ᠪᠠᠶᠠᠨᠨᠠᠭᠤᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/11/17
      ︵ᠨᠢᠭᠡ︶ ᠬᠤᠲᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠤᠨ ᠠᠪᠴᠢᠷᠠᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠬᠤᠶᠠᠷ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃       ︵ᠭᠤᠷᠪᠠ︶ ᠪᠥᠬᠦ ᠬᠤᠲᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃       ︵ᠳᠥᠷᠪᠡ︶ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠶ ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃       ︵ᠲᠠᠪᠤ︶ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶ᠋ᠯ ᠤᠨ ᠪᠠᠯᠠ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶᠎ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠰᠠᠭᠤᠷᠢ ᠰᠤᠳᠤᠯᠭᠠᠨ ᠤ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ︵ᠳᠣᠯᠤᠭ᠎ᠠ︶ ᠬᠤᠲᠠ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤᠪᠠᠷ ᠭᠥᠷᠳᠡᠬᠦ ᠶᠢ ᠠᠬᠢᠭᠤᠯᠤᠨ᠎ᠠ᠃       ︵ᠨᠠᠶ᠋ᠮᠠ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ ᠃ ᠪᠥᠬᠦ ᠬᠤᠲᠠ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠬᠥᠭᠵᠢᠯᠲᠡ ᠶᠢᠨ ᠪᠠᠷᠠᠭᠠᠯᠬᠢᠯᠠᠯ ᠤᠨ ᠴᠢᠨᠠᠷᠲᠠᠶ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ︵ᠶᠢᠰᠦ︶ ᠬᠤᠲᠠ ᠶᠢᠨ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠶ᠋ᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃       ︵ᠠᠷᠪᠠ︶ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃       ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠮᠢᠶ᠎ᠠ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠵᠢᠯᠣᠭᠤᠳᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃       ︵ᠠᠷᠪᠠᠨ ᠬᠤᠶᠠᠷ︶ ᠪᠥᠬᠦ ᠬᠤᠲᠠ ᠶᠢᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃       ︵ᠠᠷᠪᠠᠨ ᠭᠤᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠯᠤᠭ᠎ᠠ ᠶᠢᠨ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡᠲᠦ ᠬᠠᠮᠲᠤᠷᠠᠯᠴᠠᠭ᠎ᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠰᠢᠶᠠᠨ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ  ᠠᠵᠢᠯ ᠢ ᠵᠢᠯᠣᠭᠤᠳᠤᠨ᠎ᠠ᠃      ︵ᠠᠷᠪᠠᠨ ᠳᠥᠷᠪᠡ︶ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠲᠡᠳᠡᠨ ᠴᠤᠭᠯᠠᠷᠠᠭᠤᠯᠬᠤ ᠲᠣᠭᠲᠠᠴᠠ ᠪᠠ ᠭᠤᠤᠯᠳᠠᠯᠭ᠎ᠠ ᠲᠠᠢ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠦᠶ᠋ᠯᠡᠴᠢᠯᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠭᠠᠳᠠᠭᠠᠳᠤ ᠳᠤ ᠭᠠᠷᠬᠤ ︵ᠬᠢᠯᠢ︶᠎ ᠶᠢᠨ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ︵ᠠᠷᠪᠠᠨ ᠲᠠᠪᠤ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠳᠠ ᠶᠢ ᠮᠠᠨᠳᠤᠭᠤᠯᠬᠤ᠂ ᠴᠢᠳᠠᠪᠤᠷᠢᠲᠠᠨ ᠢᠶᠠᠷ ᠬᠤᠳᠠ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠰᠢᠯᠢᠳᠡᠭᠵᠢᠭᠦᠯᠵᠦ᠂ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠶ᠋ᠯᠡᠴᠢᠯᠡᠭᠡ ᠳᠠᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠣᠳᠠᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ  ᠵᠦᠢᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠢᠯ ᠢ ᠭᠥᠯᠢᠶᠡᠨ ᠠᠪᠴᠤ  ᠰᠢᠢᠳᠪᠦᠷᠢᠯᠡᠬᠦ᠂ ᠬᠢᠨᠠᠨ ᠲᠣᠭᠲᠠᠭᠠᠬᠤ᠂ ᠲᠥᠷᠥᠯ ᠵᠦᠢᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠠᠪᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠳᠣᠭᠢᠷᠠᠭᠤᠯᠬᠤ  ᠵᠦᠢᠯᠡᠰ ᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠪᠠᠷ ᠭᠤᠤᠯᠳᠠᠯᠭ᠎ᠠ ᠪᠠᠨ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠬᠠᠯᠠᠨ ᠰᠠᠶᠢᠵᠢᠷᠠᠭᠤᠯᠵᠤ᠂ ᠪᠥᠬᠦ ᠬᠤᠲᠠ ᠶᠢᠨ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠪᠥᠬᠦ ᠬᠤᠲᠠ ᠶᠢᠨ ᠭᠠᠳᠠᠨᠠᠬᠢ ᠣᠶᠤᠨ ᠴᠢᠳᠠᠪᠤᠷᠢ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ ᠲᠥᠯᠥᠪᠯᠡᠨ᠎ᠡ᠃       ︵ᠠᠷᠪᠠᠨ ᠵᠢᠷᠭᠤᠭ᠎ᠠ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠯᠤᠭ᠎ᠠ ᠶᠢᠨ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠲᠠᠯ᠎ᠠ ᠪᠠᠷ᠂ A ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠲᠣᠭᠲᠠᠭᠠᠵᠤ ᠂ B ᠲᠥᠷᠥᠯ ᠤᠨ ᠪᠠ C ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠤᠲᠠ ᠶᠢᠨ ᠰᠢᠨᠵᠢᠯᠡᠬᠦ ᠤᠬᠠᠭᠠᠨ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ᠂ ᠤᠳᠤ ᠶᠢᠨ ᠪᠠᠶᠢᠭ᠎ᠠ ︽ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ︾᠎ ᠢ ᠦᠷᠭᠦᠯᠵᠢᠯᠡᠨ ᠬᠡᠷᠡᠭᠯᠡᠵᠦ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠭᠰᠠᠨ ︽ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ︾᠎ ᠢ ᠦᠷᠭᠦᠯᠵᠢᠯᠡᠨ ᠬᠡᠷᠡᠭᠯᠡᠵᠦ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠴᠠ ᠠᠵᠢᠯ ᠤᠨ ᠵᠥᠪᠰᠢᠶᠡᠷᠡᠯ ᠣᠯᠭᠤᠬᠤ ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ ᠬᠡᠷᠡᠭᠲᠡᠶ᠃       ︵ᠠᠷᠪᠠᠨ ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ