ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠰᠡᠭ ᠲᠣᠠᠠᠳᠠᠭᠠᠯ ᠳᠥᠷᠢᠮ ᠢ ᠭᠦᠴᠦᠨ ᠦᠬᠡᠢ ᠪᠤᠯᠭᠠᠬᠤ ᠲᠣᠬᠠᠢ ᠲᠣᠠᠠᠳᠠᠭᠠᠯ
ᠨᠡᠶᠢᠲᠡᠯᠡᠭᠰᠡᠨ ᠴᠠᠭ᠄
2021/10/19
             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                       247 ᠳ᠋ᠤᠭᠠᠷ ᠲᠣᠭᠠᠲᠤ      ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾ ᠢ 2020 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃                                        ᠥᠪᠡᠷᠲᠡᠭᠡᠨ ᠵᠠᠰᠠᠬᠤ ᠣᠷᠣᠨ ᠤ ᠲᠡᠷᠢᠭᠦᠯᠦᠭᠴᠢ ᠪᠦ᠋ ᠰᠢᠶᠣᠣ ᠯᠢᠨ                                           2020 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠯᠭᠠᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠳᠦᠷᠢᠮ ᠢ ᠢᠯᠭᠠᠷᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠃       ᠲᠤᠰ ᠲᠣᠭᠲᠠᠭᠠᠯ ᠨᠡᠶᠢᠲᠡᠯᠡᠭᠳᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠤᠨ᠎ᠠ᠃       ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠥᠬᠡᠶ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ       ᠳᠠᠭᠠᠯᠳᠤᠭᠤᠯᠤᠯ       ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ       ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠬᠢᠨᠠᠨ ᠪᠠᠶᠢᠴᠠᠭᠠᠯᠲᠠ ᠶᠢᠨ ᠠᠷᠭ᠎ᠠ︾ ︵1992 ᠣᠨ ᠤ 6 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 42 ᠳ᠋ᠤᠭᠠᠷ ᠲᠣᠭᠠᠲᠤ ᠪᠠᠷ ᠨᠡᠶᠢᠲᠡᠯᠡᠪᠡ᠂ 2010 ᠣᠨ ᠤ 11 ᠳ᠋ᠤᠭᠡᠷ ᠰᠠᠷ᠎ᠠ ᠶᠢᠨ 26 ᠤ ᠡᠳᠦᠷ ᠤᠨ ︽ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶᠃       ᠬᠤᠶᠠᠷ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠲᠦᠷ ᠬᠡᠷᠡᠭᠵᠢᠭᠦᠯᠬᠦ ᠲᠦᠷᠢᠮ﹀ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵2013 ᠣᠨ ᠤ 6 ᠳ᠋ᠤᠭᠠᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 196 ᠳ᠋ᠤᠭᠠᠷ ᠲᠣᠭᠠᠲᠤ ᠪᠠᠷ ᠨᠡᠶᠢᠲᠡᠯᠡᠪᠡ︶᠃       ᠭᠤᠷᠪᠠ᠂ ︽ᠬᠦᠨᠳᠦ ᠶᠡᠭᠡ ᠠᠮᠤᠷ ᠲᠦᠪᠰᠢᠨ ᠤ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵2001 ᠣᠨ ᠤ 10 ᠳ᠋ᠤᠭᠠᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 114 ᠳ᠋ᠤᠭᠡᠷ ᠲᠣᠭᠠᠲᠤ ᠪᠠᠷ ᠨᠡᠶᠢᠲᠡᠯᠡᠪᠡ︶᠃ ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠲᠦᠭᠰᠢᠭᠦᠷᠢ ᠶᠡᠬᠡᠲᠡᠶ ᠨᠢᠭᠡᠴᠢ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵2014 ᠣᠨ ᠤ 4 ᠳ᠋ᠤᠭᠡᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 201 ᠳ᠋ᠤᠭᠡᠷ ᠲᠣᠭᠠᠲᠤ ᠪᠠᠷ ᠨᠡᠶᠢᠲᠡᠯᠡᠪᠡ︶᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ