ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠮᠤᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ | ᠳᠦᠷᠢᠮ ᠤᠨ ᠨᠢᠭᠡᠳᠦᠯᠲᠡᠶ ᠪᠠᠶᠢᠬᠤ ᠪᠠ ᠵᠠᠰᠠᠭ ᠤᠨ ᠵᠠᠷᠯᠢᠭ ᠤᠨ ᠰᠠᠭᠠᠳ ᠦᠭᠡᠶ ᠶᠠᠪᠤᠭᠳᠠᠬᠤ ᠶᠢ ᠦᠨᠡᠨᠬᠦ ᠪᠠᠲᠤᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦ ᠶᠢ ᠦᠷᠭᠦᠯᠵᠢᠯᠡᠨ ᠠᠬᠢᠭᠤᠯᠵᠤ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ | ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦᠭᠡᠷ ᠲᠣᠭᠠᠲᠤ︶ ᠪᠣᠯᠤᠨ ︽ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹ | 2021 ︺ 14 ᠳ᠋ᠦᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠳᠦᠭᠡ ᠢᠯᠭᠠᠷᠠᠭᠤᠯᠬᠤ ᠬᠡᠪᠴᠢᠶᠡᠨ ᠳᠤ ᠵᠢᠭᠰᠠᠭᠠᠨ | ᠣᠷᠣᠭᠤᠯᠤᠭᠰᠠᠨ 158 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠪᠡ᠂ ᠳᠣᠣᠷᠠᠬᠢ ᠮᠡᠲᠦ | ᠮᠡᠳᠡᠭᠳᠡᠶ᠎ᠡ᠄ | ᠨᠢᠭᠡ᠂ ᠦᠷᠭᠦᠯᠵᠢᠯᠡᠨ ᠬᠦᠴᠦᠨ ᠲᠠᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 122 ᠬᠤᠪᠢ᠂ ᠬᠦᠴᠦᠨ ᠥᠭᠡᠢ ᠪᠣᠯᠭᠠᠭᠰᠠᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ 15 ᠬᠤᠪᠢ᠂ ᠬᠦᠴᠦᠨ ᠥᠭᠡᠢ ᠪᠣᠯᠤᠭᠰᠠᠨ ᠢ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 21 ᠬᠤᠪᠢ ︵ | ᠭᠠᠷᠴᠠᠭ ᠢ ᠳᠠᠭᠠᠯᠳᠤᠭᠤᠯᠤᠯ 1᠂ 2᠂ 3 ᠳᠤ ᠨᠠᠷᠢᠪᠴᠢᠯᠠᠨ ᠦᠵᠡ︶᠃ | ᠬᠤᠶᠠᠷ᠂ ᠬᠦᠴᠦᠨ ᠥᠬᠡᠶ ᠪᠣᠯᠭᠠᠬᠤ᠂ ᠬᠦᠴᠦᠨ ᠥᠬᠡᠶ ᠪᠣᠯᠭᠠᠬᠤ ᠶᠢ ᠨᠡᠶᠢᠲᠡᠯᠡᠬᠦ ᠭᠠᠷᠴᠠᠭ ᠲᠤ ᠵᠢᠭᠰᠠᠭᠠᠨ ᠣᠷᠣᠭᠤᠯᠤᠭᠰᠠᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠪᠦᠬᠦᠨ ᠢ ᠮᠡᠳᠡᠭᠳᠡᠯ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠶᠢ ᠴᠥᠮ ᠵᠣᠭᠰᠣᠭᠠᠵᠤ᠂ ᠬᠤᠶᠢᠰᠢᠳᠠ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠥᠬᠡᠶ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 9 ᠰᠠᠷ᠎ᠠ ᠶᠢᠨ 10 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | |