠯᠲᠠᠯ᠎ᠠ ᠨᠢᠭᠡᠨᠲᠡ ᠭᠤᠷᠪᠠᠨ ᠪᠦᠯᠦᠭ ᠢ ᠲᠥᠪᠯᠡᠷᠡᠭᠦᠯᠦᠨ ᠬᠤᠳᠠᠯᠳᠤᠨ ᠠᠪᠴᠤ᠂ ᠬᠠᠮᠤᠷᠤᠭᠰᠠᠨ ᠡᠮ ᠤᠨ ᠵᠦᠶ᠋ᠯ ᠤᠨ ᠦᠨ᠎ᠡ ᠶᠢ ᠳᠤᠮᠳᠠᠴᠢ ᠪᠠᠷ | 54% ᠪᠠᠷ ᠪᠠᠭᠤᠷᠠᠭᠤᠯᠵᠤ᠂ ᠵᠢᠯ ᠪᠦᠷᠢ 530 ᠭᠠᠷᠤᠶ ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠵᠤ᠂ ᠲᠦᠭ ᠲᠦᠮᠡᠨ ᠡᠪᠡᠳᠴᠢᠲᠡᠨ ᠳᠤ ᠠᠰᠢᠭ | ᠬᠦᠷᠲᠡᠭᠡᠪᠡ᠃ ᠣᠶᠢᠷ᠎ᠠ ᠳᠤ ᠪᠠᠰᠠ ᠳᠥᠷᠪᠡᠳᠦᠭᠡᠷ ᠪᠦᠯᠦᠭ ᠢ ᠲᠥᠪᠯᠡᠷᠡᠭᠦᠯᠵᠦ ᠬᠤᠳᠠᠯᠳᠤᠨ ᠠᠪᠬᠤ ᠠᠵᠢᠯ ᠢ ᠥᠷᠨᠢᠭᠦᠯᠬᠦ ᠶᠢᠨ ᠬᠠᠮᠲᠤ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ᠎ᠡ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠮ ᠤᠨ ᠵᠦᠶ᠋ᠯ ᠢ ᠲᠥᠪᠯᠡᠷᠡᠭᠦᠯᠵᠦ ᠬᠤᠳᠠᠯᠳᠤᠨ ᠠᠪᠬᠤ ᠶᠢ ᠬᠡᠪᠰᠢᠭᠦᠯᠦᠨ | ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠨᠢᠭᠡ ᠳᠤ᠂ ᠦᠨᠳᠦᠰᠦᠨ ᠵᠦᠶ᠋ᠯ ᠢ ᠪᠠᠲᠤᠯᠠᠬᠤ᠂ ᠡᠮᠴᠢᠯᠡᠭᠡ ᠶᠢ ᠪᠠᠲᠤᠯᠠᠬᠤ ᠵᠠᠷᠴᠢᠮ ᠶᠣᠰᠣᠭᠠᠷ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠶ᠋ᠯ ᠤᠨ ᠭᠠᠷᠴᠠᠭ ᠲᠠᠬᠢ ᠬᠡᠷᠡᠭᠯᠡᠬᠦ ᠬᠡᠮᠵᠢᠶ᠎ᠡ ᠪᠠᠷ ᠶᠡᠭᠡ᠂ ᠬᠤᠳᠠᠯᠳᠤᠨ ᠠᠪᠬᠤ ᠵᠣᠭᠤᠰ ᠤᠨ | ᠲᠤᠭ᠎ᠠ ᠨᠢ ᠶᠡᠭᠡ ᠡᠮ ᠤᠨ ᠵᠦᠶ᠋ᠯ ᠢ ᠭᠤᠣᠯᠳᠠᠯᠭ᠎ᠠ ᠲᠠᠢ ᠪᠠᠷ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ | ᠳᠡᠯᠭᠡᠭᠦᠷ ᠲᠤ ᠭᠠᠷᠭᠠᠭᠰᠠᠨ ᠡᠮᠴᠢᠯᠡᠭᠡᠨ ᠳᠤ ᠵᠠᠪᠠᠯ ᠬᠡᠷᠡᠭᠰᠡᠬᠦ᠂ ᠶᠠᠰᠤ ᠴᠢᠨᠠᠷ ᠨᠢ ᠨᠠᠶᠢᠳᠠᠪᠤᠷᠢᠲᠠᠶ ᠡᠯ᠎ᠡ ᠲᠥᠷᠥᠯ ᠤᠨ ᠡᠮ ᠪᠠ ᠬᠤᠷᠣᠭᠳᠠᠯ ᠮᠠᠲ᠋ᠧᠷᠢᠶᠠᠯ ᠢ ᠠᠯᠬᠤᠮ | ᠠᠯᠬᠤᠮ ᠢᠶᠠᠷ ᠬᠠᠮᠢᠶᠠᠷᠤᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ ᠲᠥᠪᠯᠡᠷᠡᠭᠦᠯᠦᠨ ᠬᠤᠳᠠᠯᠳᠤᠨ ᠠᠪᠬᠤ ᠳᠤ | ᠣᠷᠣᠯᠴᠠᠬᠤ ᠬᠡᠷᠡᠭᠲᠡᠶ᠃ ᠬᠤᠪᠣᠷ ᠲᠣᠬᠢᠶᠠᠯᠳᠤᠬᠤ ᠡᠪᠡᠳᠴᠢᠨ ᠢ ᠵᠠᠰᠠᠬᠤ ︽ᠬᠤᠪᠣᠷ ᠨᠠᠨᠳᠢᠨ ᠡᠮ︾ ᠢ ᠬᠤᠳᠠᠯᠳᠤᠨ ᠠᠪᠬᠤ ᠳᠤ ᠣᠨᠴᠠᠭᠠᠶ ᠲᠣᠬᠢᠷᠠᠭᠤᠯᠤᠯᠲᠠ | ᠬᠢᠬᠦ ᠲᠤᠬᠠᠢ ᠰᠤᠳᠤᠯᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠳᠠᠭᠤᠷᠢᠶᠠᠮᠠᠯ ᠡᠮ᠂ ᠤᠤᠯ ᠤᠨ ᠨᠠᠶᠢᠷᠠᠯᠭ᠎ᠠ ᠡᠮ ᠪᠠ ᠬᠠᠷᠢᠴᠠᠭᠤᠯᠬᠤ ᠨᠠᠶᠢᠷᠠᠯᠭ᠎ᠠ ᠶᠢ | ᠴᠥᠮ ᠨᠡᠶᠢᠳᠡᠮ ᠬᠡᠷᠡᠭᠯᠡᠬᠦ ᠨᠡᠷ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠤᠯᠵᠤ᠂ ᠶᠠᠰᠤ ᠴᠢᠨᠠᠷ ᠪᠠ ᠦᠨ᠎ᠡ ᠬᠠᠩᠰᠢ ᠶᠢᠨ ᠭᠤᠤᠯᠴᠢ | ᠥᠷᠢᠰᠥᠯᠳᠦᠭᠡᠨ ᠢᠶᠠᠷ ᠳᠠᠮᠵᠢᠭᠤᠯᠤᠨ ᠰᠣᠩᠭᠤᠭᠳᠠᠭᠰᠠᠨ ᠠᠵᠤ ᠠᠬᠤᠶᠢᠯᠠᠯ ᠪᠠ ᠡᠮ ᠤᠨ ᠵᠦᠶ᠋ᠯ᠂ ᠬᠤᠷᠣᠭᠳᠠᠯ ᠮᠠᠲ᠋ᠧᠷᠢᠶᠠᠯ ᠢ ᠪᠣᠶ ᠪᠣᠯᠭᠠᠨ᠎ᠠ᠃ ᠡᠮᠴᠢᠯᠡᠭᠡᠨ ᠤ | ᠪᠠᠶᠢᠭᠤᠯᠤᠮᠵᠢ ᠨᠤᠭᠤᠳ ᠠᠴᠠ ᠰᠣᠩᠭᠤᠭᠳᠠᠭᠰᠠᠨ ᠡᠮ ᠤᠨ ᠵᠦᠶ᠋ᠯ ᠢ ᠡᠩ ᠲᠡᠷᠢᠭᠦᠨ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠡᠷᠡᠭᠴᠡᠭᠡ ᠱᠠᠭᠠᠷᠳᠠᠯᠭ᠎ᠠ ᠶᠣᠰᠣᠭᠠᠷ | ᠬᠤᠳᠠᠯᠳᠤᠨ ᠠᠪᠬᠤ ᠬᠡᠮᠵᠢᠶ᠎ᠡ ᠪᠠᠨ ᠠᠯᠢ ᠴᠢᠳᠠᠬᠤ ᠪᠠᠷ ᠳᠡᠭᠡᠭᠰᠢᠯᠡᠭᠦᠯᠬᠦ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠠᠴᠠ ᠦᠨ᠎ᠡ ᠪᠠᠨ ᠪᠠᠭᠤᠷᠠᠭᠤᠯᠪᠠᠴᠤ | ᠶᠠᠰᠤ ᠴᠢᠨᠠᠷ ᠢᠶᠠᠨ ᠪᠠᠭᠤᠷᠠᠭᠤᠯᠬᠤ ᠥᠬᠡᠶ᠂ ᠡᠮᠴᠢᠯᠡᠭᠡᠨ ᠤ ᠦᠷ᠎ᠡ ᠪᠦᠲᠦᠮᠵᠢ ᠶᠢ ᠪᠠᠭᠤᠷᠠᠭᠤᠯᠬᠤ ᠥᠬᠡᠶ ᠪᠠᠶᠢᠵᠤ᠂ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ | ᠰᠣᠩᠭᠤᠭᠳᠠᠭᠰᠠᠨ ᠡᠮ ᠤᠨ ᠵᠦᠶ᠋ᠯ ᠪᠠ ᠬᠤᠷᠣᠭᠳᠠᠯ ᠮᠠᠲ᠋ᠧᠷᠢᠶᠠᠯ ᠤᠨ ᠦᠶ᠋ᠯᠡᠳᠪᠦᠷᠢᠯᠡᠯ᠂ ᠭᠦᠶ᠋ᠯᠭᠡᠭᠡ᠂ ᠬᠡᠷᠡᠭᠯᠡᠯᠲᠡ ᠶᠢᠨ ᠪᠥᠬᠦ ᠬᠡᠯᠬᠢᠶᠡᠰᠦ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠲᠥᠪᠯᠡᠷᠡᠭᠦᠯᠦᠨ ᠬᠤᠳᠠᠯᠳᠤᠨ ᠠᠪᠬᠤ ᠳᠤ ᠪᠠᠨ ᠡᠪᠡᠳᠴᠢᠲᠡᠨ ᠤ ᠳᠠᠷᠤᠭᠠᠰᠤ ᠶᠢ | ᠬᠥᠩᠭᠡᠷᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠵᠦᠶ ᠵᠣᠬᠢᠰᠲᠠᠶ ᠠᠰᠢᠭ ᠬᠤᠨᠵᠢᠪᠣᠷᠢ ᠶᠢ ᠬᠠᠮᠲᠤ ᠳᠤ ᠨᠢ ᠬᠠᠷᠠᠭᠠᠯᠵᠠᠵᠤ᠂ ᠡᠮ ᠤᠨ ᠵᠦᠶ᠋ᠯ᠂ ᠬᠤᠷᠣᠭᠳᠠᠯ | ᠮᠠᠲ᠋ᠧᠷᠢᠶᠠᠯ ᠤᠨ ᠠᠵᠢᠯ ᠲᠥᠷᠥᠯ ᠤᠨ ᠥᠷᠢᠰᠥᠯᠳᠦᠭᠡᠨ ᠤ ᠳᠤᠮᠳᠠ ᠲᠥᠪᠯᠡᠷᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠦᠶ᠋ᠯᠡᠳᠬᠦᠨ ᠤ ᠰᠢᠨ᠎ᠡ ᠶᠢ | ᠡᠭᠦᠳᠦᠨ ᠲᠠᠰ ᠳᠡᠪᠰᠢᠬᠦ ᠶᠢ ᠠᠬᠢᠭᠤᠯᠵᠤ᠂ ᠠᠷᠪᠢᠯᠠᠭᠰᠠᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠶᠢᠨ | ᠦᠯᠡᠳᠡᠪᠦᠷᠢ ᠪᠣᠯᠭᠠᠨ ᠦᠯᠡᠳᠡᠭᠡᠨ ᠬᠡᠷᠡᠭᠯᠡᠬᠦ ᠶᠢ ᠤᠷᠮᠠᠰᠢᠭᠤᠯᠵᠤ᠂ ᠡᠨᠡ ᠬᠦ ᠥᠭᠡᠷᠡᠴᠢᠯᠡᠯᠲᠡ ᠳᠤ ᠡᠪᠡᠳᠴᠢᠲᠡᠨ ᠪᠠ ᠠᠵᠤ ᠠᠬᠤᠶᠢᠯᠠᠯ᠂ ᠡᠮᠴᠢᠯᠡᠭᠡᠨ ᠤ | ᠪᠠᠶᠢᠭᠤᠯᠤᠮᠵᠢ ᠳᠤ ᠴᠥᠮ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |