ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2021/1/19
                   ︵ᠪᠠᠶᠠᠨᠨᠠᠭᠤᠷ ᠰᠡᠷᠭᠡᠶᠢᠯᠡᠬᠦ ᠵᠢᠯᠣᠭᠤᠳᠬᠤ ᠵᠠᠷᠯᠠᠯ ︹2021︺4 ᠳ᠋ᠦ᠋ᠭᠡᠷ ᠲᠣᠭᠠᠲᠤ︶      ᠣᠳᠣᠬᠠᠨ ᠳᠤ᠂ ᠳᠡᠯᠡᠬᠡᠢ ᠳᠠᠶᠠᠭᠠᠷ ᠲᠤ ᠬᠢᠵᠢᠭ ᠤᠨ ᠪᠠᠶᠢᠳᠠᠯ ᠦᠷᠭᠦᠯᠵᠢᠯᠡᠨ ᠬᠠᠯᠳᠠᠪᠤᠷᠢᠯᠠᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠲᠤᠰ ᠭᠠᠵᠠᠷ ᠤᠨ ᠬᠢᠵᠢᠭ ᠤᠨ ᠪᠠᠶᠢᠳᠠᠯ ᠣᠯᠠᠨ ᠭᠠᠵᠠᠷ ᠲᠠᠷᠠᠬᠠᠢ ᠪᠠᠷ ᠡᠭᠦᠰᠬᠦ ᠪᠠ ᠬᠡᠰᠡᠭ ᠭᠠᠵᠠᠷ ᠲᠤ ᠲᠥᠪᠯᠡᠷᠡᠨ ᠰᠢᠷᠦᠭᠦᠰᠬᠦ ᠪᠠᠶᠢᠳᠠᠯ ᠳᠠᠪᠬᠤᠴᠠᠨ ᠢᠯᠡᠷᠡᠵᠦ ᠪᠤᠢ᠃ ᠡᠯ᠎ᠡ ᠳᠤᠮᠳᠠᠳᠤ ᠪᠠᠭ᠎ᠠ ᠰᠤᠷᠭᠠᠭᠤᠯᠢ ᠴᠢᠯᠥᠭᠡ ᠲᠠᠯᠪᠢᠬᠤ ᠪᠣᠯᠵᠤ ᠪᠠᠶᠢᠭ᠎ᠠ ᠳᠡᠭᠡᠷ᠎ᠡ ᠴᠠᠭᠠᠨ ᠰᠠᠷ᠎ᠠ ᠣᠶᠢᠷᠠᠳᠴᠤ᠂ ᠭᠠᠳᠠᠷ ᠣᠷᠣᠨ ᠳᠠᠬᠢ ᠰᠤᠷᠤᠭᠴᠢ ᠪᠠ ᠠᠵᠢᠯᠴᠢᠳ ᠨᠤᠲᠤᠭ ᠪᠤᠴᠠᠵᠤ᠂ ᠮᠠᠨ ᠤ ᠬᠤᠲᠠ ᠶᠢᠨ ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠰᠢᠷᠦᠭᠦᠰᠬᠦ ᠶᠢ ᠰᠡᠷᠭᠡᠶᠢᠯᠡᠬᠦ ᠵᠢᠴᠢ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡ ᠪᠠᠷ ᠰᠡᠷᠭᠡᠶᠢᠯᠡᠬᠦ ᠳᠠᠷᠤᠯᠲᠠ ᠦᠷᠭᠦᠯᠵᠢᠯᠡᠨ ᠶᠡᠬᠡᠰᠴᠦ ᠪᠠᠶᠢᠨ᠎ᠠ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠥᠮᠦᠨ ᠴᠤᠭᠯᠠᠷᠠᠬᠤ ᠶᠢ ᠪᠦᠲᠦᠮᠵᠢᠲᠡᠢ ᠴᠥᠭᠡᠳᠬᠡᠨ᠂ ᠬᠢᠵᠢᠭ ᠤᠨ ᠪᠠᠶᠢᠳᠠᠯ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠬᠤ ᠶᠢᠨ ᠲᠥᠯᠥᠭᠡ᠂ ᠪᠦᠬᠦ ᠬᠤᠲᠠ ᠶᠢᠨ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠤᠨ ᠬᠠᠮᠢᠶᠠᠷᠤᠨ ᠡᠵᠡᠮᠳᠡᠬᠦ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠳᠣᠣᠷᠠᠬᠢ ᠮᠡᠲᠦ ᠪᠠᠷ ᠵᠠᠷᠯᠠᠰᠤᠭᠠᠢ᠄      ᠨᠢᠭᠡ᠂ ᠣᠳᠣᠬᠠᠨ ᠳᠤ ᠯᠢᠨ ᠾᠧ ᠲᠣᠭᠤᠷᠢᠭ᠂ ᠦᠶᠤᠸᠠᠨ ᠰᠢᠶᠠᠨ᠂ ᠤᠷᠠᠳ ᠤᠨ ᠬᠤᠶᠢᠲᠤ ᠬᠤᠰᠢᠭᠤᠨ ᠳᠤ ᠤᠯᠤᠰ ᠤᠨ ᠳᠣᠲᠣᠭᠠᠳᠤ ᠳᠠᠬᠢ ᠳᠤᠮᠳᠠ ᠥᠨᠳᠥᠷ ᠲᠦᠭᠰᠢᠭᠦᠷᠢᠲᠦ ᠣᠷᠣᠨ ᠤ ᠣᠨᠣᠰᠢᠯᠠᠭᠳᠠᠭᠰᠠᠨ ᠡᠪᠡᠳᠴᠢᠲᠡᠨ ᠲᠠᠢ ᠨᠢᠭᠲᠠ ᠣᠶᠢᠷᠠᠲᠤᠭᠰᠠᠳ ᠪᠠ ᠳᠠᠮ ᠢᠶᠠᠷ ᠨᠢᠭᠲᠠ ᠣᠶᠢᠷᠠᠲᠤᠭᠰᠠᠳ ᠢᠯᠡᠷᠡᠭᠰᠡᠨ ᠪᠣᠳᠠᠲᠤ ᠪᠠᠶᠢᠳᠠᠯ ᠢ ᠦᠨᠳᠥᠰᠦᠯᠡᠨ᠂ ᠬᠢᠵᠢᠭ ᠤᠨ ᠪᠠᠶᠢᠳᠠᠯ ᠬᠠᠯᠳᠠᠪᠤᠷᠢᠯᠠᠬᠤ ᠲᠦᠭᠰᠢᠭᠦᠷᠢ ᠶᠢ ᠦᠨᠡᠨ ᠬᠦ ᠪᠠᠭᠤᠷᠠᠭᠤᠯᠬᠤ ᠶᠢᠨ ᠲᠥᠯᠥᠭᠡ᠂ ᠯᠢᠨ ᠾᠧ ᠲᠣᠭᠤᠷᠢᠭ᠂ ᠦᠶᠤᠸᠠᠨ ᠰᠢᠶᠠᠨ᠂ ᠤᠷᠠᠳ ᠤᠨ ᠬᠤᠶᠢᠲᠤ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠨ ᠥᠷᠨᠢᠭᠦᠯᠬᠦ ᠰᠦᠯᠵᠢᠶᠡᠨ ᠤ ᠪᠤᠰᠤ ᠪᠣᠯᠪᠠᠰᠤᠷᠠᠯ ᠤᠨ ᠠᠵᠢᠯᠯᠠᠭ᠎ᠠ ᠶᠢ ᠲᠦᠷ ᠵᠣᠭᠰᠣᠭᠠᠨ᠎ᠠ᠃      ᠬᠤᠶᠠᠷ᠂ ᠪᠤᠰᠤᠳ ᠬᠤᠰᠢᠭᠤ ᠰᠢᠶᠠᠨ ᠤ ᠡᠵᠡᠩᠨᠡᠯᠲᠡ ᠬᠢᠵᠦ ᠪᠠᠶᠢᠭ᠎ᠠ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠬᠤ ᠣᠷᠣᠨ ᠲᠠᠯᠠᠪᠤᠷ ᠲᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠲᠥᠷᠥᠯ ᠤᠨ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠮᠠᠯᠠᠯᠲᠠ ᠶᠢᠨ ᠪᠢᠴᠢᠭ ᠲᠣᠭᠲᠠᠬᠤ ᠬᠡᠷᠡᠭᠲᠡᠢ᠃ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠠᠳᠠᠯᠢ ᠨᠢᠭᠡᠨ ᠴᠠᠭ ᠲᠤ ᠪᠣᠯᠪᠠᠰᠤᠷᠠᠯ ᠬᠦᠷᠲᠡᠭᠡᠬᠦ ᠰᠤᠷᠤᠯᠭᠠᠲᠠᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠪᠣᠯᠪᠠᠰᠤᠷᠠᠯ ᠬᠦᠷᠲᠡᠭᠡᠬᠦ ᠣᠷᠣᠨ ᠲᠠᠯᠠᠪᠤᠷ ᠲᠠᠬᠢ ᠰᠤᠷᠤᠯᠭᠠᠲᠠᠳ ᠤᠨ ᠵᠠᠢ ᠶᠢ ᠠᠳᠠᠭ ᠲᠤ ᠪᠠᠨ 1 ᠮᠧᠲᠷ ᠪᠠᠶᠢᠯᠭᠠᠬᠤ ᠪᠥᠭᠡᠳ ᠠᠩᠭᠢ ᠤᠳᠠᠭᠠᠨ ᠤ ᠬᠥᠮᠦᠨ ᠤ ᠲᠤᠭ᠎ᠠ ᠶᠢ 10 ᠠᠴᠠ ᠬᠡᠲᠦᠷᠡᠭᠦᠯᠵᠦ ᠪᠣᠯᠬᠤ ᠦᠭᠡᠢ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠲᠣᠭᠲᠠᠮᠠᠯ ᠬᠤᠭᠤᠴᠠᠭᠠᠲᠠᠢ ᠪᠠᠷ ᠥᠷᠨᠢᠭᠦᠯᠵᠦ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠪᠠᠭᠰᠢ ᠨᠠᠷ᠂ ᠰᠤᠷᠤᠯᠭᠠᠲᠠᠳ ᠵᠢᠴᠢ ᠪᠤᠰᠤᠳ ᠬᠥᠮᠦᠰ ᠵᠠᠪᠠᠯ 7 ᠬᠤᠨᠤᠭ ᠪᠦᠷᠢ ᠳᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠪᠠᠶᠢᠴᠠᠭᠠᠯᠲᠠ ᠶᠢᠨ ᠳ᠋ᠦᠩ ᠢᠶᠠᠨ ᠬᠠᠷᠢᠶ᠎ᠠ ᠣᠷᠣᠨ ᠤ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ ᠪᠠᠶᠢᠴᠠᠭᠠᠯᠭᠠᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠵᠠᠷᠤᠳᠠᠯ ᠢ ᠪᠦᠷ ᠪᠣᠯᠪᠠᠰᠤᠷᠠᠯ ᠤᠨ ᠪᠠᠶᠢᠭᠤᠯᠤᠮᠵᠢ ᠠᠴᠠ ᠳᠠᠭᠠᠭᠠᠵᠤ᠂ ᠰᠤᠷᠤᠯᠭᠠᠲᠠᠳ ᠢᠶᠠᠷ ᠪᠥᠭᠡᠮ ᠬᠦᠴᠢᠯ ᠤᠨ ᠪᠠᠶᠢᠴᠠᠭᠠᠯᠲᠠ ᠶᠢᠨ ᠵᠠᠷᠤᠳᠠᠯ ᠢ ᠡᠭᠦᠷᠭᠡᠯᠡᠭᠦᠯᠬᠦ ᠪᠠᠷ ᠱᠠᠭᠠᠷᠳᠠᠵᠤ ᠪᠣᠯᠬᠤ ᠦᠭᠡᠢ᠃ ᠡᠭᠦᠨ ᠤ ᠬᠠᠮᠲᠤ ᠡᠳᠥᠷ ᠪᠦᠷᠢ ᠶᠢᠨ ᠪᠡᠶ᠎ᠡ ᠶᠢᠨ ᠬᠠᠯᠠᠭᠤᠨ ᠤ ᠬᠢᠨᠠᠨ ᠬᠡᠮᠵᠢᠯᠲᠡ᠂ ᠰᠤᠷᠠᠭ ᠵᠠᠩᠭᠢ ᠶᠢᠨ ᠳᠠᠩᠰᠠᠯᠠᠯᠲᠠ ᠪᠠ ᠨᠡᠪᠲᠡᠷᠡᠬᠦ ᠺᠣᠳ᠋ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ᠭᠤᠷᠪᠠ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠯᠪᠠᠰᠤᠷᠠᠯ ᠤᠨ ᠣᠷᠣᠨ ᠲᠠᠯᠠᠪᠤᠷ ᠲᠤ ᠦᠷᠭᠦᠯᠵᠢ ᠵᠢᠪᠠᠷ ᠨᠡᠪᠲᠡᠷᠡᠭᠦᠯᠵᠦ᠂ ᠲᠣᠭᠲᠠᠮᠠᠯ ᠬᠤᠭᠤᠴᠠᠭᠠᠲᠠᠢ ᠪᠠᠷ ᠠᠷᠢᠭᠤᠳᠬᠠᠬᠤ᠂ ᠥᠷᠥᠭᠡᠨ ᠤ ᠳᠣᠲᠣᠷ ᠭᠠᠳᠠᠨᠠᠬᠢ ᠣᠷᠴᠢᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠭᠰᠢ ᠠᠵᠢᠯᠲᠠᠳ ᠪᠣᠯᠪᠠᠰᠤᠷᠠᠯ ᠤᠨ ᠬᠤᠭᠤᠴᠠᠭᠠᠨ ᠳᠤ ᠨᠡᠶᠢᠳᠡᠮ ᠠᠮᠠᠪᠴᠢ ᠵᠡᠭᠦᠵᠦ᠂ ᠬᠤᠪᠢ ᠪᠡᠶ᠎ᠡ ᠶᠢᠨ ᠰᠡᠷᠭᠡᠶᠢᠯᠡᠯ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃      ᠳᠥᠷᠪᠡ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠪᠦᠬᠦ ᠤᠯᠤᠰ ᠤᠨ ᠬᠢᠵᠢᠭ ᠤᠨ ᠪᠠᠶᠢᠳᠠᠯ ᠤᠨ ᠬᠤᠪᠢᠷᠠᠯᠲᠠ ᠬᠥᠭᠵᠢᠯᠲᠡ ᠶᠢ ᠨᠢᠭᠲᠠ ᠠᠩᠬᠠᠷᠴᠤ᠂ ᠬᠤᠲᠠ ᠶᠢᠨ ᠭᠠᠳᠠᠨ᠎ᠠ᠂ ᠣᠨᠴᠠᠭᠠᠶᠢᠯᠠᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠪᠠ ᠳᠤᠮᠳᠠ ᠥᠨᠳᠥᠷ ᠲᠦᠭᠰᠢᠭᠦᠷᠢᠲᠦ ᠣᠷᠣᠨ ᠳᠤ ᠪᠠᠶᠢᠭᠰᠠᠨ ᠬᠥᠮᠦᠰ ᠢ ᠤᠷᠢᠨ ᠬᠡᠷᠡᠭᠯᠡᠵᠦ ᠪᠣᠯᠬᠤ ᠦᠭᠡᠢ᠂ ᠬᠤᠲᠠ ᠶᠢᠨ ᠭᠠᠳᠠᠨ᠎ᠠ᠂ ᠣᠨᠴᠠᠭᠠᠶᠢᠯᠠᠨ ᠳᠤᠮᠳᠠ ᠥᠨᠳᠥᠷ ᠲᠦᠭᠰᠢᠭᠦᠷᠢᠲᠦ ᠣᠷᠣᠨ ᠠᠴᠠ ᠪᠠ ᠳᠤᠮᠳᠠ ᠥᠨᠳᠥᠷ ᠲᠦᠭᠰᠢᠭᠦᠷᠢᠲᠦ ᠣᠷᠣᠨ ᠳᠤ ᠪᠠᠶᠢᠭᠰᠠᠨ ᠬᠥᠮᠦᠰ ᠢ ᠰᠤᠷᠤᠯᠭᠠᠲᠠᠨ ᠢᠶᠠᠷ ᠡᠯᠰᠡᠵᠦ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠦᠯᠦ ᠵᠢᠷᠤᠮᠯᠠᠨ ᠪᠣᠯᠪᠠᠰᠤᠷᠠᠯ ᠡᠷᠬᠢᠯᠡᠭᠰᠡᠨ ᠪᠣᠯ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠳᠦᠷᠢᠮ ᠶᠣᠰᠣᠭᠠᠷ ᠵᠣᠭᠰᠣᠭᠠᠵᠤ᠂ ᠭᠡᠷᠡᠴᠢ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶᠠᠲᠠᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠲᠠᠪᠤ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠰᠤᠷᠤᠯᠭᠠᠲᠠᠳ ᠤᠨ ᠵᠥᠪᠰᠢᠶᠡᠷᠡᠯ ᠢᠶᠠᠷ ᠰᠦᠯᠵᠢᠶᠡᠨ ᠤ ᠪᠣᠯᠪᠠᠰᠤᠷᠠᠯ ᠬᠢᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠪᠣᠯᠪᠠᠰᠤᠷᠠᠯ ᠤᠨ ᠵᠠᠷᠤᠳᠠᠯ ᠢᠶᠠᠨ ᠳᠤᠷ᠎ᠠ ᠪᠠᠷ ᠥᠰᠬᠡᠵᠦ ᠪᠣᠯᠬᠤ ᠦᠭᠡᠢ᠂ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠬᠤ ᠳᠤᠷ᠎ᠠ ᠦᠭᠡᠢ ᠰᠤᠷᠤᠯᠭᠠᠲᠠᠨ ᠤ ᠪᠠᠶᠢᠳᠠᠯ ᠢ ᠦᠨᠳᠥᠰᠦᠯᠡᠨ ᠬᠢᠴᠢᠶᠡᠯ ᠢ ᠨᠢ ᠲᠣᠬᠢᠷᠠᠭᠤᠯᠬᠤ ᠪᠤᠶᠤ ᠦᠯᠡᠳᠡᠭᠰᠡᠨ ᠵᠠᠷᠤᠳᠠᠯ ᠢ ᠨᠢ ᠪᠤᠴᠠᠭᠠᠬᠤ ᠬᠡᠷᠡᠭᠲᠡᠢ᠃      ᠵᠢᠷᠭᠤᠭ᠎ᠠ᠂ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠳᠠᠬᠢ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠪᠠᠯᠠᠢ ᠴᠡᠭ ᠦᠯᠡᠳᠡᠭᠡᠯ ᠦᠭᠡᠢ ᠪᠠᠷ ᠪᠦᠬᠦᠨ ᠢ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶᠢᠯᠠᠨ᠂ ᠳᠠᠩᠰᠠ ᠭᠠᠷᠭᠠᠵᠤ᠂ ᠲᠣᠣᠷᠵᠢᠭᠰᠠᠨ ᠬᠠᠮᠢᠶᠠᠷᠤᠯᠲᠠ ᠬᠢᠬᠦ ᠬᠡᠷᠡᠭᠲᠡᠢ᠃ ᠡᠯ᠎ᠡ ᠱᠠᠲᠤᠨ ᠤ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠪᠠᠩᠬᠢ ᠳᠠᠭᠠᠳᠬᠠᠯ ᠤᠨ ᠬᠢᠨᠠᠨ ᠬᠠᠮᠢᠶᠠᠷᠤᠯᠲᠠ ᠵᠡᠷᠭᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠪᠠᠨ ᠵᠢᠯᠣᠭᠤᠳᠬᠤ ᠭᠠᠵᠠᠷ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠳᠡᠭᠡᠷᠡᠬᠢ ᠲᠣᠭᠲᠠᠭᠠᠯ ᠳᠤ ᠦᠯᠦ ᠨᠡᠶᠢᠴᠡᠬᠦ ᠪᠤᠶᠤ ᠭᠡᠷᠡᠴᠢ ᠦᠨᠡᠮᠯᠡᠯ ᠭᠦᠢᠴᠡᠳ ᠦᠭᠡᠢ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠡᠷᠡᠰ ᠴᠠᠭᠠᠵᠠᠯᠠᠨ ᠵᠣᠭᠰᠣᠭᠠᠬᠤ ᠬᠡᠷᠡᠭᠲᠡᠢ︔ ᠲᠤᠰ ᠵᠠᠷᠯᠠᠯ ᠤᠨ ᠱᠠᠭᠠᠷᠳᠠᠯᠭ᠎ᠠ ᠶᠢ ᠬᠡᠷᠡᠭᠵᠢᠭᠦᠯᠬᠦ ᠦᠭᠡᠢ᠂ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠥᠪᠰᠢᠶᠡᠷᠡᠯ ᠦᠭᠡᠢ ᠪᠠᠷ ᠳᠤᠷ᠎ᠠ ᠪᠠᠷ ᠳᠦᠷᠢᠮ ᠢ ᠵᠥᠷᠢᠴᠡᠨ ᠪᠣᠯᠪᠠᠰᠤᠷᠠᠯ ᠤᠨ ᠠᠩᠭᠢ ᠡᠷᠬᠢᠯᠡᠬᠦ ᠪᠤᠶᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡᠯ ᠬᠠᠤᠯᠢ ᠳᠦᠷᠢᠮ ᠶᠣᠰᠣᠭᠠᠷ ᠴᠢᠩᠭ᠎ᠠ ᠪᠠᠶᠢᠴᠠᠭᠠᠨ ᠰᠢᠢᠳᠬᠡᠨ᠎ᠡ᠃      ᠳᠣᠯᠤᠭ᠎ᠠ᠂ ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠠᠴᠠ ᠳᠦᠷᠢᠮ ᠢ ᠵᠥᠷᠢᠴᠡᠨ ᠪᠣᠯᠪᠠᠰᠤᠷᠠᠯ ᠥᠷᠨᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃      ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠥᠷ ᠠᠴᠠ ᠡᠬᠢᠯᠡᠨ ᠬᠡᠷᠡᠭᠵᠢᠭᠦᠯᠦᠨ᠎ᠡ᠂ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠠᠷᠢᠯ ᠢ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠬᠤᠪᠢᠷᠠᠯᠲᠠ ᠶᠢ ᠦᠨᠳᠥᠰᠦᠯᠡᠨ ᠬᠥᠳᠡᠯᠦᠩᠭᠦᠢ ᠪᠠᠷ ᠲᠣᠬᠢᠷᠠᠭᠤᠯᠤᠨ᠎ᠠ᠃      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — 7917574      ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12315      ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — 8527388      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — 8772329      ᠬᠤᠲᠠ ᠶᠢᠨ ᠪᠠᠩᠬᠢ ᠳᠠᠭᠠᠳᠬᠠᠯ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 — 2670375                                   ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                                  ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                 2021 ᠣᠨ ᠤ 1 ᠰᠠᠷ᠎ᠠ ᠶᠢᠨ 17 ᠤ ᠡᠳᠥᠷ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ