ᠣᠳᠣᠬᠠᠨ ᠳᠤ᠂ ᠳᠡᠯᠡᠬᠡᠢ ᠳᠠᠶᠠᠭᠠᠷ ᠲᠤ ᠬᠢᠵᠢᠭ ᠤᠨ ᠪᠠᠶᠢᠳᠠᠯ ᠦᠷᠭᠦᠯᠵᠢᠯᠡᠨ ᠬᠠᠯᠳᠠᠪᠤᠷᠢᠯᠠᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠲᠤᠰ | ᠭᠠᠵᠠᠷ ᠤᠨ ᠬᠢᠵᠢᠭ ᠤᠨ ᠪᠠᠶᠢᠳᠠᠯ ᠣᠯᠠᠨ ᠭᠠᠵᠠᠷ ᠲᠠᠷᠠᠬᠠᠢ ᠪᠠᠷ ᠡᠭᠦᠰᠬᠦ ᠪᠠ ᠬᠡᠰᠡᠭ ᠭᠠᠵᠠᠷ ᠲᠤ ᠲᠥᠪᠯᠡᠷᠡᠨ ᠰᠢᠷᠦᠭᠦᠰᠬᠦ ᠪᠠᠶᠢᠳᠠᠯ ᠳᠠᠪᠬᠤᠴᠠᠨ ᠢᠯᠡᠷᠡᠵᠦ ᠪᠤᠢ᠃ | ᠡᠯ᠎ᠡ ᠳᠤᠮᠳᠠᠳᠤ ᠪᠠᠭ᠎ᠠ ᠰᠤᠷᠭᠠᠭᠤᠯᠢ ᠴᠢᠯᠥᠭᠡ ᠲᠠᠯᠪᠢᠬᠤ ᠪᠣᠯᠵᠤ ᠪᠠᠶᠢᠭ᠎ᠠ ᠳᠡᠭᠡᠷ᠎ᠡ ᠴᠠᠭᠠᠨ ᠰᠠᠷ᠎ᠠ ᠣᠶᠢᠷᠠᠳᠴᠤ᠂ ᠭᠠᠳᠠᠷ ᠣᠷᠣᠨ ᠳᠠᠬᠢ ᠰᠤᠷᠤᠭᠴᠢ ᠪᠠ | ᠠᠵᠢᠯᠴᠢᠳ ᠨᠤᠲᠤᠭ ᠪᠤᠴᠠᠵᠤ᠂ ᠮᠠᠨ ᠤ ᠬᠤᠲᠠ ᠶᠢᠨ ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠰᠢᠷᠦᠭᠦᠰᠬᠦ ᠶᠢ | ᠰᠡᠷᠭᠡᠶᠢᠯᠡᠬᠦ ᠵᠢᠴᠢ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡ ᠪᠠᠷ ᠰᠡᠷᠭᠡᠶᠢᠯᠡᠬᠦ ᠳᠠᠷᠤᠯᠲᠠ ᠦᠷᠭᠦᠯᠵᠢᠯᠡᠨ ᠶᠡᠬᠡᠰᠴᠦ ᠪᠠᠶᠢᠨ᠎ᠠ᠃ ᠪᠠᠶᠢᠩᠭᠤᠵᠢᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠥᠮᠦᠨ ᠴᠤᠭᠯᠠᠷᠠᠬᠤ ᠶᠢ ᠪᠦᠲᠦᠮᠵᠢᠲᠡᠢ ᠴᠥᠭᠡᠳᠬᠡᠨ᠂ ᠬᠢᠵᠢᠭ ᠤᠨ | ᠪᠠᠶᠢᠳᠠᠯ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠬᠤ ᠶᠢᠨ ᠲᠥᠯᠥᠭᠡ᠂ ᠪᠦᠬᠦ ᠬᠤᠲᠠ ᠶᠢᠨ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ | ᠬᠢᠵᠢᠭ ᠤᠨ ᠪᠠᠶᠢᠳᠠᠯ ᠤᠨ ᠬᠠᠮᠢᠶᠠᠷᠤᠨ ᠡᠵᠡᠮᠳᠡᠬᠦ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠳᠣᠣᠷᠠᠬᠢ ᠮᠡᠲᠦ ᠪᠠᠷ ᠵᠠᠷᠯᠠᠰᠤᠭᠠᠢ᠄ | ᠨᠢᠭᠡ᠂ ᠣᠳᠣᠬᠠᠨ ᠳᠤ ᠯᠢᠨ ᠾᠧ ᠲᠣᠭᠤᠷᠢᠭ᠂ ᠦᠶᠤᠸᠠᠨ ᠰᠢᠶᠠᠨ᠂ ᠤᠷᠠᠳ ᠤᠨ ᠬᠤᠶᠢᠲᠤ ᠬᠤᠰᠢᠭᠤᠨ ᠳᠤ ᠤᠯᠤᠰ ᠤᠨ ᠳᠣᠲᠣᠭᠠᠳᠤ ᠳᠠᠬᠢ ᠳᠤᠮᠳᠠ | ᠥᠨᠳᠥᠷ ᠲᠦᠭᠰᠢᠭᠦᠷᠢᠲᠦ ᠣᠷᠣᠨ ᠤ ᠣᠨᠣᠰᠢᠯᠠᠭᠳᠠᠭᠰᠠᠨ ᠡᠪᠡᠳᠴᠢᠲᠡᠨ ᠲᠠᠢ ᠨᠢᠭᠲᠠ ᠣᠶᠢᠷᠠᠲᠤᠭᠰᠠᠳ ᠪᠠ ᠳᠠᠮ ᠢᠶᠠᠷ ᠨᠢᠭᠲᠠ ᠣᠶᠢᠷᠠᠲᠤᠭᠰᠠᠳ ᠢᠯᠡᠷᠡᠭᠰᠡᠨ | ᠪᠣᠳᠠᠲᠤ ᠪᠠᠶᠢᠳᠠᠯ ᠢ ᠦᠨᠳᠥᠰᠦᠯᠡᠨ᠂ ᠬᠢᠵᠢᠭ ᠤᠨ ᠪᠠᠶᠢᠳᠠᠯ ᠬᠠᠯᠳᠠᠪᠤᠷᠢᠯᠠᠬᠤ ᠲᠦᠭᠰᠢᠭᠦᠷᠢ ᠶᠢ ᠦᠨᠡᠨ ᠬᠦ ᠪᠠᠭᠤᠷᠠᠭᠤᠯᠬᠤ ᠶᠢᠨ ᠲᠥᠯᠥᠭᠡ᠂ ᠯᠢᠨ ᠾᠧ ᠲᠣᠭᠤᠷᠢᠭ᠂ | ᠦᠶᠤᠸᠠᠨ ᠰᠢᠶᠠᠨ᠂ ᠤᠷᠠᠳ ᠤᠨ ᠬᠤᠶᠢᠲᠤ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠨ | ᠥᠷᠨᠢᠭᠦᠯᠬᠦ ᠰᠦᠯᠵᠢᠶᠡᠨ ᠤ ᠪᠤᠰᠤ ᠪᠣᠯᠪᠠᠰᠤᠷᠠᠯ ᠤᠨ ᠠᠵᠢᠯᠯᠠᠭ᠎ᠠ ᠶᠢ ᠲᠦᠷ ᠵᠣᠭᠰᠣᠭᠠᠨ᠎ᠠ᠃ | ᠬᠤᠶᠠᠷ᠂ ᠪᠤᠰᠤᠳ ᠬᠤᠰᠢᠭᠤ ᠰᠢᠶᠠᠨ ᠤ ᠡᠵᠡᠩᠨᠡᠯᠲᠡ ᠬᠢᠵᠦ ᠪᠠᠶᠢᠭ᠎ᠠ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠬᠤ ᠣᠷᠣᠨ ᠲᠠᠯᠠᠪᠤᠷ ᠲᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠲᠥᠷᠥᠯ ᠤᠨ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠪᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠮᠠᠯᠠᠯᠲᠠ ᠶᠢᠨ ᠪᠢᠴᠢᠭ | ᠲᠣᠭᠲᠠᠬᠤ ᠬᠡᠷᠡᠭᠲᠡᠢ᠃ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠠᠳᠠᠯᠢ ᠨᠢᠭᠡᠨ ᠴᠠᠭ ᠲᠤ ᠪᠣᠯᠪᠠᠰᠤᠷᠠᠯ ᠬᠦᠷᠲᠡᠭᠡᠬᠦ ᠰᠤᠷᠤᠯᠭᠠᠲᠠᠨ ᠤ ᠲᠤᠭ᠎ᠠ ᠶᠢ | ᠴᠢᠩᠭ᠎ᠠ ᠬᠢᠵᠠᠭᠠᠷᠯᠠᠵᠤ᠂ ᠪᠣᠯᠪᠠᠰᠤᠷᠠᠯ ᠬᠦᠷᠲᠡᠭᠡᠬᠦ ᠣᠷᠣᠨ ᠲᠠᠯᠠᠪᠤᠷ ᠲᠠᠬᠢ ᠰᠤᠷᠤᠯᠭᠠᠲᠠᠳ ᠤᠨ ᠵᠠᠢ ᠶᠢ ᠠᠳᠠᠭ ᠲᠤ ᠪᠠᠨ 1 ᠮᠧᠲᠷ ᠪᠠᠶᠢᠯᠭᠠᠬᠤ ᠪᠥᠭᠡᠳ ᠠᠩᠭᠢ | ᠤᠳᠠᠭᠠᠨ ᠤ ᠬᠥᠮᠦᠨ ᠤ ᠲᠤᠭ᠎ᠠ ᠶᠢ 10 ᠠᠴᠠ ᠬᠡᠲᠦᠷᠡᠭᠦᠯᠵᠦ ᠪᠣᠯᠬᠤ ᠦᠭᠡᠢ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠲᠣᠭᠲᠠᠮᠠᠯ | ᠬᠤᠭᠤᠴᠠᠭᠠᠲᠠᠢ ᠪᠠᠷ ᠥᠷᠨᠢᠭᠦᠯᠵᠦ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠪᠠᠭᠰᠢ ᠨᠠᠷ᠂ ᠰᠤᠷᠤᠯᠭᠠᠲᠠᠳ ᠵᠢᠴᠢ ᠪᠤᠰᠤᠳ ᠬᠥᠮᠦᠰ ᠵᠠᠪᠠᠯ 7 | ᠬᠤᠨᠤᠭ ᠪᠦᠷᠢ ᠳᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠪᠠᠶᠢᠴᠠᠭᠠᠯᠲᠠ ᠶᠢᠨ ᠳ᠋ᠦᠩ ᠢᠶᠠᠨ ᠬᠠᠷᠢᠶ᠎ᠠ ᠣᠷᠣᠨ ᠤ ᠠᠵᠢᠯ ᠲᠥᠷᠥᠯ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ ᠪᠠᠶᠢᠴᠠᠭᠠᠯᠭᠠᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠵᠠᠷᠤᠳᠠᠯ ᠢ ᠪᠦᠷ | ᠪᠣᠯᠪᠠᠰᠤᠷᠠᠯ ᠤᠨ ᠪᠠᠶᠢᠭᠤᠯᠤᠮᠵᠢ ᠠᠴᠠ ᠳᠠᠭᠠᠭᠠᠵᠤ᠂ ᠰᠤᠷᠤᠯᠭᠠᠲᠠᠳ ᠢᠶᠠᠷ ᠪᠥᠭᠡᠮ ᠬᠦᠴᠢᠯ ᠤᠨ ᠪᠠᠶᠢᠴᠠᠭᠠᠯᠲᠠ ᠶᠢᠨ ᠵᠠᠷᠤᠳᠠᠯ ᠢ ᠡᠭᠦᠷᠭᠡᠯᠡᠭᠦᠯᠬᠦ ᠪᠠᠷ ᠱᠠᠭᠠᠷᠳᠠᠵᠤ | ᠪᠣᠯᠬᠤ ᠦᠭᠡᠢ᠃ ᠡᠭᠦᠨ ᠤ ᠬᠠᠮᠲᠤ ᠡᠳᠥᠷ ᠪᠦᠷᠢ ᠶᠢᠨ ᠪᠡᠶ᠎ᠡ ᠶᠢᠨ ᠬᠠᠯᠠᠭᠤᠨ ᠤ ᠬᠢᠨᠠᠨ ᠬᠡᠮᠵᠢᠯᠲᠡ᠂ ᠰᠤᠷᠠᠭ ᠵᠠᠩᠭᠢ ᠶᠢᠨ ᠳᠠᠩᠰᠠᠯᠠᠯᠲᠠ ᠪᠠ ᠨᠡᠪᠲᠡᠷᠡᠬᠦ ᠺᠣᠳ᠋ ᠤᠨ | ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠭᠤᠷᠪᠠ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠪᠣᠯᠪᠠᠰᠤᠷᠠᠯ ᠤᠨ ᠣᠷᠣᠨ ᠲᠠᠯᠠᠪᠤᠷ ᠲᠤ ᠦᠷᠭᠦᠯᠵᠢ ᠵᠢᠪᠠᠷ ᠨᠡᠪᠲᠡᠷᠡᠭᠦᠯᠵᠦ᠂ ᠲᠣᠭᠲᠠᠮᠠᠯ ᠬᠤᠭᠤᠴᠠᠭᠠᠲᠠᠢ ᠪᠠᠷ ᠠᠷᠢᠭᠤᠳᠬᠠᠬᠤ᠂ ᠥᠷᠥᠭᠡᠨ ᠤ ᠳᠣᠲᠣᠷ ᠭᠠᠳᠠᠨᠠᠬᠢ | ᠣᠷᠴᠢᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠭᠰᠢ ᠠᠵᠢᠯᠲᠠᠳ ᠪᠣᠯᠪᠠᠰᠤᠷᠠᠯ ᠤᠨ ᠬᠤᠭᠤᠴᠠᠭᠠᠨ ᠳᠤ ᠨᠡᠶᠢᠳᠡᠮ | ᠠᠮᠠᠪᠴᠢ ᠵᠡᠭᠦᠵᠦ᠂ ᠬᠤᠪᠢ ᠪᠡᠶ᠎ᠡ ᠶᠢᠨ ᠰᠡᠷᠭᠡᠶᠢᠯᠡᠯ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ | ᠳᠥᠷᠪᠡ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠪᠦᠬᠦ ᠤᠯᠤᠰ ᠤᠨ ᠬᠢᠵᠢᠭ ᠤᠨ ᠪᠠᠶᠢᠳᠠᠯ ᠤᠨ ᠬᠤᠪᠢᠷᠠᠯᠲᠠ ᠬᠥᠭᠵᠢᠯᠲᠡ ᠶᠢ ᠨᠢᠭᠲᠠ | ᠠᠩᠬᠠᠷᠴᠤ᠂ ᠬᠤᠲᠠ ᠶᠢᠨ ᠭᠠᠳᠠᠨ᠎ᠠ᠂ ᠣᠨᠴᠠᠭᠠᠶᠢᠯᠠᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠪᠠ ᠳᠤᠮᠳᠠ ᠥᠨᠳᠥᠷ ᠲᠦᠭᠰᠢᠭᠦᠷᠢᠲᠦ ᠣᠷᠣᠨ ᠳᠤ | ᠪᠠᠶᠢᠭᠰᠠᠨ ᠬᠥᠮᠦᠰ ᠢ ᠤᠷᠢᠨ ᠬᠡᠷᠡᠭᠯᠡᠵᠦ ᠪᠣᠯᠬᠤ ᠦᠭᠡᠢ᠂ ᠬᠤᠲᠠ ᠶᠢᠨ ᠭᠠᠳᠠᠨ᠎ᠠ᠂ ᠣᠨᠴᠠᠭᠠᠶᠢᠯᠠᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠪᠠ ᠳᠤᠮᠳᠠ | ᠥᠨᠳᠥᠷ ᠲᠦᠭᠰᠢᠭᠦᠷᠢᠲᠦ ᠣᠷᠣᠨ ᠳᠤ ᠪᠠᠶᠢᠭᠰᠠᠨ ᠬᠥᠮᠦᠰ ᠢ ᠰᠤᠷᠤᠯᠭᠠᠲᠠᠨ ᠢᠶᠠᠷ ᠡᠯᠰᠡᠵᠦ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠱᠠᠭᠠᠷᠳᠠᠯᠭ᠎ᠠ ᠶᠢ ᠦᠯᠦ ᠵᠢᠷᠤᠮᠯᠠᠨ ᠪᠣᠯᠪᠠᠰᠤᠷᠠᠯ ᠡᠷᠬᠢᠯᠡᠭᠰᠡᠨ ᠪᠣᠯ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠳᠦᠷᠢᠮ ᠶᠣᠰᠣᠭᠠᠷ | ᠵᠣᠭᠰᠣᠭᠠᠵᠤ᠂ ᠭᠡᠷᠡᠴᠢ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶᠠᠲᠠᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠲᠠᠪᠤ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠰᠤᠷᠤᠯᠭᠠᠲᠠᠳ ᠤᠨ ᠵᠥᠪᠰᠢᠶᠡᠷᠡᠯ ᠢᠶᠠᠷ ᠰᠦᠯᠵᠢᠶᠡᠨ ᠤ ᠪᠣᠯᠪᠠᠰᠤᠷᠠᠯ ᠬᠢᠬᠦ ᠶᠢ ᠵᠣᠷᠢᠭᠵᠢᠭᠤᠯᠬᠤ | ᠪᠠ ᠬᠥᠲᠥᠯᠥᠨ ᠵᠢᠯᠣᠭᠤᠳᠤᠨ᠎ᠠ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠪᠣᠯᠪᠠᠰᠤᠷᠠᠯ ᠤᠨ ᠵᠠᠷᠤᠳᠠᠯ ᠢᠶᠠᠨ ᠳᠤᠷ᠎ᠠ ᠪᠠᠷ ᠥᠰᠬᠡᠵᠦ ᠪᠣᠯᠬᠤ ᠦᠭᠡᠢ᠂ | ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠬᠤ ᠳᠤᠷ᠎ᠠ ᠦᠭᠡᠢ ᠰᠤᠷᠤᠯᠭᠠᠲᠠᠨ ᠤ ᠪᠠᠶᠢᠳᠠᠯ ᠢ ᠦᠨᠳᠥᠰᠦᠯᠡᠨ ᠬᠢᠴᠢᠶᠡᠯ ᠢ ᠨᠢ ᠲᠣᠬᠢᠷᠠᠭᠤᠯᠬᠤ ᠪᠤᠶᠤ | ᠦᠯᠡᠳᠡᠭᠰᠡᠨ ᠵᠠᠷᠤᠳᠠᠯ ᠢ ᠨᠢ ᠪᠤᠴᠠᠭᠠᠬᠤ ᠬᠡᠷᠡᠭᠲᠡᠢ᠃ | ᠵᠢᠷᠭᠤᠭ᠎ᠠ᠂ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠳᠠᠬᠢ ᠡᠯ᠎ᠡ ᠲᠥᠷᠥᠯ ᠤᠨ | ᠪᠣᠯᠪᠠᠰᠤᠷᠠᠯ ᠤᠨ ᠪᠠᠶᠢᠭᠤᠯᠤᠮᠵᠢ ᠶᠢ ᠪᠠᠯᠠᠢ ᠴᠡᠭ ᠦᠯᠡᠳᠡᠭᠡᠯ ᠦᠭᠡᠢ ᠪᠠᠷ ᠪᠦᠬᠦᠨ ᠢ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶᠢᠯᠠᠨ᠂ ᠳᠠᠩᠰᠠ | ᠭᠠᠷᠭᠠᠵᠤ᠂ ᠲᠣᠣᠷᠵᠢᠭᠰᠠᠨ ᠬᠠᠮᠢᠶᠠᠷᠤᠯᠲᠠ ᠬᠢᠬᠦ ᠬᠡᠷᠡᠭᠲᠡᠢ᠃ ᠡᠯ᠎ᠡ ᠱᠠᠲᠤᠨ ᠤ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠪᠠᠩᠬᠢ ᠳᠠᠭᠠᠳᠬᠠᠯ ᠤᠨ ᠬᠢᠨᠠᠨ ᠬᠠᠮᠢᠶᠠᠷᠤᠯᠲᠠ ᠵᠡᠷᠭᠡ ᠠᠵᠢᠯ ᠲᠥᠷᠥᠯ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ | ᠣᠷᠣᠨ ᠤ ᠪᠠᠨ ᠵᠢᠯᠣᠭᠤᠳᠬᠤ ᠭᠠᠵᠠᠷ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠳᠡᠭᠡᠷᠡᠬᠢ ᠲᠣᠭᠲᠠᠭᠠᠯ ᠳᠤ ᠦᠯᠦ ᠨᠡᠶᠢᠴᠡᠬᠦ ᠪᠤᠶᠤ ᠭᠡᠷᠡᠴᠢ | ᠦᠨᠡᠮᠯᠡᠯ ᠭᠦᠢᠴᠡᠳ ᠦᠭᠡᠢ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠡᠷᠡᠰ ᠴᠠᠭᠠᠵᠠᠯᠠᠨ ᠵᠣᠭᠰᠣᠭᠠᠬᠤ ᠬᠡᠷᠡᠭᠲᠡᠢ︔ ᠲᠤᠰ ᠵᠠᠷᠯᠠᠯ ᠤᠨ | ᠱᠠᠭᠠᠷᠳᠠᠯᠭ᠎ᠠ ᠶᠢ ᠬᠡᠷᠡᠭᠵᠢᠭᠦᠯᠬᠦ ᠦᠭᠡᠢ᠂ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ | ᠵᠥᠪᠰᠢᠶᠡᠷᠡᠯ ᠦᠭᠡᠢ ᠪᠠᠷ ᠳᠤᠷ᠎ᠠ ᠪᠠᠷ ᠳᠦᠷᠢᠮ ᠢ ᠵᠥᠷᠢᠴᠡᠨ ᠪᠣᠯᠪᠠᠰᠤᠷᠠᠯ ᠤᠨ ᠠᠩᠭᠢ ᠡᠷᠬᠢᠯᠡᠬᠦ ᠪᠤᠶᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡᠯ ᠬᠠᠤᠯᠢ | ᠳᠦᠷᠢᠮ ᠶᠣᠰᠣᠭᠠᠷ ᠴᠢᠩᠭ᠎ᠠ ᠪᠠᠶᠢᠴᠠᠭᠠᠨ ᠰᠢᠢᠳᠬᠡᠨ᠎ᠡ᠃ | ᠳᠣᠯᠤᠭ᠎ᠠ᠂ ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠠᠴᠠ ᠳᠦᠷᠢᠮ ᠢ ᠵᠥᠷᠢᠴᠡᠨ ᠪᠣᠯᠪᠠᠰᠤᠷᠠᠯ ᠥᠷᠨᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ | ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠥᠷ ᠠᠴᠠ ᠡᠬᠢᠯᠡᠨ ᠬᠡᠷᠡᠭᠵᠢᠭᠦᠯᠦᠨ᠎ᠡ᠂ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠪᠠᠷᠢᠯ ᠢ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠬᠤᠪᠢᠷᠠᠯᠲᠠ ᠶᠢ ᠦᠨᠳᠥᠰᠦᠯᠡᠨ | ᠬᠥᠳᠡᠯᠦᠩᠭᠦᠢ ᠪᠠᠷ ᠲᠣᠬᠢᠷᠠᠭᠤᠯᠤᠨ᠎ᠠ᠃ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — 7917574 | ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12315 | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠤᠲᠠᠰᠤ᠄ 0478 — 8527388 | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — 8772329 | ᠬᠤᠲᠠ ᠶᠢᠨ ᠪᠠᠩᠬᠢ ᠳᠠᠭᠠᠳᠬᠠᠯ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — | 2670375 | | ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ | 2021 ᠣᠨ ᠤ 1 ᠰᠠᠷ᠎ᠠ ᠶᠢᠨ 17 ᠤ ᠡᠳᠥᠷ | |