ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2020 ᠣᠨ ᠤ  ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤᠴᠠᠩ ᡁᠢ ᠭᠠᠩ ᠬᠤᠷᠠᠯ ᠢ ᠡᠷᠬᠢᠯᠡᠵᠦ ᠶᠠᠷᠢᠶ᠎ᠠ  ᠲᠠᠯ᠊
ᠨᠡᠶᠢᠲᠡᠯᠡᠭᠰᠡᠨ ᠴᠠᠭ᠄
2021/1/22
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ 1 ᠰᠠᠷ᠎ᠠ ᠶᠢᠨ 20 ᠤ ᠡᠳᠦᠷ ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠫᠸᠢ ᠶᠠᠨ ᠵᠢᠴᠢ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠠᠢ ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ  ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠨᠠᠷᠢᠨ ᠨᠢᠮᠪᠠᠶ ᠵᠣᠬᠢᠶᠠᠨ ᠪᠠᠶᠢᠭᠤᠯᠵᠤ ᠰᠤᠷᠤᠯᠴᠠᠨ ᠰᠤᠳᠤᠯᠵᠤ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠶᠠᠷᠢᠶᠠᠨ ᠤ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ᠂  ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠪᠡ᠃      ᠬᠤᠷᠠᠯ ᠳᠡᠭᠡᠷ᠎ᠡ᠂ ᠴᠠᠩ ᡁᠢ ᠭᠠᠩ ᠡᠩ ᠲᠡᠷᠢᠭᠦᠨ ᠳᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠭᠰᠠᠨ ᠪᠥᠭᠡᠳ ᠥᠪᠡᠷ ᠤᠨ ᠪᠡᠶ᠎ᠡ ᠪᠠᠷ ᠢᠶᠠᠨ ᠲᠦᠷᠦᠭᠦᠯᠡᠨ ᠪᠠᠶᠢᠴᠠᠭᠠᠵᠤ ᠵᠠᠳᠠᠯᠤᠯᠲᠠ ᠬᠢᠪᠡ᠃ ᠳᠠᠷᠠᠭ᠎ᠠ ᠨᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠵᠠᠩ ᠰᠢᠶᠤᠤ ᠪᠢᠩ ᠪᠣᠯᠤᠨ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠤᠪᠢ ᠬᠥᠮᠦᠨ ᠤ ᠵᠠᠳᠠᠯᠤᠯᠲᠠ ᠬᠢᠪᠡ᠃ ᠤᠯᠠᠨ ᠢᠶᠠᠷ ᠢᠶᠠᠨ ᠶᠠᠷᠢᠶᠠᠨ ᠳᠠᠭᠠᠨ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠪᠠᠶᠢᠩᠭᠤ ᠶᠢᠨ ᠬᠤᠷᠢᠶᠠᠨ ᠤ ᠪᠦᠯᠬᠦᠮᠳᠡᠯ ᠢ ᠴᠢᠩᠭᠠᠳᠬᠠᠨ ᠠᠵᠢᠯ ᠢᠶᠠᠨ ᠰᠠᠶᠢᠵᠢᠷᠠᠭᠤᠯᠬᠤ ᠳᠤ ᠮᠠᠰᠢ ᠰᠠᠶᠢᠨ ᠦᠢᠯᠡᠳᠦᠯ  ᠦᠵᠡᠭᠦᠯᠵᠦ᠂ ᠵᠢᠱᠢᠭᠰᠡᠨ ᠵᠣᠷᠢᠯᠭ᠎ᠠ ᠳᠠᠭᠠᠨ ᠬᠦᠷᠪᠡ᠃      ᠴᠠᠩ ᡁᠢ ᠭᠠᠩ ᠴᠢᠬᠤᠯᠠᠴᠢᠯᠠᠭᠰᠠᠨ ᠨᠢ᠂ ᠤᠨᠤᠯ ᠢᠶᠠᠷ ᠵᠡᠪᠰᠡᠭᠯᠡᠬᠦ ᠶᠢ ᠲᠦᠷᠦᠭᠦᠯᠡᠨ ᠴᠢᠩᠭᠠᠳᠬᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠢᠮᠠᠭᠲᠠ ᠳᠡᠭᠡᠳᠦ  ᠬᠡᠮᠵᠢᠶ᠎ᠡ  ᠪᠠᠷ ᠨᠢᠭᠡᠳᠦᠯᠲᠡᠢ ᠪᠠᠶᠢᠬᠤ ᠬᠡᠷᠡᠭᠲᠡᠢ᠂ ᠤᠯᠤᠰ ᠲᠦᠷᠦ ᠶᠢᠨ ᠪᠠᠶᠢᠭᠤᠯᠤᠯᠲᠠ ᠶᠢ ᠲᠦᠷᠦᠭᠦᠯᠡᠨ ᠴᠢᠩᠭᠠᠳᠬᠠᠵᠤ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠵᠦ ᠤᠳᠤᠷᠢᠳᠬᠤ ᠪᠠᠭ ᠤᠨ ᠤᠳᠤᠷᠢᠳᠬᠤ ᠴᠢᠳᠠᠪᠤᠷᠢ ᠪᠠ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠂ ᠪᠡᠶ᠎ᠡ ᠪᠠᠷ ᠢᠶᠠᠨ ᠲᠦᠷᠦᠭᠦᠯᠡᠨ ᠡᠭᠦᠷᠭᠡᠯᠡᠵᠦ᠂ ᠪᠦᠬᠦ ᠲᠠᠯ᠎ᠠ ᠪᠠᠷ  ᠲᠥᠪ ᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠷᠠᠳᠤᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯᠤᠨ 2035 ᠣᠨ ᠤ ᠠᠯᠤᠰ ᠤᠨ ᠬᠠᠷᠠᠯᠲᠠ ᠪᠠᠷ ᠪᠠᠷᠢᠮᠵᠢᠶ᠎ᠠ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ ᠪᠠᠶᠠᠨᠨᠠᠭᠤᠷ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ ᠰᠠᠬᠢᠯᠭ᠎ᠠ ᠪᠠᠲᠤ ᠶᠢ ᠰᠠᠬᠢᠵᠤ ᠶᠣᠰᠣ ᠲᠦᠷᠢᠮ ᠢ ᠡᠷᠬᠢᠮᠯᠡᠬᠦ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠨᠲᠠᠷᠠᠰᠢ ᠦᠭᠡᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠬᠡᠷᠡᠭᠲᠡᠢ ᠂ ᠪᠡᠶ᠎ᠡ ᠪᠠᠷ ᠢᠶᠠᠨ ᠲᠦᠷᠦᠭᠦᠯᠡᠨ ᠠᠰᠠᠭᠤᠳᠠᠯ ᠢ ᠴᠡᠭᠴᠡᠯᠡᠨ  ᠥᠭᠡᠷᠡᠴᠢᠯᠡᠬᠦ ᠶᠢ ᠰᠠᠶᠢᠲᠤᠷ ᠠᠳᠬᠤᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂  ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠶ  ᠭᠡᠪᠡ᠃      ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠱᠠᠭᠠᠷᠳᠠᠯᠭ᠎ᠠ ᠶᠣᠰᠣᠭᠠᠷ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠭᠦᠢᠴᠡᠳ᠂ ᠭᠤᠣᠯ ᠰᠡᠳᠦᠪ ᠢᠯᠡ ᠲᠣᠳᠣ᠂ ᠠᠭᠤᠯᠭ᠎ᠠ ᠪᠦᠷᠢᠨ ᠲᠡᠭᠦᠯᠳᠡᠷ᠂ ᠬᠤᠷᠠᠯ ᠤᠨ ᠠᠭᠤᠷ ᠠᠮᠢᠰᠬᠤᠯ  ᠲᠥᠪ ᠴᠢᠩᠭ᠎ᠠ ᠨᠠᠷᠢᠨ ᠬᠢᠨᠠᠮᠠᠭᠠᠢ᠂ ᠦᠨᠡᠨ ᠠᠴᠠ ᠵᠥᠪ ᠢ ᠡᠷᠢᠵᠦ ᠵᠢᠱᠢᠭᠰᠡᠨ ᠦᠷ᠎ᠡ ᠪᠦᠲᠦᠮᠵᠢ ᠳᠤ ᠬᠦᠷᠴᠡᠢ ᠭᠡᠵᠦ ᠦᠵᠡᠭᠰᠡᠨ ᠪᠥᠭᠡᠳ ᠪᠠᠰᠠ ᠬᠤᠷᠠᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ  ᠵᠠᠰᠠᠨ ᠰᠠᠶᠢᠵᠢᠷᠠᠭᠤᠯᠬᠤ ᠴᠢᠬᠤᠯᠠ ᠲᠠᠢ ᠲᠠᠯ᠎ᠠ ᠶᠢ ᠵᠢᠭᠠᠵᠤ ᠭᠠᠷᠭᠠᠪᠠ᠃ ᠪᠠᠶᠠᠨᠨᠠᠭᠤᠷ ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ ︽ᠲᠦᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠢ ᠤᠶᠠᠯᠳᠤᠭᠤᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠂ ᠰᠢᠨ᠎ᠡ ᠬᠥᠭᠵᠢᠯᠲᠡ ᠶᠢᠨ ᠱᠠᠳᠤ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠡᠵᠡᠮᠳᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ  ᠭᠡᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ  ᠫᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠢᠦᠶ ᠯᠢᠨ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ