ᠯᠢᠨ ᠾᠧ ᠲᠣᠭᠤᠷᠢᠭ ᠤᠨ ᠯᠠᠩᠱᠠᠨ ᠪᠠᠯᠭᠠᠰᠤᠨ ᠤ ᠶᠦᠩ ᠱᠧᠩ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠬᠤᠳᠠᠯᠳᠤᠨ ᠠᠪᠬᠤ ᠪᠠ ᠪᠣᠷᠣᠯᠠᠭᠤᠯᠬᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠭᠲᠠᠭᠠᠯ ᠠᠴᠠ ᠵᠥᠷᠢᠴᠡᠭᠰᠡᠨ ᠲᠤᠬᠠᠢ ᠰᠢᠢᠳᠬᠡᠬᠦ ᠵᠠᠷᠯᠠᠯ
ᠨᠡᠶᠢᠲᠡᠯᠡᠭᠰᠡᠨ ᠴᠠᠭ᠄
2021/1/19
               ᠯᠢᠨ‌ᠾᠧ ᠰᠡᠷᠭᠡᠶᠢᠯᠡᠬᠦ ᠵᠢᠯᠣᠭᠤᠳᠬᠤ ᠮᠡᠳᠡᠭᠳᠡᠯ ︹2021︺3 ᠳ᠋ᠤᠭᠠᠷ ᠲᠣᠭᠠᠲᠤ       1 ᠰᠠᠷ᠎ᠠ ᠶᠢᠨ 4 ᠤ ᠡᠳᠥᠷ᠂ ᠾᠧᠪᠧᠢ ᠮᠤᠵᠢ ᠶᠢᠨ ᠱᠢ ᠵᠢᠶᠠ ᠵᠤᠸᠠᠩ ᠬᠤᠲᠠ ᠶᠢᠨ ᠭᠤᠣ ᠴᠧᠩ ᠲᠣᠭᠤᠷᠢᠭ ᠤᠨ ᠠᠴᠢᠶᠠᠨ ᠤ ᠲᠡᠷᠭᠡ ᠶᠢᠨ ᠵᠢᠯᠣᠭᠤᠴᠢ ᠯᠦ ᠣᠪᠣᠭᠲᠤ᠂ ᠯᠢᠦ ᠣᠪᠣᠭᠲᠤ ᠡᠷ᠎ᠡ ᠡᠮ᠎ᠡ ᠬᠤᠶᠠᠭᠤᠯᠠ ᠠᠴᠢᠶᠠᠨ ᠤ ᠲᠡᠷᠭᠡ ᠪᠠᠨ ᠵᠢᠯᠣᠭᠤᠳᠴᠤ᠂ ᠦᠶᠤᠸᠠᠨ ᠰᠢᠶᠠᠨ ᠠᠴᠠ 311 ᠮᠤᠵᠢ ᠶᠢᠨ ᠵᠠᠮ ᠢᠶᠠᠷ ᠲᠤᠬᠠᠢ ᠶᠢᠨ ᠡᠳᠥᠷ ᠤᠨ 15᠄ 40 ᠮᠢᠨᠦ᠋ᠲ ᠲᠤ ᠮᠠᠨ ᠤ ᠲᠣᠭᠤᠷᠢᠭ ᠤᠨ ᠯᠠᠩᠱᠠᠨ ᠪᠠᠯᠭᠠᠰᠤᠨ ᠤ ᠶᠦᠩ ᠱᠧᠩ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠬᠤᠳᠠᠯᠳᠤᠨ ᠠᠪᠬᠤ ᠪᠠ ᠪᠣᠷᠣᠯᠠᠭᠤᠯᠬᠤ ᠲᠥᠪ ᠲᠤ ᠬᠦᠷᠴᠦ ᠪᠠᠷᠠᠭ᠎ᠠ ᠠᠴᠢᠵᠤ᠂ 17 ᠴᠠᠭ ᠤᠨ ᠬᠠᠪᠢ ᠪᠠᠷ ᠯᠠᠩᠱᠠᠨ ᠪᠠᠯᠭᠠᠰᠤᠨ ᠠᠴᠠ ᠰᠠᠯᠵᠠᠢ᠃ ᠡᠨᠡ ᠬᠤᠭᠤᠴᠠᠭᠠᠨ ᠳᠤ ᠬᠤᠳᠠᠯᠳᠤᠨ ᠠᠪᠬᠤ ᠪᠠ ᠪᠣᠷᠣᠯᠠᠭᠤᠯᠬᠤ ᠲᠥᠪ ᠤᠨ 2 ᠠᠴᠢᠶᠠᠴᠢᠨ ᠪᠠᠷᠠᠭ᠎ᠠ ᠠᠴᠢᠬᠤ ᠳᠤ ᠪᠠᠨ ᠲᠤᠰ ᠾᠧᠪᠧᠢ ᠮᠤᠵᠢ ᠶᠢᠨ ᠲᠡᠷᠭᠡ ᠲᠠᠢ ᠣᠶᠢᠷᠠᠳᠪᠠ᠃ 1 ᠰᠠᠷ᠎ᠠ ᠶᠢᠨ 12 ᠤ ᠡᠳᠥᠷ ᠯᠢᠦ ᠣᠪᠣᠭᠲᠤ ᠾᠧᠪᠧᠢ ᠮᠤᠵᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠪᠠ᠃      ᠥᠨᠥ ᠵᠢᠯ ᠠᠴᠠ ᠨᠠᠭᠠᠰᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠨᠢᠭᠡᠨᠲᠡ ᠣᠯᠠᠨ ᠤᠳᠠᠭ᠎ᠠ ᠵᠠᠷᠯᠠᠵᠤ᠂ ᠬᠤᠪᠢ ᠶᠢᠨ ᠡᠷᠦᠬᠡ᠂ ᠬᠤᠳᠠᠯᠳᠤᠭᠠᠴᠢᠨ ᠡᠷᠦᠬᠡ᠂ ᠪᠠᠶᠢᠭᠤᠯᠭ᠎ᠠ ᠨᠢᠭᠡᠴᠢ ᠡᠷᠬᠡᠪᠰᠢ ᠬᠢᠯᠢ ᠶᠢᠨ ᠭᠠᠳᠠᠨ᠎ᠠ ᠠᠴᠠ ᠪᠤᠶᠤ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠳ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠳᠡᠭᠡᠭᠰᠢ ᠮᠡᠳᠡᠭᠦᠯᠬᠦ ᠶᠢ ᠱᠠᠭᠠᠷᠳᠠᠵᠤ᠂ ᠯᠠᠩᠱᠠᠨ ᠲᠣᠭᠤᠷᠢᠭ ᠤᠨ ᠠᠵᠢᠯᠲᠠᠨ ᠴᠤ ᠣᠯᠠᠨ ᠤᠳᠠᠭ᠎ᠠ ᠲᠤᠰ ᠠᠵᠤ ᠠᠬᠤᠶᠢᠯᠠᠯ ᠳᠤ ᠬᠦᠷᠴᠦ ᠵᠢᠭᠰᠠᠭᠠᠨ ᠪᠠᠶᠢᠴᠠᠭᠠᠪᠠ᠃ ᠭᠡᠪᠡᠴᠦ ᠶᠦᠩ ᠱᠧᠩ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠬᠤᠳᠠᠯᠳᠤᠨ ᠠᠪᠬᠤ ᠪᠠ ᠪᠣᠷᠣᠯᠠᠭᠤᠯᠬᠤ ᠲᠥᠪ ᠵᠢᠯᠣᠭᠤᠴᠢ ᠶᠢ ᠾᠧᠪᠧᠢ ᠮᠤᠵᠢ ᠶᠢᠨ ᠱᠢ ᠵᠢᠶᠠ ᠵᠤᠸᠠᠩ ᠬᠤᠲᠠ ᠠᠴᠠ ᠢᠷᠡᠭᠰᠡᠨ ᠭᠡᠳᠡᠭ ᠢ ᠮᠡᠳᠡᠵᠦ ᠪᠠᠶᠢᠭᠠᠳ᠂ ᠮᠥᠨ ᠯᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠳᠤ ᠪᠠᠶᠢᠳᠠᠯ ᠢ ᠮᠡᠳᠡᠭᠦᠯᠦᠭᠰᠡᠨ ᠦᠭᠡᠢ᠂ ᠪᠦᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠨᠳᠦ ᠨᠣᠴᠢᠲᠠᠢ ᠨᠥᠯᠥᠭᠡ ᠦᠵᠡᠭᠦᠯᠵᠡᠢ᠃ ᠣᠳᠣ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2020 ᠣᠨ ᠤ 1 ᠳ᠋ᠦ᠋ᠭᠡᠷ ᠲᠣᠭᠠᠲᠤ ᠠᠯᠪᠠᠨ ᠵᠠᠷᠯᠠᠯ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠠᠵᠤ ᠠᠬᠤᠶᠢᠯᠠᠯ ᠢ ᠪᠠᠶᠢᠴᠠᠭᠠᠨ ᠪᠢᠲᠡᠭᠦᠮᠵᠢᠯᠡᠵᠦ ᠴᠡᠭᠴᠡᠯᠡᠨ ᠰᠢᠢᠳᠪᠦᠷᠢᠯᠡᠬᠦ ᠶᠢᠨ ᠬᠠᠮᠲᠤ 2 ᠲᠦᠮᠡᠨ ᠲᠥᠭᠦᠷᠢᠭ ᠢᠶᠠᠷ ᠲᠣᠷᠭᠠᠬᠤ ᠪᠠᠷ ᠪᠣᠯᠪᠠ᠃      ᠪᠦᠬᠦ ᠲᠣᠭᠤᠷᠢᠭ ᠤᠨ ᠠᠷᠠᠳ ᠣᠯᠠᠨ᠂ ᠠᠵᠤ ᠠᠬᠤᠶᠢᠯᠠᠯ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠡᠭᠦᠨ ᠢᠶᠠᠷ ᠴᠡᠭᠡᠷᠯᠡᠯ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠢ ᠳᠡᠮᠵᠢᠵᠦ ᠬᠠᠮᠵᠢᠭᠠᠷᠠᠢ᠃ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠠᠳᠤᠢ ᠬᠢᠯᠢ ᠶᠢᠨ ᠭᠠᠳᠠᠨ᠎ᠠ ᠠᠴᠠ ᠪᠤᠶᠤ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠢᠷᠡᠭᠰᠡᠳ ᠵᠢᠴᠢ ᠳᠤᠮᠳᠠ ᠥᠨᠳᠥᠷ ᠲᠦᠭᠰᠢᠭᠦᠷᠢᠲᠦ ᠣᠷᠣᠨ ᠳᠤ ᠪᠠᠶᠢᠵᠤ ᠥᠩᠭᠡᠷᠡᠭᠰᠡᠳ ᠢ ᠢᠯᠡᠴᠢᠯᠡᠨ ᠮᠡᠳᠡᠭᠦᠯᠦᠭᠡᠷᠡᠢ᠃ ᠢᠯᠡᠴᠢᠯᠡᠨ ᠮᠡᠳᠡᠭᠦᠯᠦᠭᠰᠡᠨ ᠰᠦᠪᠡᠭᠴᠢ ᠦᠨᠡᠨ ᠪᠣᠳᠠᠲᠠᠢ ᠪᠠᠶᠢᠪᠠᠯ᠂ ᠢᠯᠡᠴᠢᠯᠡᠨ ᠮᠡᠳᠡᠭᠦᠯᠦᠭᠴᠢ ᠳᠤ ᠨᠢᠭᠡ ᠯᠡ ᠤᠳᠠᠭ᠎ᠠ ᠳᠤ 1 ᠲᠦᠮᠡᠨ ᠲᠥᠭᠦᠷᠢᠭ ᠱᠠᠩᠨᠠᠨ᠎ᠠ᠃ᠢᠯᠡᠴᠢᠯᠡᠨ ᠮᠡᠳᠡᠭᠦᠯᠬᠦ ᠤᠲᠠᠰᠤ᠄0478-82342870478-8655588                               ᠯᠢᠨ ᠾᠧ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                                ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                    2021 ᠣᠨ ᠤ 1 ᠰᠠᠷ᠎ᠠ ᠶᠢᠨ 16 ᠤ ᠡᠳᠥᠷ
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ