ᠭᠤᠷᠪᠠ᠂ ᠪᠠᠷᠠᠭ᠎ᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠬᠢᠯᠢ ᠶᠢᠨ ᠭᠠᠳᠠᠨ᠎ᠠ ᠠᠴᠠ | ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠵᠠᠷᠴᠢᠮ ᠳᠡᠭᠡᠷ᠎ᠡ ᠪᠠᠨ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠲᠠ ᠳᠤ ᠣᠷᠣᠭᠤᠯᠵᠤ ᠪᠣᠯᠬᠤ ᠦᠭᠡᠢ᠃ | ᠭᠠᠳᠠᠭᠠᠳᠤ ᠠᠴᠠ ᠣᠷᠣᠭᠤᠯᠬᠤ ᠪᠤᠰᠤᠳ ᠡᠳ᠋ ᠪᠣᠳᠠᠰ ᠵᠢᠴᠢ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠡᠳ᠋ ᠪᠣᠳᠠᠰ ᠢ | ᠲᠡᠭᠡᠭᠡᠪᠦᠷᠢᠯᠡᠬᠦ ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠢ᠂ ᠪᠠᠷᠠᠭᠠᠨ ᠤ ᠪᠣᠭᠤᠳᠠᠯ ᠪᠠᠭᠯᠠᠭ᠎ᠠ ᠶᠢ ᠳᠤᠷ᠎ᠠ ᠪᠠᠷ ᠢᠶᠠᠨ ᠨᠡᠭᠡᠭᠡᠵᠦ | ᠦᠢᠯᠡᠳᠬᠦᠨ ᠲᠠᠢ ᠰᠢᠭᠤᠳ ᠣᠶᠢᠷᠠᠲᠤᠭᠤᠯᠵᠤ ᠪᠣᠯᠬᠤ ᠦᠭᠡᠢ︔ ᠲᠡᠭᠡᠭᠡᠪᠦᠷᠢ ᠶᠢᠨ ᠠᠵᠤ ᠠᠬᠤᠶᠢᠯᠠᠯ ᠪᠠ ᠳᠠᠭᠠᠭᠠᠴᠢᠯᠠᠨ ᠲᠡᠭᠡᠭᠡᠪᠦᠷᠢᠯᠡᠭᠴᠢ ᠨᠢ ᠭᠠᠳᠠᠭᠠᠳᠤ ᠠᠴᠠ | ᠣᠷᠣᠭᠤᠯᠬᠤ ᠪᠠᠷᠠᠭ᠎ᠠ ᠶᠢ ᠲᠡᠭᠡᠭᠡᠪᠦᠷᠢᠯᠡᠬᠦ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠬᠤ ᠶᠢᠨ ᠬᠠᠮᠲᠤ ᠳᠠᠭᠠᠭᠠᠨ ᠲᠡᠭᠡᠭᠡᠪᠦᠷᠢᠯᠡᠬᠦ ᠪᠠᠷᠠᠭ᠎ᠠ ᠶᠢᠨ ᠭᠦᠢᠯᠭᠡᠭᠡᠨ ᠤ | ᠴᠢᠭᠯᠡᠯ ᠤᠨ ᠪᠦᠬᠦ ᠶᠠᠪᠤᠴᠠ ᠶᠢ ᠨᠠᠷᠢᠨ ᠲᠣᠳᠣᠷᠬᠠᠶ ᠲᠡᠮᠳᠡᠭᠯᠡᠵᠦ᠂ ᠳᠠᠭᠠᠭᠠᠨ ᠲᠡᠭᠡᠭᠡᠪᠦᠷᠢᠯᠡᠬᠦ ᠪᠠᠷᠠᠭ᠎ᠠ ᠶᠢᠨ ᠢᠷᠡᠯᠳᠡ᠂ ᠪᠠᠷᠠᠭ᠎ᠠ ᠠᠴᠢᠶᠠᠯᠠᠵᠤ ᠪᠠᠭᠤᠯᠭᠠᠬᠤ ᠴᠠᠭ᠂ | ᠳᠠᠭᠠᠭᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠫᠠᠶᠢᠰᠠ ᠦᠨᠡᠮᠯᠡᠯ ᠬᠡᠯᠪᠡᠷᠢ ᠮᠠᠶ᠋ᠢᠭ ᠵᠢᠴᠢ ᠵᠢᠯᠣᠭᠤᠴᠢ ᠰᠠᠭᠤᠬᠤ᠂ ᠪᠠᠷᠠᠭ᠎ᠠ ᠶᠠᠪᠤᠭᠤᠯᠬᠤ ᠬᠥᠮᠦᠨ᠂ ᠪᠠᠷᠠᠭ᠎ᠠ | ᠬᠦᠯᠢᠶᠡᠠ ᠠᠪᠬᠤ ᠬᠥᠮᠦᠨ ᠵᠡᠷᠭᠡ ᠶᠢᠨ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠬᠦ ᠬᠡᠷᠡᠭᠲᠡᠶ᠂ ᠪᠠᠷᠠᠭ᠎ᠠ ᠣᠷᠣᠭᠤᠯᠬᠤ ᠢᠷᠡᠯᠳᠡ ᠶᠢ ᠬᠠᠩᠭᠠᠵᠤ ᠳᠡᠶᠢᠯᠬᠦ ᠤᠢᠭᠡᠢ | ᠪᠠᠷᠠᠭ᠎ᠠ ᠶᠢ ᠳᠠᠭᠠᠭᠠᠨ ᠲᠡᠭᠡᠭᠡᠪᠦᠷᠢᠯᠡᠵᠦ ᠪᠣᠯᠬᠤ ᠤᠢᠭᠡᠢ︔ ᠪᠣᠶ ᠪᠥᠬᠦᠶ ᠪᠠᠷᠠᠭ᠎ᠠ ᠶᠢ ᠵᠠᠬ᠎ᠠ ᠳᠡᠯᠭᠡᠭᠦᠷ ᠲᠤ ᠣᠷᠣᠬᠤ ᠨᠢᠭᠡᠳᠦᠭᠡᠷ ᠥᠷᠲᠡᠭᠡ ᠴᠡᠭ ᠲᠤ ᠭᠠᠳᠠᠷ | ᠪᠣᠭᠤᠳᠠᠯ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠥᠪᠯᠡᠷᠡᠭᠦᠯᠦᠨ ᠠᠷᠢᠭᠤᠳᠬᠠᠬᠤ ᠪᠠ ᠮᠡᠳᠡᠭᠡ ᠵᠠᠩᠭᠢ ᠶᠢᠨ ᠳᠡᠩᠰᠡᠯᠡᠯᠲᠡ ᠬᠢᠵᠦ᠂ ᠢᠷᠡᠯᠲᠡ ᠶᠢ ᠨᠢ | ᠪᠠᠶᠢᠴᠠᠭᠠᠵᠤ ᠪᠣᠯᠬᠤ᠂ ᠬᠠᠮᠢᠭᠠᠰᠢ ᠶᠠᠪᠤᠭᠰᠠᠨ ᠢ ᠨᠢ ᠨᠡᠬᠡᠵᠦ ᠪᠣᠯᠬᠤ ᠪᠣᠯᠭᠠᠬᠤ ᠬᠡᠷᠡᠭᠲᠡᠶ᠃ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠤᠭᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠭᠡᠭᠡᠪᠦᠷᠢ ᠶᠢᠨ ᠲᠡᠷᠭᠡ | ᠬᠥᠰᠬᠡ᠂ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠵᠢᠴᠢ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ | ᠲᠤᠬᠠᠶ ᠳᠤᠨᠢ ᠬᠦᠷᠭᠡᠨ ᠥᠭᠴᠦ᠂ ᠬᠢᠯᠢ ᠳᠤ ᠣᠷᠣᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠡᠯ᠎ᠡ ᠵᠠᠩᠭᠢᠯᠠᠭ᠎ᠠ ᠠᠴᠠ ᠭᠠᠷᠳᠠᠵᠤ᠂ ᠪᠦᠬᠦᠨ ᠢ ᠬᠠᠮᠤᠷᠤᠨ᠂ ᠵᠠᠶ | ᠵᠠᠪᠰᠠᠷ ᠥᠬᠡᠶ ᠪᠠᠶᠢᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ | ᠳᠥᠷᠪᠡ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠬᠠᠷᠢᠶ᠎ᠠ ᠭᠠᠵᠠᠷ ᠣᠷᠣᠨ᠂ ᠰᠠᠯᠠᠭ᠎ᠠ | ᠮᠥᠴᠢᠷ᠂ ᠨᠢᠭᠡᠴᠡ ᠪᠣᠯᠤᠨ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨᠬᠦ ᠴᠢᠩᠭᠠᠳᠬᠠᠨ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠬᠢᠵᠢᠭ ᠤᠨ ᠪᠠᠶᠢᠳᠠᠯ ᠮᠠᠨ ᠤ ᠬᠤᠲᠠ ᠳᠤ ᠣᠷᠣᠵᠤ ᠢᠷᠡᠬᠦ ᠲᠦᠭᠰᠢᠭᠦᠷᠢ ᠶᠢ ᠪᠠᠭᠠᠰᠬᠠᠨ᠎ᠠ᠃ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠵᠢᠴᠢ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠬᠢᠨ ᠲᠤᠰᠬᠠᠶ | ᠬᠥᠮᠦᠨ ᠲᠠᠲᠠᠵᠤ᠂ ᠲᠤᠰᠬᠠᠶ ᠰᠢᠪᠠᠳᠠᠨ ᠪᠠᠶᠢᠴᠠᠭᠠᠯᠲᠠ ᠬᠢᠬᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠣᠬᠢᠶᠠᠯᠳᠤᠯ ᠢᠶᠠᠷ ᠪᠠᠶᠢᠴᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠳᠤ ᠰᠢᠪᠠᠳᠠᠨ ᠪᠠᠶᠢᠴᠠᠭᠠᠯᠲᠠ ᠬᠢᠵᠦ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠥᠬᠡᠶ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠥᠬᠡᠶ ᠨᠢᠭᠡᠴᠡ᠂ ᠠᠵᠤ ᠠᠬᠤᠶᠢᠯᠠᠯ᠂ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ | ᠨᠡᠬᠡᠮᠵᠢᠯᠡᠨ᠎ᠡ᠃ | | ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 1 ᠰᠠᠷ᠎ᠠ ᠶᠢᠨ 9 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | |