ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ  ︵  ᠨᠢᠭᠡ︶
ᠨᠡᠶᠢᠲᠡᠯᠡᠭᠰᠡᠨ ᠴᠠᠭ᠄
2021/10/18
                          ᠪᠠᠶᠠᠨᠨᠠᠭᠤᠷ ᠰᠡᠷᠭᠡᠶᠢᠯᠡᠯᠲᠡ ᠵᠠᠷᠯᠢᠭ ﹇2021﹈ 1 ᠳ᠋ᠦᠭᠡᠷ ᠲᠣᠭᠠᠲᠤ      ᠣᠳᠣᠬᠠᠨ ᠳᠤ᠂ ᠣᠯᠠᠨ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ  ᠬᠢᠵᠢᠭ ᠤᠨ ᠪᠠᠶᠢᠳᠠᠯ ᠬᠡᠰᠡᠭ ᠪᠤᠰᠠᠭ ᠢᠶᠠᠷ ᠲᠠᠷᠬᠠᠵᠤ ᠪᠠᠶᠢᠬᠤ ᠪᠠ ᠬᠡᠰᠡᠭ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠬᠤ ᠪᠠᠶᠢᠳᠠᠯ ᠲᠠᠢ ᠪᠠᠶᠢᠨ᠎ᠠ᠃ ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠬᠥᠮᠦᠰ ᠤᠨ ᠨᠡᠭᠦᠳᠡᠯ ᠨᠡᠮᠡᠭᠳᠡᠵᠦ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠭᠢᠵᠤ ᠰᠡᠷᠭᠦᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠬᠤᠲᠠ ᠶᠢᠨ ᠠᠷᠠᠳ ᠲᠦᠮᠡᠨ ᠤ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠪᠥᠬᠦ ᠬᠤᠲᠠ ᠶᠢᠨ ᠬᠡᠪᠴᠢᠶᠡᠨ ᠳᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠪᠠᠷ ᠲᠣᠭᠲᠠᠪᠠ᠃       ᠨᠢᠭᠡ᠂ ᠲᠣᠮᠣ ᠬᠡᠯᠪᠡᠷᠢ ᠶᠢᠨ ᠬᠠᠮᠲᠤ ᠶᠢᠨ ᠳᠠᠶᠢᠯᠠᠯᠭ᠎ᠠ ᠶᠢᠨ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ 2021 ᠣᠨ ᠤ 1 ᠰᠠᠷ᠎ᠠ ᠶᠢᠨ 13 ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠡᠯ᠎ᠡ ᠢᠳᠡᠭᠡᠨ ᠤᠮᠳᠠᠭᠠᠨ ᠤ  ᠦᠢᠯᠡᠴᠢᠯᠡᠭᠡᠨ ᠤ ᠨᠢᠭᠡᠴᠡ ᠨᠦᠭᠦᠳ 100 ᠬᠥᠮᠦᠨ ᠠᠴᠠ ᠳᠡᠭᠡᠭᠰᠢ ᠬᠡᠪᠴᠢᠶ᠎ᠡ ᠲᠠᠢ ᠬᠤᠷᠢᠮ ᠨᠠᠶᠢᠷ᠂ ᠪᠡᠯᠪᠡᠰᠦᠷᠡᠯ ᠤᠨ ᠶᠠᠪᠤᠳᠠᠯ᠂ ᠨᠠᠰᠤᠨ ᠪᠠᠶᠠᠷ ᠤᠨ ᠨᠠᠶᠢᠷ᠂ ᠲᠥᠷᠥᠭᠰᠡᠨ ᠡᠳᠦᠷ ᠤᠨ ᠨᠠᠶᠢᠷ᠂ ᠣᠨ ᠤ ᠬᠤᠷᠠᠯ ᠵᠡᠷᠭᠡ ᠡᠯ᠎ᠡ ᠲᠥᠷᠥᠯ ᠤᠨ ᠬᠠᠮᠲᠤ ᠶᠢᠨ ᠬᠤᠭᠤᠯᠠ ᠶᠢ ᠭᠥᠯᠢᠶᠡᠨ ᠠᠪᠴᠤ ᠪᠣᠯᠬᠤ ᠥᠬᠡᠶ᠃ 100 ᠬᠥᠮᠦᠨ ᠠᠴᠠ ᠳᠣᠷᠣᠭᠰᠢ ᠬᠡᠪᠴᠢᠶ᠎ᠡ ᠲᠠᠢ ᠨᠡᠶᠢᠲᠡ ᠶᠢᠨ ᠬᠤᠭᠤᠯᠠ ᠶᠢ 3 ᠡᠳᠦᠷ ᠤᠨ ᠡᠮᠦᠨ᠎ᠡ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠵᠥᠪᠰᠢᠶᠡᠷᠡᠯ ᠣᠯᠤᠭᠰᠠᠨ ᠤ ᠳᠠᠷᠠᠭ᠎ᠠ ᠰᠠᠶ᠋ᠢ ᠡᠷᠭᠢᠯᠡᠵᠦ ᠪᠣᠯᠤᠨ᠎ᠠ᠃ ᠡᠯ᠎ᠡ ᠲᠥᠷᠥᠯ ᠤᠨ ᠨᠡᠭᠦᠳᠡᠯ ᠬᠤᠭᠤᠯᠠᠨ ᠲᠢᠩᠬᠢᠮ ︵ᠬᠤᠭᠤᠯᠠᠨ ᠲᠡᠷᠭᠡ︶ ᠤᠨ ᠶᠠᠮᠠᠷᠪᠠ ᠬᠡᠯᠪᠡᠷᠢ ᠪᠠᠷ ᠢᠳᠡᠭᠡᠨ ᠤᠮᠳᠠᠭᠠᠨ ᠤ  ᠦᠢᠯᠡᠴᠢᠯᠡᠭᠡ ᠶᠢ ᠳᠠᠭᠠᠭᠠᠨ ᠠᠪᠬᠤ ᠶᠢ ᠴᠢᠩᠭ᠎ᠠ ᠴᠠᠭᠠᠵᠠᠯᠠᠨ᠎ᠠ᠃       ᠬᠤᠶᠠᠷ᠂ ᠡᠯ᠎ᠡ ᠢᠳᠡᠭᠡᠨ ᠤᠮᠳᠠᠭᠠᠨ ᠤ  ᠦᠢᠯᠡᠴᠢᠯᠡᠭᠡᠨ ᠤ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠵᠦ᠂ 100 ᠬᠥᠮᠦᠨ ᠠᠴᠠ ᠳᠣᠷᠣᠭᠰᠢ ᠬᠡᠪᠴᠢᠶ᠎ᠡ ᠲᠠᠢ ᠨᠡᠶᠢᠲᠡ ᠶᠢᠨ ᠬᠤᠭᠤᠯᠠ ᠢᠳᠡᠬᠦ ᠶᠢ ᠭᠥᠯᠢᠶᠡᠨ ᠠᠪᠬᠤ ᠳᠠᠭᠠᠨ ᠡᠷᠬᠡᠪᠰᠢ ᠡᠷᠭᠢᠯᠡᠭᠰᠡᠨ ᠲᠠᠯ᠎ᠠ ᠯᠤᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠬᠡᠷᠡᠭᠲᠡᠶ᠃ ᠡᠭᠦᠨ ᠤ ᠬᠠᠮᠲᠤ᠂ ᠡᠷᠬᠡᠪᠰᠢ ᠬᠠᠮᠲᠤ ᠶᠢᠨ ᠬᠤᠭᠤᠯᠠᠨ ᠳᠤ ᠣᠷᠣᠯᠴᠠᠭᠰᠠᠳ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢᠯᠡᠯ ᠪᠠ ᠨᠡᠪᠲᠡᠷᠡᠬᠦ ᠡᠷᠡᠭᠦᠯ ᠮᠡᠨᠳᠦ ᠶᠢᠨ ᠺᠣᠳ᠋ ᠢ ᠴᠢᠩᠭ᠎ᠠ ᠪᠠᠶᠢᠴᠠᠭᠠᠨ ᠰᠢᠯᠭᠠᠬᠤ ᠶᠢᠨ ᠬᠠᠮᠲᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠤᠭᠤᠯᠠᠨ ᠳᠤ ᠣᠷᠣᠯᠴᠠᠭᠰᠠᠳ ᠤᠨ ᠠᠮᠠᠪᠴᠢ ᠶᠢ ᠰᠢᠨᠵᠢᠯᠡᠬᠦ ᠤᠬᠠᠭᠠᠨᠴᠢ ᠪᠠᠷ ᠵᠡᠭᠦᠬᠦ ᠳᠤ ᠬᠢᠨᠠᠯᠲᠠ ᠲᠠᠯᠪᠢᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢᠯᠡᠯ ᠦᠭᠡᠢ᠂ ᠬᠠᠯᠠᠭᠤᠷᠠᠬᠤ᠂ ᠬᠠᠨᠢᠶᠠᠬᠤ ᠵᠢᠴᠢ  ᠨᠡᠪᠲᠡᠷᠡᠬᠦ  ᠡᠷᠡᠭᠦᠯ ᠮᠡᠨᠳᠦ ᠶᠢᠨ ᠺᠣᠳ᠋ ᠬᠡᠪ ᠤᠨ ᠪᠤᠰᠤ ᠬᠥᠮᠦᠰ ᠤᠨ ᠬᠠᠮᠲᠤ ᠶᠢᠨ ᠬᠤᠭᠤᠯᠠᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃       ᠭᠤᠷᠪᠠ᠂ ᠢᠳᠡᠭᠡᠨ ᠤᠮᠳᠠᠭᠠᠨ ᠤ  ᠦᠢᠯᠡᠴᠢᠯᠡᠭᠡᠨ ᠤ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠠᠶᠢᠯᠠᠯᠭ᠎ᠠ ᠶᠢᠨ ᠲᠠᠯᠠᠪᠤᠷ ᠤᠨ ᠪᠠᠶᠢᠩᠭᠤ ᠶᠢᠨ ᠴᠢᠨᠠᠷᠲᠠᠶ ᠪᠠᠷ ᠰᠠᠯᠬᠢ ᠨᠡᠪᠲᠡᠷᠡᠬᠦ ᠶᠢ ᠪᠠᠲᠤᠯᠠᠵᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠠᠵᠢᠯ ᠢ ᠲᠣᠭᠲᠠᠭᠠᠯ ᠶᠣᠰᠣᠭᠠᠷ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ ᠳᠠᠶᠢᠯᠠᠯᠭ᠎ᠠ ᠳᠠᠭᠤᠰᠤᠭᠰᠠᠨ ᠤ ᠳᠠᠷᠠᠭ᠎ᠠ᠂ ᠡᠭᠦᠰᠦᠭᠰᠡᠨ ᠬᠤᠭ ᠨᠣᠪᠰᠢ ᠪᠠᠨ ᠡᠷᠬᠡᠪᠰᠢ ᠤᠰᠠᠳᠬᠠᠭᠰᠠᠨ ᠤ ᠳᠠᠷᠠᠭ᠎ᠠ ᠰᠠᠶ᠋ᠢ  ᠰᠢᠢᠳᠪᠦᠷᠢᠯᠡᠨ᠎ᠡ᠃ ᠬᠤᠪᠢᠳᠠᠨ ᠬᠤᠭᠤᠯᠠᠯᠠᠬᠤ ᠲᠦᠷᠢᠮ ᠪᠠ ᠨᠡᠶᠢᠲᠡ ᠶᠢᠨ ᠰᠠᠪᠬ᠎ᠠ ᠶᠢᠨ ᠲᠦᠷᠢᠮ ᠢ ᠬᠡᠷᠡᠭᠵᠢᠭᠦᠯᠵᠦ᠂ ᠬᠤᠭᠤᠯᠠ ᠢᠳᠡᠬᠦ ᠬᠥᠮᠦᠨ ᠤ ᠲᠤᠭ᠎ᠠ ᠶᠢ ᠠᠯᠢ ᠴᠢᠳᠠᠬᠤ ᠪᠠᠷ ᠪᠠᠭᠠᠰᠬᠠᠨ᠂ ᠬᠤᠭᠤᠯᠠᠨ ᠰᠢᠷᠡᠭᠡᠨ ᠤ ᠬᠤᠭᠤᠷᠣᠨᠳᠣ 1.5 ᠮᠧᠲᠷ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠬᠤᠭᠤᠯᠠᠨ ᠰᠢᠷᠡᠭᠡᠨ ᠤ ᠬᠤᠭᠤᠷᠣᠨᠳᠣ 1 ᠮᠧᠲᠷ ᠠᠴᠠ ᠳᠡᠭᠡᠭᠰᠢ ᠵᠠᠶ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠠᠵᠢᠯᠲᠠᠳ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠪᠥᠬᠦ ᠶᠠᠪᠤᠴᠠ ᠳᠤ ᠠᠮᠠᠪᠴᠢ ᠵᠡᠭᠦᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃       ᠳᠥᠷᠪᠡ᠂ ᠬᠠᠮᠲᠤ ᠬᠤᠭᠤᠯᠠᠯᠠᠬᠤ ᠶᠢ ᠡᠷᠭᠢᠯᠡᠨ ᠬᠢᠭᠴᠢ ᠬᠤᠲᠠ ᠶᠢᠨ ᠭᠠᠳᠠᠨᠠᠬᠢ ᠢᠯᠠᠩᠭᠤᠶ᠎ᠠ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ ᠢ ᠤᠷᠢᠵᠤ ᠬᠠᠮᠲᠤ ᠬᠤᠭᠤᠯᠠᠯᠠᠬᠤ ᠠᠵᠢᠯᠯᠠᠭ᠎ᠠ ᠳᠤ ᠣᠷᠣᠯᠴᠠᠭᠤᠯᠬᠤ ᠶᠢ ᠴᠢᠩᠭ᠎ᠠ ᠴᠠᠭᠠᠵᠠᠯᠠᠨ᠎ᠠ᠂ ᠬᠠᠮᠲᠤ ᠬᠤᠭᠤᠯᠠᠯᠠᠬᠤ ᠳᠤ ᠣᠷᠣᠯᠴᠠᠭᠰᠠᠨ ᠪᠣᠶ ᠪᠥᠬᠦᠶ ᠬᠥᠮᠦᠰ ᠡᠷᠬᠡᠪᠰᠢ ᠡᠮᠦᠨ᠎ᠡ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠣᠯᠤᠨ ᠡᠷᠡᠭᠦᠯ ᠮᠡᠨᠳᠦ ᠪᠠᠷ ᠨᠡᠪᠲᠡᠷᠡᠬᠦ ᠨᠣᠭᠤᠭᠠᠨ ᠲᠡᠮᠳᠡᠭ ᠲᠠᠢ ᠪᠠᠶᠢᠬᠤ ᠬᠡᠷᠡᠭᠲᠡᠶ᠃ ᠲᠣᠭᠲᠠᠭᠠᠯ ᠶᠣᠰᠣᠭᠠᠷ ᠬᠤᠷᠠᠨ ᠴᠤᠭᠯᠠᠷᠠᠬᠤ ᠶᠢ ᠱᠠᠭᠠᠷᠳᠠᠭᠰᠠᠨ ᠥᠬᠡᠶ ᠠᠴᠠ ᠪᠣᠯᠵᠣ ᠬᠢᠵᠢᠭ ᠤᠨ ᠪᠠᠶᠢᠳᠠᠯ ᠢ ᠣᠷᠣᠭᠤᠯᠤᠭᠰᠠᠨ ᠪᠤᠶᠤ ᠲᠠᠷᠬᠠᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ