ᠤᠷᠠᠳ ᠤᠨ ᠡᠮᠦᠨᠡᠲᠦ ᠬᠤᠰᠢᠭᠤᠨ ᠤ ᠲᠦᠢᠮᠦ ᠪᠠᠶᠢᠳᠠᠯ ᠤᠷᠠᠳ ᠤᠨ ᠡᠮᠦᠨᠡᠲᠦ ᠬᠤᠰᠢᠭᠤ ᠪᠣᠯ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠪᠠᠷᠠᠭᠤᠨ ᠬᠡᠰᠡᠭ᠂ ᠪᠣᠷᠤᠲᠣᠬᠤᠢ ᠶᠢᠨ ᠲᠠᠯ᠎ᠠ ᠭᠠᠵᠠᠷ ᠤᠨ ᠵᠡᠭᠦᠨ ᠡᠮᠦᠨ᠎ᠡ ᠦᠵᠦᠭᠦᠷ᠂ ᠬᠦᠬᠡᠬᠤᠲᠠ᠂ ᠪᠤᠭᠤᠲᠤ᠂ ᠣᠷᠳᠤᠰ ᠤᠨ ︽ᠭᠤᠷᠪᠠᠯᠵᠢᠨ ᠤᠷᠤᠨ︾ ᠤ | ᠳᠣᠲᠤᠷ᠎ᠠ ᠭᠠᠵᠠᠷ ᠲᠤ ᠪᠠᠶᠢᠷᠢᠯᠠᠵᠤ᠂ ᠪᠠᠶᠠᠨᠨᠠᠭᠤᠷ ᠬᠤᠲᠠ ᠶᠢᠨ ︽ ᠵᠡᠭᠦᠨ ᠡᠭᠦᠳᠡ︾ ᠪᠣᠯᠤᠨ᠎ᠠ᠃ ᠤᠷᠠᠳ ᠤᠨ ᠡᠮᠦᠨᠡᠲᠦ ᠬᠤᠰᠢᠭᠤᠨ ᠤ ᠶᠡᠷᠦᠩᠬᠡᠢ ᠲᠠᠯᠠᠪᠠᠢ ᠨᠢ | 7476 ᠲᠡᠭᠰᠢ ᠳᠦᠷᠪᠡᠯᠵᠢᠨ ᠺᠢᠯᠣᠮᠧᠲᠷ ᠪᠠᠶᠢᠵᠤ᠂ 11 ᠰᠤᠮᠣ ᠪᠠᠯᠭᠠᠰᠤ᠂ 5 ᠲᠠᠷᠢᠶᠠᠯᠠᠩ ᠮᠠᠯᠵᠢᠯ ᠤᠨ ᠲᠠᠯᠠᠪᠠᠢ᠂ 93 ᠭᠠᠴᠠᠭ᠎ᠠ ᠲᠣᠰᠬᠤᠨ ᠲᠠᠢ᠂ ᠶᠡᠷᠦᠩᠬᠡᠢ | ᠬᠦᠮᠦᠨ ᠠᠮᠠ 34.3 ᠲᠦᠮᠡᠨ ᠬᠦᠮᠦᠨ ᠪᠠᠶᠢᠵᠤ᠂ ᠬᠢᠲᠠᠳ᠂ ᠮᠣᠩᠭᠤᠯ᠂ ᠬᠤᠲᠤᠩ ᠂ ᠮᠠᠨᠵᠦ᠂ ᠵᠤᠸᠠᠩ ᠵᠡᠷᠭᠡ 16 ᠦᠨᠳᠦᠰᠦᠲᠡᠨ ᠴᠤᠭᠯᠠᠷᠠᠨ ᠰᠠᠭᠤᠭᠰᠠᠨ | ᠬᠤᠰᠢᠭᠤ ᠰᠢᠶᠠᠨ ᠪᠠᠶᠢᠵᠤ᠂ ᠬᠤᠰᠢᠭᠤ ᠵᠠᠰᠠᠭ ᠤᠨ ᠣᠷᠳᠤᠨ ᠤ ᠰᠠᠭᠤᠭ᠎ᠠ ᠭᠠᠵᠠᠷ ᠪᠣᠯᠬᠤ ᠮᠤᠨᠠ ᠠᠭᠤᠯᠠ ᠪᠠᠯᠭᠠᠰᠤᠨ ᠳᠤ 13 ᠲᠦᠮᠡᠨ ᠬᠦᠮᠦᠨ ᠠᠮᠠ ᠠᠮᠢᠳᠤᠷᠠᠵᠤ | ᠪᠠᠶᠢᠳᠠᠭ᠃ | ᠤᠷᠠᠳ ᠤᠨ ᠡᠮᠦᠨᠡᠲᠦ ᠬᠤᠰᠢᠭᠤᠨ ᠤ ᠡᠬᠢ ᠰᠤᠷᠪᠦᠯᠵᠢ ᠦᠨᠢᠷ ᠪᠠᠶᠠᠯᠢᠭ ᠪᠠᠶᠢᠵᠤ᠂ ᠣᠳᠣᠬᠠᠨ ᠳᠤ ᠨᠢᠭᠡᠨᠲᠡ ᠨᠡᠭᠦᠷᠡᠰᠦ᠂ ᠲᠡᠮᠦᠷ᠂ ᠠᠯᠲᠠ᠂ ᠭᠠᠤᠯᠢ᠂ | ᠴᠣᠬᠤᠢ ᠶᠢᠨ ᠴᠢᠯᠠᠭᠤ᠂ ᠪᠣᠷᠵᠢᠨ ᠴᠢᠯᠠᠭᠤᠯᠢᠭ᠂ ᠬᠠᠰ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠰᠤᠷᠪᠤᠯᠵᠢ 40 ᠭᠠᠷᠤᠢ ᠵᠦᠢᠯ ᠢ ᠢᠯᠡᠷᠡᠭᠦᠯᠵᠦ᠂ ᠳᠠᠯᠳᠠ | ᠦᠷᠲᠡᠭ ᠨᠢ 100 ᠳ᠋ᠦᠩᠰᠢᠭᠤᠷ ᠠᠴᠠ ᠳᠡᠭᠡᠭᠰᠢ ᠬᠦᠷᠴᠦ᠂ ᠣᠳᠣ ᠨᠢᠭᠡᠨᠲᠡ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠣᠯᠣᠳ ᠲᠡᠮᠦᠷ᠂ ᠴᠠᠬᠢᠯᠭᠠᠨ ᠬᠦᠴᠦ | ᠵᠡᠷᠭᠡ ᠣᠯᠠᠨ ᠡᠰᠢᠵᠢᠯ ᠢᠶᠠᠷ ᠬᠦᠭᠵᠢᠵᠦ᠂ ᠣᠯᠠᠨ ᠲᠦᠢᠯ ᠢᠶᠠᠷ ᠲᠣᠯᠭᠠᠭᠤᠷᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ᠃ | ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠠᠴᠢᠶᠠᠯᠠᠪᠦᠷᠢ ᠶᠢᠨ ᠬᠢᠷᠢ ᠬᠡᠮᠵᠢᠶ᠎ᠡ ᠪᠠ ᠴᠤᠭᠯᠠᠷᠠᠯ ᠠᠵᠤ ᠦᠢᠯᠡᠰ ᠤᠨ ᠬᠦᠴᠦᠨ ᠨᠢ | ᠡᠳᠦᠷ ᠢᠷᠡᠬᠦᠶ᠎ᠡ ᠴᠢᠩᠭᠠᠳᠴᠦ᠂ ᠪᠣᠭᠤᠲᠤ ᠶᠢᠨ ᠪᠣᠯᠣᠳ ᠲᠡᠮᠦᠷ᠂ ᠵᠦᠩ ᠰᠢᠩ᠂ ᠮᠧᠩ ᠬᠠᠩ ᠵᠡᠷᠭᠡ ᠨᠡᠷᠡᠲᠦ ᠠᠵᠤ ᠠᠬᠤᠶᠢᠯᠠᠯ ᠵᠠᠯᠭᠠᠯᠳᠤᠭ᠎ᠠ ᠪᠠᠷ ᠲᠣᠭᠤᠷᠢᠭ ᠲᠤ | ᠣᠷᠤᠵᠤ ᠪᠡᠯᠡ ᠣᠷᠤᠭᠤᠯᠵᠤ᠂ ᠦᠪᠡᠷᠲᠡᠭᠡᠨ ᠵᠠᠰᠠᠬᠤ ᠣᠷᠤᠨ ᠤ ᠭᠤᠣᠯᠳᠠᠯᠭ᠎ᠠ ᠲᠠᠢ ᠬᠦᠮᠦᠵᠢᠭᠦᠯᠵᠦ ᠪᠠᠶᠢᠭ᠎ᠠ ︽ᠬᠤᠣᠰ ᠵᠠᠭᠤᠨ ᠳ᠋ᠦᠩᠰᠢᠭᠤᠷ︾ ᠤᠨ ᠠᠵᠤ | ᠦᠢᠯᠡᠳᠪᠦᠷᠢ ᠶᠢᠨ ᠡᠷᠭᠢᠯᠲᠡ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠣᠨ᠎ᠠ᠃ | ᠤᠷᠠᠳ ᠤᠨ ᠡᠮᠦᠨᠡᠲᠦ ᠬᠤᠰᠢᠭᠤᠨ ᠳᠤ ᠦᠩ ᠰᠢᠮᠡᠯᠢᠭ ᠬᠠᠲᠤᠨ ᠭᠤᠣᠯ ᠤᠨ ᠤᠰᠤᠯᠠᠯᠲᠠ ᠶᠢᠨ ᠣᠷᠤᠨ ᠲᠠᠢ ᠪᠦᠭᠡᠳ ᠦᠷᠭᠡᠨ ᠠᠭᠤᠳᠠᠮ ᠠᠭᠤᠯᠠᠷᠬᠠᠭ | ᠭᠠᠩᠳᠠᠮᠡᠯ ᠮᠡᠯᠵᠢᠬᠤ ᠣᠷᠤᠨ ᠲᠠᠢ᠂ ᠨᠠᠷᠠᠨ ᠤ ᠲᠤᠰᠤᠯᠲᠠ ᠭᠦᠢᠴᠡᠳ᠂ ᠣᠰᠤᠨ ᠤ ᠡᠬᠢ ᠰᠤᠷᠪᠤᠯᠵᠢ ᠪᠠᠶᠠᠯᠢᠭ᠂ ᠬᠠᠭᠠᠯᠪᠦᠷᠢᠯᠡᠯᠲᠡ ᠶᠢᠨ ᠭᠠᠵᠠᠷ ᠨᠢ 244 ᠲᠦᠮᠡᠨ ᠮᠦ | ᠂ ᠡᠪᠡᠰᠦ ᠪᠡᠯᠴᠢᠭᠡᠷ ᠤᠨ ᠲᠠᠯᠠᠪᠠᠢ 635 ᠲᠦᠮᠡᠨ ᠮᠦ ᠪᠠᠶᠢᠵᠤ᠂ ᠪᠣᠬᠢᠷᠳᠣᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠭᠠᠷᠣᠯᠲᠠ ᠶᠢ ᠪᠣᠯᠪᠠᠰᠤᠷᠠᠭᠤᠯᠬᠤ ᠰᠠᠭᠤᠷᠢᠨ | ᠭᠠᠵᠠᠷ ᠪᠤᠯᠤᠨ᠎ᠠ᠂ ᠪᠠᠶᠠᠨᠬᠤᠸᠠ ᠶᠢᠨ ᠬᠤᠨᠢ ᠢᠮᠠᠭᠠᠨ ᠤ ᠮᠢᠬ᠎ᠠ᠂ ᠰᠢᠶᠠᠨ ᠹᠧᠩ ᠤᠨ ᠴᠢᠨ᠋ᠸ᠎ᠠ ᠶᠢᠨ ᠬᠠᠷᠮᠠᠭ᠂ ᠠᠭᠤᠯᠠ ᠶᠢᠨ ᠠᠷᠤ ᠶᠢᠨ ᠵᠢᠵᠢᠭ ᠬᠤᠯᠢᠰᠢᠨ ᠠᠮᠤ ᠵᠡᠷᠭᠡ | ᠣᠨᠴᠠᠯᠢᠭᠲᠤ ᠲᠠᠷᠢᠶᠠᠯᠠᠩ ᠮᠠᠯ ᠤᠨ ᠪᠦᠲᠦᠭᠡᠭᠳᠡᠭᠦᠨ ᠨᠢ ᠳᠣᠲᠤᠭᠠᠳᠣ ᠭᠠᠳᠠᠭᠠᠳᠤ ᠳᠤ ᠠᠯᠳᠠᠷᠰᠢᠪᠠ᠃ ᠬᠤᠰᠢᠭᠤᠨ ᠤ ᠬᠡᠪᠴᠢᠶᠡᠨ ᠳᠤ ᠶᠡᠭᠡ ᠬᠡᠪᠴᠢᠶᠡᠨ ᠤ ᠮᠤᠨᠠ | ᠠᠭᠤᠯᠠ ᠶᠢᠨ ᠡᠷᠲᠡᠨ ᠤ ᠣᠢ ᠰᠢᠭᠤᠢ ᠪᠠᠶᠢᠵᠤ᠂ ᠣᠢ ᠰᠢᠭᠤᠢ ᠶᠢᠨ ᠪᠦᠷᠬᠦᠯᠲᠡ ᠶᠢᠨ ᠨᠤᠷᠮ᠎ᠠ ᠨᠢ 15.95% ᠬᠦᠷᠴᠦ᠂ ᠵᠡᠷᠯᠢᠭ ᠠᠮᠢᠲᠠᠨ ᠤ ᠡᠬᠢ ᠰᠤᠷᠪᠦᠯᠵᠢ | 280 ᠲᠦᠷᠦᠯ᠂ 503 ᠵᠦᠢᠯ ᠪᠠᠶᠢᠳᠠᠭ᠃ ᠬᠤᠰᠢᠭᠤᠨ ᠤ ᠬᠡᠪᠴᠢᠶᠡᠨ ᠳᠤ ᠦᠨᠢᠷ ᠪᠠᠶᠠᠯᠢᠭ ᠣᠰᠣᠨ ᠤ ᠡᠬᠢ ᠰᠤᠷᠪᠦᠯᠵᠢ ᠶᠢ ᠬᠠᠳᠠᠭᠠᠯᠠᠵᠤ᠂ ᠶᠡᠭᠡ ᠪᠠᠭ᠎ᠠ 65 | ᠨᠠᠭᠤᠷ ᠴᠦᠬᠦᠷᠦᠮ ᠲᠠᠢ᠂ ᠶᠡᠷᠦᠩᠬᠡᠢ ᠲᠠᠯᠠᠪᠠᠢ ᠨᠢ 58 ᠲᠦᠮᠡᠨ ᠮᠦ ᠪᠠᠶᠢᠵᠤ᠂ ᠬᠠᠲᠤᠨ ᠭᠤᠤᠯ ᠤᠨ ᠮᠠᠨ ᠤ ᠬᠤᠰᠢᠭᠤᠨ ᠤ ᠬᠢᠯᠢ ᠦᠩᠭᠡᠷᠡᠬᠦ ᠤᠷᠲᠤ ᠨᠢ 153 | ᠺᠢᠯᠣᠮᠧᠲᠷ᠂ ᠵᠢᠯ ᠳᠤ ᠬᠠᠲᠤᠨ ᠭᠤᠤᠯ ᠤᠨ ᠤᠰᠤ ᠶᠢ 4.3 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠲᠠᠲᠠᠨ ᠬᠡᠷᠡᠭᠯᠡᠳᠡᠭ᠃ | ᠤᠷᠠᠳ ᠤᠨ ᠡᠮᠦᠨᠡᠲᠦ ᠬᠤᠰᠢᠭᠤᠨ ᠤ ᠦᠩᠭᠡ ᠦᠵᠡᠮᠵᠢ ᠭᠤᠪᠠᠢ ᠰᠠᠶᠢᠬᠠᠨ᠂ ᠵᠤᠭᠠᠴᠠᠯ ᠤᠨ ᠡᠬᠢ ᠪᠠᠶᠠᠯᠢᠭ ᠦᠨᠢᠷ ᠦᠳᠬᠡᠨ᠃ ᠬᠢᠯᠢ ᠶᠢᠨ ᠳᠣᠲᠤᠭᠠᠳᠣ ᠳᠤ | ᠪᠦᠬᠦ ᠣᠯᠣᠰ ᠤᠨ ᠨᠠᠢᠮᠠᠨ ᠶᠡᠭᠡ ᠴᠡᠩᠬᠡᠭ ᠨᠠᠭᠤᠷ ᠤᠨ ᠨᠢᠭᠡ ᠪᠣᠯᠬᠤ ︽ᠠᠷᠤ ᠭᠠᠵᠠᠷ ᠤᠨ ᠭᠡᠷᠡᠯᠲᠦ ᠰᠤᠪᠤᠳ︾ ᠭᠡᠭᠳᠡᠭᠰᠡᠨ ᠤᠯᠢᠶᠠᠰᠤ ᠨᠠᠭᠤᠷ᠂ ᠬᠠᠴᠢᠨ ᠰᠦᠷᠯᠢᠭ | ᠦᠵᠡᠰᠭᠦᠯᠡᠩ ᠰᠠᠶᠢᠬᠠᠨ ᠣᠯᠣᠰ ᠤᠨ ᠳᠡᠰ ᠤᠨ ᠣᠢ ᠰᠢᠭᠤᠢ ᠶᠢᠨ ᠴᠡᠴᠡᠷᠯᠢᠭ ᠮᠣᠨᠠ ᠠᠭᠤᠯᠠ ᠶᠢᠨ ᠮᠡᠷᠭᠡᠨ ᠰᠢᠷ᠎ᠠ ᠣᠷᠣᠢ᠂ ᠪᠠᠭ᠎ᠠ ᠰᠢᠭᠡᠲᠡᠢ ᠶᠢᠨ ᠴᠢᠨ ᠣᠯᠣᠰ ᠤᠨ | ᠤᠷᠲᠦ ᠴᠠᠭᠠᠨ ᠬᠡᠷᠡᠮ᠂ ᠭᠤᠷᠪᠠᠨ ᠮᠠᠶᠢᠬᠠᠨ ᠤ ᠴᠢᠨ ᠤᠯᠤᠰ ᠬᠠᠨ ᠣᠯᠣᠰ ᠤᠨ ᠦᠶ᠎ᠡ ᠶᠢᠨ ᠡᠷᠲᠡᠨ ᠤ ᠬᠤᠲᠠ ᠶᠢᠨ ᠬᠠᠭᠤᠴᠢᠳ ᠵᠢᠴᠢ ᠣᠯᠣᠰ ᠤᠨ 4A ᠳᠡᠰ ᠤᠨ | ᠵᠤᠭᠠᠴᠠᠯ ᠤᠨ ᠣᠷᠤᠨ — ᠸᠧᠢ ᠰᠢᠨ ᠣᠯᠠᠨ ᠣᠯᠣᠰ ᠤᠨ ᠭᠤᠯᠹ ᠪᠦᠮᠪᠦᠭᠡ ᠶᠢᠨ ᠠᠮᠠᠷᠠᠨ ᠵᠤᠭᠠᠴᠠᠬᠤ ᠵᠡᠷᠭᠡ ᠨᠡᠷᠡᠲᠦ ᠦᠵᠡᠮᠵᠢ ᠶᠢᠨ ᠭᠠᠵᠠᠷ ᠲᠠᠢ᠃ | ᠦᠨᠳᠦᠰᠦᠲᠡᠨ ᠤ ᠣᠨᠴᠢᠯᠠᠭᠲᠤ ᠵᠣᠭᠠᠴᠠᠯ ᠦᠷᠨᠢᠨ ᠬᠦᠭᠵᠢᠵᠦ᠂ ᠭᠦᠩ ᠲᠢᠶᠠᠨ ᠲᠤᠰᠬᠤᠨ᠂ ᠬᠠᠢ ᠱᠧᠨ ᠡᠳ᠋ᠯᠡᠭ ᠵᠡᠷᠭᠡ ᠲᠠᠷᠢᠶᠠᠴᠢᠨ ︵ᠮᠠᠯᠴᠢᠨ︶ ᠠᠶᠢᠯ ᠤᠨ | ᠪᠠᠶᠠᠰᠤᠯ ᠨᠢ ᠬᠦᠮᠦᠰ ᠤᠨ ᠪᠠᠭ᠋ᠠᠷᠬᠠᠯ ᠢ ᠲᠠᠲᠠᠵᠤ ᠪᠣᠢ᠃ | ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭ᠎ᠠ ᠳᠦᠭᠦᠮ ᠳᠦᠲᠡ᠂ ᠣᠷᠤᠨ ᠪᠠᠶᠢᠷᠢ ᠶᠢᠨ ᠳᠠᠪᠠᠭᠤᠯᠢᠭ ᠳᠣᠪᠤᠶᠢᠮ᠎ᠠ᠃ 110 ᠣᠯᠣᠰ ᠤᠨ ᠵᠠᠮ᠂ | ᠪᠡᠭᠡᠵᠢᠩ ᠠᠴᠠ ᠲᠦᠪᠡᠳ ᠬᠦᠷᠬᠦ ᠦᠨᠳᠦᠷ ᠬᠤᠷᠳᠤᠴᠠᠲᠤ ᠵᠠᠮ᠂ ᠬᠠᠲᠤᠨ ᠭᠤᠣᠯ ᠤᠨ ᠳᠠᠭᠠᠤ ᠵᠠᠰᠠᠮᠠᠯ ᠵᠠᠮ ᠪᠦᠬᠦ ᠬᠢᠯᠢ ᠢᠶᠠᠷ ᠦᠩᠭᠡᠷᠡᠵᠦ᠂ ᠪᠤᠭᠤᠲᠤ ᠠᠴᠠ ᠯᠠᠨᠵᠸᠦ | ᠬᠦᠷᠬᠦ ᠂ ᠰᠢ ᠰᠢᠶᠣᠣ ᠵᠤᠤ ᠪᠠᠯᠭᠠᠰᠤ ᠠᠴᠠ ᠶᠢᠨ ᠴᠢᠦᠸᠡᠨ ᠬᠦᠷᠬᠦ᠂ ᠭᠠᠭᠴᠠᠮᠣᠳᠤ ᠠᠴᠠ ᠸᠠᠨ ᠱᠦᠢ ᠴᠢᠦᠸᠡᠨ ᠬᠦᠷᠬᠦ᠂ ᠮᠤᠨᠠ ᠠᠭᠤᠯᠠ ᠠᠴᠠ ᠰᠢᠨ᠎ᠡ ᠪᠠᠯᠭᠠᠰᠤ ᠬᠦᠷᠬᠦ | ᠲᠡᠮᠦᠷ ᠵᠠᠮ ᠬᠤᠰᠢᠭᠤᠨ ᠤ ᠳᠣᠲᠣᠭᠠᠳᠤ ᠭᠠᠳᠠᠭᠠᠳᠤ ᠶᠢ ᠬᠤᠯᠪᠤᠵᠤ ᠪᠠᠶᠢᠳᠠᠭ᠃ ᠪᠦᠬᠦ ᠬᠤᠰᠢᠭᠤᠨ ᠤ 11 ᠰᠤᠮᠤ ᠪᠠᠯᠭᠠᠰᠤ ᠨᠢ ᠴᠦᠮ ᠲᠣᠰᠣᠨ ᠵᠠᠮ ᠨᠡᠪᠲᠡᠷᠡᠬᠦ ᠶᠢ | ᠪᠡᠶᠡᠯᠡᠭᠦᠯᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠦᠪᠡᠷᠲᠡᠭᠡᠨ ᠵᠠᠰᠠᠬᠤ ᠣᠷᠤᠨ ᠤ ᠲᠡᠷᠢᠭᠦᠨ ᠤ ᠡᠩᠨᠡᠭᠡᠨ ᠳᠤ ᠣᠷᠣᠵᠤ᠂ ︽ᠬᠦᠬᠡᠬᠤᠲᠠ ᠪᠤᠭᠤᠲᠤ | ᠣᠷᠳᠤᠰ︾ ᠤᠨ ᠠᠵᠤ ᠠᠬᠤᠢ ᠶᠢᠨ ᠲᠣᠭᠤᠷᠢᠭ ᠲᠤ ᠠᠪᠤᠴᠠᠯᠳᠤᠬᠤ ᠳᠤ ᠪᠠᠳᠤ ᠪᠠᠬᠢ ᠰᠠᠭᠤᠷᠢ ᠶᠢ ᠲᠠᠯᠪᠢᠪᠠ᠃ | ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤ ᠨᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠭᠦᠴᠦᠨ ᠪᠣᠯᠭᠠᠨ᠂ ᠰᠢᠶᠠᠨ ᠤ ᠠᠵᠤ | ᠠᠬᠤᠢ ᠶᠢ ᠪᠤᠵᠠᠭᠠᠶᠢᠷᠠᠭᠤᠯᠬᠤ ᠪᠠᠷ ᠭᠤᠣᠯ ᠪᠤᠯᠭᠠᠵᠤ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠦᠬᠦ ᠲᠠᠯ᠎ᠠ ᠪᠠᠷ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ᠂ ᠣᠨᠴᠠᠯᠢᠭᠲᠤ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠠᠮᠢ ᠠᠬᠤᠢ ᠪᠠ ᠰᠠᠭᠤᠷᠢ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨᠬᠦ | ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠢᠳᠡᠷᠡᠭᠦᠨ ᠲᠣᠭᠲᠠᠭᠤᠨ ᠨᠡᠯᠢᠶᠡᠳ ᠲᠦᠷᠭᠡᠨ ᠢᠶᠠᠷ ᠭᠦᠭᠵᠢᠬᠦ ᠶᠢ ᠪᠡᠶᠡᠯᠡᠭᠦᠯᠪᠡ᠃ | |