ᠥᠪᠥᠷ ᠵᠠᠰᠠᠭ ᠲᠠᠷᠬᠠᠭᠠᠭᠰᠠᠨ ︹2020︺ 20 ᠳ᠋ᠤᠭᠠᠷ ᠲᠣᠭᠠᠲᠤ | 2020 ᠣᠨ ᠤ 12 ᠳ᠋ᠤᠭᠠᠷ ᠰᠠᠷ᠎ᠠ ᠶᠢᠨ 4 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ | ᠨᠢᠭᠡᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠠᠵᠢᠯ ᠢ ᠵᠢᠷᠤᠮᠵᠢᠭᠤᠯᠵᠤ᠂ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ | ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠲᠤᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ︵ᠳᠣᠷᠣᠭᠰᠢ ᠰᠢᠢᠳᠪᠦᠷᠢᠲᠦ ᠪᠤᠳᠤᠯᠭ᠎ᠠ | ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠠᠵᠢᠯ ᠳᠤ ᠲᠤᠰ | ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠬᠤ ᠭᠤᠤᠯᠯᠠᠭᠴᠢ ᠦᠢᠯᠡᠳᠦᠯ ᠢ ᠪᠠᠳᠠᠷᠠᠭᠤᠯᠤᠨ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠳᠤ ᠨᠠᠮ ᠤᠨ ᠤᠳᠤᠷᠢᠳᠤᠯᠭ᠎ᠠ ᠶᠢ ᠲᠤᠭᠤᠰᠢᠯᠠᠭᠤᠯᠬᠤ ᠬᠡᠷᠡᠭᠲᠡᠶ᠃ | ᠳᠥᠷᠪᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢᠭᠡᠳᠦᠯᠲᠡᠶ ᠤᠳᠤᠷᠢᠳᠤᠭᠰᠠᠨ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠲᠦᠷᠦᠭᠦᠯᠡᠵᠦ ᠬᠠᠷᠢᠭᠤᠴᠠᠭᠰᠠᠨ᠂ ᠬᠠᠮᠢᠶ᠎ᠠ ᠪᠥᠬᠦᠶ ᠨᠢᠭᠡᠴᠢ ᠲᠤᠰᠠᠯᠠᠵᠤ ᠬᠠᠮᠵᠢᠯᠴᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠲᠠᠪᠤᠳᠤᠭᠠᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠬᠡᠷᠡᠭᠵᠢᠭᠦᠯᠬᠦ ᠶᠢ ᠬᠠᠷᠢᠭᠤᠴᠠᠬᠤ ᠨᠢᠭᠡᠴᠢ ︵ᠳᠣᠷᠣᠭᠰᠢ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ︶ ᠪᠠᠨ ᠲᠣᠳᠣᠷᠬᠠᠢ | ᠲᠣᠭᠲᠠᠭᠠᠵᠤ᠂ ᠰᠢᠢᠳᠪᠦᠷᠢᠲᠦ ᠪᠤᠳᠤᠯᠭ᠎ᠠ ᠶᠢᠨ ᠵᠦᠢᠯᠡᠰ ᠢ ᠬᠤᠶᠠᠷ ᠵᠢᠴᠢ ᠲᠡᠭᠦᠨ ᠠᠴᠠ ᠣᠯᠠᠨ ᠨᠢᠭᠡᠴᠢ ᠬᠡᠷᠡᠭᠵᠢᠭᠦᠯᠬᠦ ᠴᠢᠬᠤᠯᠠᠲᠠᠶ ᠪᠠᠶᠢᠪᠠᠯ᠂ ᠲᠦᠷᠦᠭᠦᠯᠡᠨ | ᠬᠡᠷᠡᠭᠵᠢᠭᠦᠯᠬᠦ ᠨᠢᠭᠡᠴᠢ ᠶᠢ ᠲᠣᠳᠣᠷᠬᠠᠢ ᠲᠣᠭᠲᠠᠭᠠᠬᠤ ᠬᠡᠷᠡᠭᠲᠡᠶ᠃ | ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠰ ᠨᠢᠭᠡᠴᠢ ︵ᠲᠣᠰ ᠰᠢᠰᠲ᠋ᠧᠮ︶ ᠶᠢᠨ ᠵᠠᠰᠠᠭ ᠵᠠᠬᠢᠷᠭᠠᠨ ᠤ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠢ᠃ | ᠳᠣᠯᠣᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ | ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ᠃ | ᠨᠠᠢᠮᠠᠳᠤᠭᠠᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠪᠴᠢᠶᠡᠨ ᠳᠤ ᠣᠷᠣᠭᠤᠯᠵᠤ᠂ | ᠪᠠᠶᠢᠩᠭᠤᠵᠢᠭᠰᠠᠨ ᠮᠦᠷᠳᠡᠨ ᠪᠠᠶᠢᠴᠠᠭᠠᠯᠲᠠ ᠶᠢ ᠬᠡᠷᠡᠭᠵᠢᠭᠦᠯᠦᠨ᠂ ᠬᠡᠷᠡᠭᠵᠢᠭᠦᠯᠬᠦ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠶ ᠳᠤ ᠨᠢ ᠡᠵᠡᠮᠰᠢᠬᠦ ᠬᠡᠷᠡᠭᠲᠡᠢ᠃ | ᠶᠢᠰᠦᠳᠦᠭᠡᠷ ᠵᠦᠢᠯ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠪᠦᠬᠦ | ᠲᠠᠯ᠎ᠠ ᠪᠠᠷ᠂ ᠴᠠᠭ ᠲᠤᠬᠠᠢ ᠳᠤ ᠨᠢ᠂ ᠵᠥᠪ ᠣᠨᠣᠪᠴᠢᠲᠠᠢ ᠬᠠᠤᠯᠢ ᠶᠣᠰᠤᠭᠠᠷ ᠬᠡᠷᠡᠭᠵᠢᠭᠦᠯᠬᠦ ᠶᠢᠨ ᠬᠠᠮᠲᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ | ᠪᠠᠶᠢᠭᠤᠯᠭ᠎ᠠ ᠳᠤ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | ᠠᠷᠪᠠᠳᠤᠭᠠᠷ ᠵᠦᠢᠯ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠮᠦᠨ᠂ ᠪᠤᠰᠤᠳ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠶᠢᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠠ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ | ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠯ᠎ᠠ ᠪᠠᠷ ᠬᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠢ | ᠵᠠᠰᠠᠭ ᠤᠨ ᠣᠷᠳᠣᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠪᠤᠶᠤ ᠬᠠᠤᠯᠢ ᠲᠦᠷᠢᠮ ᠢ ᠤᠬᠠᠭᠤᠯᠵᠤ ᠪᠣᠯᠪᠠᠰᠤᠷᠠᠭᠤᠯᠬᠤ | ᠠᠭᠤᠯᠭ᠎ᠠ ᠳᠤ ᠣᠷᠣᠭᠤᠯᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠢ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠰᠡᠨ ᠪᠠᠶᠢᠳᠠᠯ ᠢᠶᠠᠨ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠳᠤ | ᠣᠷᠣᠭᠤᠯᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠷ ᠨᠢ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠦᠭᠰᠡᠨ ᠨᠢᠭᠡᠴᠢ ᠵᠢᠴᠢ ᠲᠡᠳᠡᠭᠡᠷ ᠤᠨ ᠬᠠᠷᠢᠭᠤᠴᠠᠯᠭᠠᠲᠠᠨ ᠨᠠᠷ ᠢ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠲᠤᠰᠬᠠᠶ ᠰᠡᠳᠦᠪ ᠢᠶᠠᠷ ᠰᠤᠳᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠠᠤᠯᠢ ᠶᠣᠰᠣᠭᠠᠷ ᠭᠠᠷᠭᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠪᠣᠯ ᠬᠠᠤᠯᠢ ᠪᠠᠷ | ᠲᠣᠭᠲᠠᠭᠠᠭᠰᠠᠨ ᠵᠢᠷᠤᠮ ᠢ ᠳᠠᠮᠵᠢᠭᠰᠠᠨ ᠥᠬᠡᠶ ᠪᠠᠶᠢᠪᠠᠯ ᠳᠤᠷ᠎ᠠ ᠪᠠᠷ ᠬᠤᠪᠢᠷᠠᠭᠠᠬᠤ ᠪᠤᠶᠤ ᠬᠡᠷᠡᠭᠵᠢᠭᠦᠯᠬᠦ ᠶᠢ ᠨᠢ ᠵᠣᠭᠰᠣᠭᠠᠵᠤ ᠪᠣᠯᠬᠤ ᠥᠬᠡᠶ᠃ | ᠠᠷᠪᠠᠨ ᠲᠠᠪᠤᠳᠤᠭᠠᠷ ᠵᠦᠢᠯ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠪᠤᠰᠤᠳᠴᠢ ᠪᠠᠶᠢᠳᠠᠯ ᠠᠴᠠ ᠪᠣᠯᠵᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢᠳᠪᠦᠷᠢᠲᠦ | ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠳᠠᠭᠠᠭᠠᠬᠤ ᠠᠷᠭ᠎ᠠ ᠦᠭᠡᠢ ᠬᠦᠴᠦᠨ ᠡᠭᠦᠰᠦᠭᠰᠡᠨ ᠵᠡᠷᠭᠡ ᠰᠢᠢᠳᠪᠦᠷᠢᠲᠦ ᠪᠣᠳᠣᠯᠭ᠎ᠠ ᠳᠤ ᠲᠣᠭᠲᠠᠭᠠᠭᠰᠠᠨ ᠬᠠᠷᠠᠯᠲᠠ ᠶᠢᠨ | ᠪᠡᠶᠡᠯᠡᠭᠳᠡᠬᠦ ᠶᠢ ᠬᠦᠨᠳᠦ ᠨᠣᠴᠢᠲᠠᠶ ᠨᠥᠯᠥᠭᠡᠯᠡᠭᠰᠡᠨ ᠢ ᠣᠯᠵᠤ ᠮᠡᠳᠡᠪᠡᠯ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠳᠤ ᠴᠠᠭ ᠲᠤᠬᠠᠶ ᠳᠤ ᠨᠢ | ᠮᠡᠳᠡᠭᠦᠯᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠯᠲᠡ | ᠬᠢᠬᠦ ᠳᠤ᠂ ᠪᠣᠳᠠᠲᠠᠶ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠥᠬᠦ ᠶᠠᠪᠤᠴᠠ ᠶᠢ ᠨᠢ ᠲᠡᠮᠳᠡᠭᠯᠡᠬᠦ | ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ | ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ | ᠰᠣᠨᠢᠨ ᠰᠡᠳᠬᠦᠯ᠂ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠪᠠᠷ ᠳᠠᠮᠵᠢᠭᠤᠯᠤᠨ ᠨᠡᠶᠢᠭᠡᠮ ᠳᠤ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ᠂ ᠢᠯᠡ ᠪᠣᠯᠭᠠᠵᠤ | ᠪᠣᠯᠬᠤ ᠦᠭᠡᠢ ᠨᠢ ᠡᠭᠦᠨ ᠳᠤ ᠪᠠᠭᠲᠠᠬᠤ ᠦᠭᠡᠢ᠃ | ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠯᠳᠠ ᠶᠢ | ᠰᠠᠨᠠᠭᠠᠴᠢᠯᠠᠭ᠎ᠠ ᠠᠴᠠ ᠪᠠᠨ ᠬᠥᠯᠢᠶᠡᠬᠦ ᠬᠡᠷᠡᠭᠲᠡᠶ᠃ | ᠬᠤᠷᠢᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠨ᠎ᠠ ᠭᠡᠵᠦ ᠦᠵᠡᠪᠡᠯ᠂ ᠵᠠᠬᠢᠳᠠᠯ ᠴᠢᠮᠡᠭᠡ᠂ | ᠤᠲᠠᠰᠤ᠂ ᠡᠯᠧᠺᠳ᠋ᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠵᠦ᠂ ᠵᠠᠭᠠᠯᠳᠤᠵᠤ ᠪᠣᠯᠤᠨ᠎ᠠ᠂ ᠬᠤᠯᠪᠣᠭᠳᠠᠯ ᠪᠦᠬᠦᠢ ᠪᠠᠶᠢᠭᠤᠯᠭ᠎ᠠ ᠨᠢ | ᠴᠠᠭ ᠲᠤᠬᠠᠶ ᠳᠤ ᠨᠢ ᠬᠦᠯᠢᠶᠡᠨ ᠠᠪᠴᠤ ᠭᠦᠢᠴᠡᠳᠭᠡᠬᠦ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠢᠳᠪᠦᠷᠢᠲᠦ | ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠨᠢ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠬᠡᠷᠡᠭᠲᠡᠶ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠲᠡᠳᠡᠭᠡᠷ ᠤᠨ | ᠭᠤᠤᠯ ᠬᠠᠷᠢᠭᠤᠴᠠᠯᠭᠠᠲᠠᠨ ᠲᠠᠢ ᠨᠢ ᠪᠣᠯᠵᠣᠨ ᠶᠠᠷᠢᠯᠴᠠᠬᠤ ᠶᠢᠨ ᠬᠠᠮᠲᠤ᠂ ᠰᠢᠢᠳᠪᠦᠷᠢᠲᠦ ᠪᠤᠳᠤᠯᠭ᠎ᠠ ᠬᠡᠷᠡᠭᠵᠢᠭᠦᠯᠬᠦ ᠨᠢᠭᠡᠴᠢ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ | ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠭᠡᠯ ᠤᠨ ᠬᠠᠤᠯᠢ︾ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠳᠠᠯ ᠳᠤ ᠨᠡᠶᠢᠴᠡᠭᠰᠡᠨ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠦᠮᠦᠰ ᠪᠠ ᠰᠢᠭᠤᠳ | ᠬᠠᠷᠢᠭᠤᠴᠠᠯᠭᠠᠲᠠᠨ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ︵ᠨᠢᠭᠡ︶ ᠲᠦᠷᠦᠭᠦᠯᠡᠨ ᠬᠢᠬᠦ᠂ ᠬᠠᠮᠵᠢᠯᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠰᠤᠯᠠ ᠪᠠᠶᠢᠬᠤ︔ | ︵ᠬᠤᠶᠠᠷ︶ ᠬᠡᠷᠡᠭᠵᠢᠭᠦᠯᠬᠦ ᠶᠢ ᠲᠡᠪᠴᠢᠭᠰᠡᠨ᠂ ᠲᠦᠯᠬᠢᠯᠴᠡᠭᠰᠡᠨ ᠪᠠ ᠬᠤᠶᠢᠰᠢᠯᠠᠭᠤᠯᠤᠭᠰᠠᠨ ᠪᠠᠶᠢᠬᠤ︔ | ︵ᠭᠤᠷᠪᠠ︶ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠡᠳ ᠨᠢᠭᠤᠵᠤ ᠥᠯᠥ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠤᠶᠤ ᠣᠷᠬᠢᠭᠳᠠᠭᠤᠯᠤᠭᠰᠠᠨ | ᠪᠠᠶᠢᠬᠤ︔ | ︵ᠳᠥᠷᠪᠡ︶ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠬᠤ︔ | ︵ᠲᠠᠪᠤ︶ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠤᠰᠤᠳ ᠪᠠᠶᠢᠳᠠᠯ᠃ | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠶᠠᠪᠤᠴᠠ ᠳᠤ ᠬᠠᠷᠢᠭᠤᠴᠠᠯᠭ᠎ᠠ ᠨᠡᠬᠡᠮᠵᠢᠯᠡᠵᠦ | ᠰᠢᠢᠳᠪᠦᠷᠢᠯᠡᠭᠰᠡᠨ ᠲᠣᠭᠲᠠᠭᠠᠯ ᠢ ᠬᠦᠯᠢᠶᠡᠬᠦ ᠥᠭᠡᠢ ᠪᠣᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠠᠬᠢᠨ ᠬᠢᠨᠠᠬᠤ᠂ ᠭᠤᠮᠣᠳᠠᠯ ᠲᠣᠭᠠᠴᠢᠬᠤ ᠪᠠᠷ ᠳᠤᠷᠠᠳᠴᠤ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠬᠦ ᠳᠤ᠂ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠬᠦᠯᠬᠦ ᠬᠡᠷᠡᠭᠳᠡᠢ᠃ | ᠬᠤᠷᠢᠨ ᠳᠥᠷᠪᠡᠳᠦᠭᠡᠷ ᠵᠦᠢᠯ ᠲᠣᠰ ᠲᠣᠭᠲᠠᠭᠠᠯ ᠢ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | | | |