ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ ( ᠨᠢᠭᠡ )
ᠨᠡᠶᠢᠲᠡᠯᠡᠭᠰᠡᠨ ᠴᠠᠭ᠄
2021/10/18
ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠭᠠᠯᠲᠤ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ᠄       ᠣᠳᠣᠬᠠᠨ ᠳᠤ᠂ ᠳᠡᠯᠡᠬᠡᠶ ᠶᠢᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠬᠡᠰᠡᠭ ᠪᠤᠰᠠᠭ ᠢᠶᠠᠷ ᠲᠠᠷᠬᠠᠵᠤ᠂ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠂ ᠢᠯᠠᠩᠭᠤᠶ᠎ᠠ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠬᠦ ᠶᠢ ᠳᠠᠭᠠᠯᠳᠤᠨ᠂ ᠴᠠᠭᠠᠨ ᠰᠠᠷ᠎ᠠ ᠣᠶᠢᠷᠠᠳᠴᠤ᠂ ᠬᠥᠮᠦᠨ᠂ ᠪᠣᠳᠠᠰ ᠤᠨ ᠨᠡᠭᠦᠳᠡᠯ ᠴᠤᠭᠯᠠᠷᠠᠯ ᠶᠠᠪᠤᠬᠤ ᠲᠤᠲᠤᠮ ᠣᠯᠠᠰᠢᠷᠠᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠤᠨ  ᠭᠠᠳᠠᠨ᠎ᠠ ᠠᠴᠠ ᠣᠷᠣᠵᠤ ᠳᠡᠯᠭᠡᠷᠡᠬᠦ ᠠᠶᠤᠯ ᠲᠦᠭᠰᠢᠭᠦᠷᠢ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠡᠷᠡᠰ ᠲᠠᠰᠤᠯᠵᠤ᠂ ᠥᠷᠭᠡᠨ ᠤᠯᠠᠨ ᠬᠤᠳᠠ ᠶᠢᠨ ᠠᠷᠠᠳ ᠤᠨ ᠠᠮᠤᠷ ᠠᠮᠤᠭᠤᠯᠠᠩ᠂ ᠡᠷᠡᠭᠦᠯ ᠮᠡᠨᠳᠦ᠂ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠪᠦᠬᠦ ᠬᠤᠳᠠ ᠶᠢᠨ ᠵᠠᠮ ᠲᠡᠭᠡᠭᠡᠪᠦᠷᠢ ᠶᠢᠨ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠵᠠᠮ ᠬᠠᠷᠢᠯᠴᠠᠭᠠᠨ ᠤ ᠲᠠᠯᠠᠪᠤᠷ ᠥᠷᠲᠡᠭᠡ ᠶᠢᠨ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠵᠡᠷᠭᠡ ᠨᠢᠭᠡᠴᠡ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠳᠤ ᠬᠥᠳᠡᠯᠦᠩᠭᠦᠶ ᠲᠣᠬᠢᠷᠠᠭᠤᠯᠤᠯᠲᠠ ᠬᠢᠭᠰᠡᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠲᠠ ᠶᠢᠨ ᠲᠡᠭᠡᠭᠡᠪᠦᠷᠢ ᠶᠢᠨ ᠡᠭᠡᠯᠵᠢ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠠᠶᠠᠨᠴᠢᠳ ᠤᠨ ᠴᠤᠪᠤᠷᠠᠯ ᠤᠨ ᠲᠡᠭᠡᠭᠡᠪᠦᠷᠢ ᠶᠢᠨ ᠬᠦᠴᠦᠨ ᠤ ᠲᠣᠬᠢᠷᠠᠭᠤᠯᠤᠯ ᠡᠵᠡᠮᠳᠡᠯ ᠢ ᠴᠢᠩᠭᠠᠳᠬᠠᠨ᠂ ᠥᠷᠲᠡᠭᠡᠨ ᠳᠤ ᠣᠷᠣᠬᠤ ᠠᠶᠠᠨᠴᠢᠳ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠠᠮᠠᠪᠴᠢ ᠶᠢ ᠵᠡᠭᠦᠬᠦ ᠪᠠ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠠᠶᠠᠨᠴᠢᠳ ᠤᠨ ᠲᠡᠷᠭᠡᠨ ᠳᠤ ᠰᠠᠭᠤᠭᠰᠠᠨ ᠮᠡᠳᠡᠭᠡ ᠵᠠᠩᠭᠢ ᠶᠢᠨ ᠳᠡᠩᠰᠡᠯᠡᠯᠲᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠬᠡᠪ ᠤᠨ ᠪᠤᠰᠤ᠂ ᠡᠷᠡᠭᠦᠯ ᠮᠡᠨᠳᠦ ᠶᠢᠨ ᠠᠶᠠᠯᠠᠯ ᠤᠨ ᠨᠣᠮᠧᠷ  ᠨᠢ ᠬᠡᠪ ᠤᠨ  ᠪᠤᠰᠤ ᠬᠥᠮᠦᠰ ᠲᠤ ᠲᠡᠷᠡ ᠳᠠᠷᠤᠶ ᠳᠤᠨᠢ ᠲᠦᠷ ᠴᠠᠭ ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠠᠷᠢᠶ᠎ᠠ ᠵᠢᠯᠣᠭᠤᠳᠬᠤ ᠭᠠᠵᠠᠷ ᠲᠠᠭᠠᠨ ᠮᠡᠳᠡᠭᠦᠯᠬᠦ ᠬᠡᠷᠡᠭᠲᠡᠶ︔ ᠬᠤᠭᠤᠴᠠᠭ᠎ᠠ ᠨᠢ ᠥᠩᠭᠡᠷᠡᠭᠰᠡᠨ ᠡᠷᠡᠭᠦᠯ ᠮᠡᠨᠳᠦ ᠶᠢᠨ ᠨᠣᠭᠤᠭᠠᠨ ᠨᠣᠮᠧᠷ ᠤᠨ ᠭᠠᠷ ᠤᠲᠠᠰᠤᠨ ᠤ ᠵᠢᠷᠤᠭ ᠢᠶᠠᠷ ᠠᠶᠠᠯᠠᠯ ᠤᠨ ᠵᠠᠮ ᠢᠶᠠᠨ ᠨᠢᠭᠤᠨ ᠳᠠᠯᠳᠠᠯᠠᠵᠤ᠂ ᠪᠣᠭᠤᠮᠲᠠ ᠶᠢ ᠮᠡᠬᠡᠯᠡᠨ ᠥᠩᠭᠡᠷᠡᠭᠦᠯᠬᠦ ᠪᠠᠷ ᠭᠤᠷᠢᠳᠠᠭᠰᠠᠨ ᠬᠥᠮᠦᠰ ᠠᠴᠠ ᠬᠤᠯᠪᠣᠭᠳᠠᠯ ᠪᠥᠬᠦᠶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠠᠮᠠᠪᠴᠢ ᠵᠡᠭᠦᠭᠰᠡᠨ ᠥᠬᠡᠶ ᠠᠶᠠᠨᠴᠢᠳ ᠤᠨ ᠥᠷᠲᠡᠭᠡᠨ ᠳᠤ ᠣᠷᠣᠬᠤ ᠪᠤᠶᠤ ᠥᠷᠲᠡᠭᠡᠨ ᠳᠤ ᠵᠣᠭᠰᠣᠬᠤ ᠶᠢ ᠡᠷᠡᠰ ᠴᠠᠭᠠᠵᠠᠯᠠᠨ᠎ᠠ᠃ ᠠᠶᠢᠮᠠᠭ ᠬᠤᠲᠠ ᠠᠯᠤᠰᠯᠠᠭᠰᠠᠨ ᠵᠢᠴᠢ ᠮᠤᠵᠢ ᠶᠢᠨ ᠬᠤᠭᠤᠷᠣᠨᠳᠣᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠭᠴᠢ ᠵᠥᠪᠰᠢᠶᠡᠷᠡᠯ ᠶᠣᠰᠣᠭᠠᠷ ᠥᠷᠲᠡᠭᠡ ᠴᠡᠭ ᠲᠤ ᠵᠣᠭᠰᠣᠵᠤ ᠠᠵᠢᠯᠯᠠᠬᠤ ᠶᠢ ᠴᠢᠩᠭ᠎ᠠ ᠪᠠᠷᠢᠮᠲᠠᠯᠠᠨ᠂ ᠥᠷᠲᠡᠭᠡᠨ ᠠᠴᠠ ᠭᠠᠳᠠᠨ᠎ᠠ ᠠᠶᠠᠨᠴᠢᠳ ᠲᠠᠲᠠᠬᠤ᠂ ᠮᠠᠨ ᠤ ᠬᠤᠲᠠ ᠳᠤ ᠣᠷᠣᠵᠤ ᠢᠷᠡᠭᠰᠡᠨ ᠤ ᠳᠠᠷᠠᠭ᠎ᠠ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠨᠢᠭᠡᠳᠦᠯᠲᠡᠶ ᠬᠦᠷᠴᠦ ᠠᠶᠠᠨᠴᠢᠳ ᠪᠠᠭᠤᠬᠤ ᠶᠢ ᠴᠢᠩᠭ᠎ᠠ ᠴᠠᠭᠠᠵᠠᠯᠠᠵᠤ᠂ ᠠᠶᠠᠨᠴᠢᠳ ᠪᠠᠭᠤᠬᠤ ᠳᠤ ᠳᠤᠯᠠᠭᠠᠨ ᠢ ᠬᠡᠮᠵᠢᠬᠦ᠂ ᠠᠶᠠᠯᠠᠯ ᠤᠨ ᠨᠣᠮᠧᠷ ᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠲᠠᠯᠠᠪᠤᠷ ᠥᠷᠲᠡᠭᠡᠨ ᠤ ᠠᠵᠢᠯᠲᠠᠨ ᠤ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠠᠷᠢᠭᠤᠳᠬᠠᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠶ᠃       ᠡᠳᠦᠷ ᠤᠨ ᠮᠡᠳᠡᠭᠦᠯᠦᠯᠲᠡ᠂ ︽ᠲᠡᠭ︾ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ᠂ ᠭᠠᠭᠴᠠᠮᠤᠳᠤ  ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢ ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ 18᠄ 00 ᠠᠴᠠ ᠡᠮᠦᠨ᠎ᠡ ᠬᠠᠷᠢᠶ᠎ᠠ ᠭᠠᠯᠲᠤ ᠲᠡᠷᠭᠡᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠨᠢᠰᠬᠡᠯ ᠤᠨ ᠪᠠᠭᠤᠳᠠᠯ ᠤᠨ 24 ᠴᠠᠭ ᠤᠨ ᠳᠣᠲᠣᠷ᠎ᠠ ᠢᠷᠡᠵᠦ ᠪᠤᠴᠠᠬᠤ ᠬᠥᠮᠦᠰ ᠤᠨ ᠡᠷᠡᠭᠦᠯ ᠮᠡᠨᠳᠦ ᠶᠢᠨ ᠨᠣᠮᠧᠷ ᠤᠨ ᠪᠠᠶᠢᠴᠠᠭᠠᠨ ᠬᠡᠮᠵᠢᠯᠲᠡ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠶᠢᠨ ᠪᠠᠶᠢᠳᠠᠯ ᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠬᠢᠵᠢᠭ ᠤᠨ ᠪᠠᠶᠢᠳᠠᠯ ᠤᠨ ᠵᠢᠯᠣᠭᠤᠳᠬᠤ ᠲᠥᠪ ᠲᠤ ᠮᠡᠳᠡᠭᠦᠯᠦᠨ ᠬᠦᠷᠭᠡᠵᠦ ︵ᠬᠠᠷᠢᠯᠴᠠᠬᠤ ᠬᠥᠮᠦᠨ᠄ ᠱᠢ ᠭᠤᠸᠠᠩ ᠲᠢᠶᠠᠨ 18947886360᠂ ᠹᠠᠺᠰ 8967111︶ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠬᠢᠵᠢᠭ ᠤᠨ ᠪᠠᠶᠢᠳᠠᠯ ᠤᠨ ᠵᠢᠯᠣᠭᠤᠳᠬᠤ ᠲᠥᠪ  ᠠᠴᠠ ᠨᠢᠭᠡᠳᠦᠯᠲᠡᠶ ᠬᠤᠷᠢᠶᠠᠩᠭᠤᠶᠢᠯᠠᠨ᠎ᠠ᠃       ᠬᠤᠶᠠᠷ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠠᠪᠴᠢ ᠵᠡᠭᠦᠭᠰᠡᠨ ᠥᠬᠡᠶ ᠠᠶᠠᠨᠴᠢᠳ ᠲᠤ ᠴᠥᠮ ᠲᠡᠷᠭᠡᠨ ᠳᠤ ᠰᠠᠭᠤᠵᠤ ᠪᠣᠯᠬᠤ ᠥᠬᠡᠶ᠂ ᠲᠡᠷᠭᠡᠨ ᠳᠤ ᠭᠠᠷᠤᠭᠰᠠᠨ ᠠᠶᠠᠨᠴᠢᠳ ᠲᠤ ᠴᠥᠮ ᠡᠷᠡᠭᠦᠯ ᠮᠡᠨᠳᠦ ᠶᠢᠨ ᠨᠣᠮᠧᠷ ᠢ ᠰᠢᠷᠪᠢᠵᠦ᠂ ᠠᠯᠢ ᠴᠢᠳᠠᠬᠤ ᠪᠠᠷ ᠨᠡᠶᠢᠲᠡ ᠶᠢᠨ ᠮᠠᠰᠢᠨ ᠲᠡᠷᠭᠡᠨ ᠤ ᠺᠠᠷᠲ᠂ ᠨᠠᠰᠤᠲᠠᠶᠢᠴᠤᠳ ᠤᠨ ᠺᠠᠷᠲ᠂ ᠡᠯᠧᠺᠲᠷᠣᠨ ᠢᠶᠠᠷ ᠲᠣᠭᠠᠴᠠᠭ᠎ᠠ ᠬᠢᠬᠦ ᠵᠡᠷᠭᠡ ︽ᠬᠦᠷᠦᠯᠴᠡᠬᠦ ᠥᠬᠡᠶ︾ ᠠᠷᠭ᠎ᠠ ᠮᠠᠶ᠋ᠢᠭ ᠢᠶᠠᠷ ᠲᠡᠷᠭᠡᠨ ᠪᠢᠯᠧᠲ ᠬᠤᠳᠠᠯᠳᠤᠨ ᠠᠪᠬᠤ ᠶᠢ ᠰᠠᠨᠠᠭᠤᠯᠵᠤ᠂ ᠴᠠᠭᠠᠰᠤᠨ ᠵᠣᠭᠤᠰ ᠲᠡᠮᠦᠷᠯᠢᠭ ᠵᠣᠭᠤᠰ ᠢᠶᠠᠷ ᠲᠣᠭᠠᠴᠠᠭ᠎ᠠ ᠬᠢᠭᠰᠡᠨ ᠠᠶᠠᠨᠴᠢᠳ ᠲᠤ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ ᠢᠶᠠᠷ ᠥᠩᠭᠡᠷᠡᠬᠦ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠠᠨᠴᠢᠳ ᠤᠨ ᠴᠤᠪᠤᠷᠠᠯ ᠤᠨ ᠲᠥᠪᠯᠡᠷᠡᠭᠰᠡᠨ ᠣᠷᠣᠨ ᠪᠦᠰᠡ ᠳᠤ ᠠᠶᠠᠨᠴᠢᠳ ᠤᠨ ᠴᠤᠪᠤᠷᠠᠯ ᠤᠨ ᠵᠣᠬᠢᠶᠠᠨ ᠪᠠᠶᠢᠭᠤᠯᠤᠯᠲᠠ ᠶᠢ ᠴᠢᠩᠭᠠᠷᠠᠭᠤᠯᠤᠨ᠂ ᠬᠥᠮᠦᠨ ᠤ ᠨᠢᠭᠲᠠᠴᠠ ᠶᠢ ᠪᠦᠲᠦᠮᠵᠢᠲᠡᠶ ᠬᠢᠵᠠᠭᠠᠷᠯᠠᠵᠤ᠂ ᠠᠶᠠᠨᠴᠢᠳ ᠤᠨ ᠴᠤᠪᠤᠷᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠡᠷᠭᠡ ᠬᠥᠰᠬᠡ ᠶᠢᠨ ᠠᠷᠢᠭᠤᠨ ᠴᠡᠪᠡᠷ ᠠᠷᠢᠭᠤᠳᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ