ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠪᠠᠶᠠᠨᠨᠠᠭᠤᠷ ᠬᠤᠲᠠ ᠶᠢᠨ ᠢᠳᠡᠭᠡᠨ ᠤ ᠮᠦᠬᠦ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠨᠠᠢᠮᠠᠨ ᠵᠤᠷᠪᠤᠰ ᠰᠠᠨᠠᠯ︾ ᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠲᠦᠭᠡᠶ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 11 ᠰᠠᠷ᠎ᠠ ᠶᠢᠨ 1 | ᠪᠠᠶᠠᠨᠨᠠᠭᠤᠷ ᠬᠤᠲᠠ ᠶᠢᠨ ᠢᠳᠡᠭᠡᠨ ᠤ ᠮᠦᠬᠦ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠲᠤᠬᠠᠶ ᠨᠠᠢᠮᠠᠨ ᠵᠤᠷᠪᠤᠰ ᠰᠠᠨᠠᠯ | ᠣᠶᠢᠷ᠎ᠠ ᠶᠢᠨ ᠵᠢᠯ ᠤᠳ ᠲᠤ ᠮᠠᠨ ᠤ ᠤᠯᠤᠰ ᠤᠨ ᠢᠳᠡᠭᠡᠨ ᠤ ᠮᠥᠭᠦ ᠶᠢᠨ ᠠᠵᠤ ᠦᠢᠯᠡᠰ ᠤᠨ ᠪᠠᠶᠢᠷᠢᠰᠢᠯ ᠳᠤ ︽ᠵᠡᠭᠦᠨ ᠮᠥᠭᠦ ᠶᠢ ᠪᠠᠷᠠᠭᠤᠨᠰᠢ | ᠰᠢᠯᠵᠢᠭᠦᠯᠬᠦ︾ ᠪᠠ ︽ᠡᠮᠦᠨᠡᠲᠦ ᠮᠥᠭᠦ ᠶᠢ ᠤᠮᠠᠷᠠᠰᠢ ᠰᠢᠯᠵᠢᠭᠦᠯᠬᠦ︾ ᠬᠥᠭᠵᠢᠯᠲᠡ ᠶᠢᠨ ᠬᠠᠨᠳᠤᠰᠢ ᠢᠯᠡᠷᠡᠵᠦ᠂ ᠢᠳᠡᠭᠡᠨ ᠤ ᠮᠥᠭᠦ ᠶᠢᠨ ᠦᠢᠯᠡᠳᠪᠦᠷᠢᠯᠡᠯ ᠮᠠᠨ ᠤ | ᠬᠤᠲᠠ ᠳᠤ ᠶᠠᠭ ᠥᠷᠨᠢᠨ ᠬᠥᠭᠵᠢᠵᠦ ᠪᠠᠶᠢᠨ᠎ᠠ᠃ ᠪᠠᠶᠠᠨᠨᠠᠭᠤᠷ ᠬᠤᠲᠠ ᠶᠢᠨ ᠬᠤᠵᠢᠷᠯᠢᠬ ᠭᠠᠵᠠᠷ᠂ ᠠᠲᠠᠷ ᠭᠠᠵᠠᠷ ᠵᠡᠷᠭᠡ ᠲᠠᠷᠢᠶᠠᠨ ᠭᠠᠵᠠᠷ ᠤᠨ ᠪᠤᠰᠤ ᠡᠬᠢ | ᠪᠠᠶᠠᠯᠢᠭ ᠪᠣᠯᠤᠨ ᠥᠪᠡᠷᠮᠢᠴᠡ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠢ ᠭᠦᠢᠴᠡᠳ ᠠᠰᠢᠭᠯᠠᠬᠤ ᠶᠢᠨ ᠲᠥᠯᠥᠭᠡ᠂ ᠢᠳᠡᠭᠡᠨ ᠤ ᠮᠥᠭᠦ ᠶᠢᠨ | ᠦᠢᠯᠡᠳᠪᠦᠷᠢᠯᠡᠯ ᠢ ᠪᠠᠳᠠᠷᠠᠭᠤᠯᠬᠤ ᠳᠤ ᠠᠮᠤ ᠪᠤᠳᠠᠭ᠎ᠠ ᠲᠠᠢ ᠲᠠᠷᠢᠶ᠎ᠠ ᠪᠤᠯᠢᠶᠠᠯᠳᠤᠬᠤ ᠦᠭᠡᠶ᠂ ᠬᠥᠷᠥᠰᠥ ᠰᠢᠷᠣᠶ ᠲᠠᠢ ᠪᠣᠷᠳᠣᠭᠤᠷ ᠪᠤᠯᠢᠶᠠᠯᠳᠤᠬᠤ ᠦᠭᠡᠶ᠂ ᠪᠣᠬᠢᠷᠲᠤᠯ | ᠥᠬᠡᠶ ᠠᠮᠤᠷ ᠲᠦᠪᠰᠢᠨ᠂ ᠦᠷ᠎ᠡ ᠠᠰᠢᠭ ᠥᠨᠳᠥᠷ ᠳᠠᠪᠠᠭᠤᠯᠢᠭ ᠢᠶᠠᠷ ᠢᠶᠠᠨ ᠮᠠᠨ ᠤ ᠬᠤᠲᠠ ᠶᠢᠨ ᠤᠨᠴᠠᠯᠢᠬᠳᠤ ᠠᠵᠤ ᠦᠢᠯᠡᠰ ᠤᠨ ᠶᠡᠷᠦᠩᠬᠡᠶᠢᠯᠡᠭᠰᠡᠨ ᠦᠷ᠎ᠡ | ᠠᠰᠢᠭ ᠢ ᠳᠡᠭᠡᠭᠰᠢᠯᠡᠭᠦᠯᠵᠦ᠂ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ | ᠬᠦᠴᠦᠨ ᠨᠡᠮᠡᠷᠢᠯᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠵᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠳᠤ ᠣᠨᠴᠠᠭᠠᠶᠢᠯᠠᠨ ᠳᠣᠤᠷᠠᠬᠢ ᠨᠠᠶ᠋ᠮᠠᠨ ᠰᠠᠨᠠᠯ ᠢ ᠲᠣᠭᠲᠠᠭᠠᠪᠠ᠃ | ᠨᠢᠭᠡ᠂ ᠰᠠᠭᠤᠷᠢᠨ ᠭᠠᠵᠠᠷ ᠤᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠠᠳᠬᠤᠨ᠎ᠠ᠃ ᠡᠬᠢ ᠪᠠᠶᠠᠯᠢᠭ ᠤᠨ ᠳᠠᠪᠠᠭᠤᠯᠢᠭ ᠪᠠ ᠠᠵᠤ | ᠦᠢᠯᠡᠰ ᠤᠨ ᠰᠠᠭᠤᠷᠢ ᠳᠤ ᠰᠠᠭᠤᠷᠢᠯᠠᠨ᠂ ᠴᠡᠴᠡᠭ ᠤᠨ ᠮᠥᠭᠦ᠂ ᠳᠡᠯᠳᠡᠦ ᠵᠡᠷᠭᠡ ᠭᠤᠤᠯ ᠪᠣᠯᠬᠤ ᠪᠦᠲᠦᠭᠡᠭᠳᠡᠬᠦᠨ ᠤ ᠲᠣᠭᠤᠷᠢᠨ ᠳᠤ ᠢᠳᠡᠭᠡᠨ ᠤ ᠮᠥᠭᠦ ᠶᠢᠨ ᠠᠵᠤ | ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠨᠢᠭᠡ ᠳᠤ ᠣᠲᠣ ᠶᠢᠨ ᠨᠥᠬᠦᠴᠡᠯ ᠪᠥᠷᠢᠳᠦᠭᠰᠡᠨ ᠴᠡᠴᠡᠭ ᠤᠨ ᠮᠥᠭᠦ ᠶᠢᠨ ᠰᠠᠭᠤᠷᠢᠨ ᠭᠠᠵᠠᠷ ᠢ ᠥᠷᠭᠡᠳᠬᠡᠵᠦ᠂ | ᠬᠡᠪᠴᠢᠶᠡᠵᠢᠭᠰᠡᠨ᠂ ᠪᠠᠷᠢᠮᠵᠢᠶᠠᠵᠢᠭᠰᠠᠨ ᠴᠡᠴᠡᠭ ᠤᠨ ᠮᠥᠭᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠬᠤᠶᠠᠷ ᠲᠤ ᠬᠤᠵᠢᠷᠯᠢᠬ ᠭᠠᠵᠠᠷ | ᠂ ᠠᠲᠠᠷ ᠭᠠᠵᠠᠷ᠂ ᠡᠯᠡᠰᠦᠷᠬᠡᠭ ᠭᠠᠵᠠᠷ ᠵᠡᠷᠭᠡ ᠲᠠᠷᠢᠶᠠᠨ ᠭᠠᠵᠠᠷ ᠪᠤᠰᠤ ᠭᠠᠵᠠᠷ ᠲᠤ ᠢᠳᠡᠭᠡᠨ ᠤ ᠮᠥᠭᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ | ᠪᠠᠶᠢᠭᠤᠯᠬᠤ ᠶᠢ ᠵᠣᠷᠢᠭᠵᠢᠭᠤᠯᠵᠤ᠂ ︽ᠨᠢᠭᠡᠳᠦᠯᠲᠡᠶ ᠮᠥᠭᠦ ᠶᠢᠨ ᠦᠷ᠎ᠡ ᠬᠠᠩᠭᠠᠬᠤ᠂ ᠨᠢᠭᠡᠳᠦᠯᠲᠡᠶ ᠮᠡᠷᠭᠡᠵᠢᠯ ᠤᠨ ᠦᠶ᠋ᠯᠡᠴᠢᠯᠡᠭᠡ ᠬᠠᠩᠭᠠᠬᠤ᠂ ᠨᠢᠭᠡᠳᠦᠯᠲᠡᠶ | ᠡᠳ᠋ᠰᠢᠭᠦᠯᠦᠨ ᠪᠣᠷᠣᠯᠠᠭᠤᠯᠬᠤ︾ ᠵᠠᠭᠪᠤᠷ ᠢ ᠬᠡᠷᠡᠭᠯᠡᠨ᠂ ᠢᠳᠡᠭᠡᠨ ᠤ ᠮᠥᠭᠦ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠵᠢᠷᠤᠮᠵᠢᠯᠲᠠ᠂ | ᠪᠠᠶᠢᠷᠢᠰᠢᠭᠤᠯᠤᠯᠲᠠ ᠶᠢᠨ ᠣᠷᠣᠨ ᠪᠦᠰᠡᠵᠢᠯᠲᠡ᠂ ᠦᠢᠯᠡᠳᠪᠦᠷᠢᠯᠡᠯ ᠤᠨ ᠬᠡᠪᠴᠢᠶᠡᠵᠢᠯᠲᠡ᠂ ᠪᠦᠲᠦᠭᠡᠭᠳᠡᠬᠦᠨ ᠤ ᠪᠠᠷᠢᠮᠵᠢᠶᠠᠵᠢᠯᠲᠠ ᠶᠢ ᠠᠬᠢᠭᠤᠯᠤᠨ᠎ᠠ᠃ | ᠬᠤᠶᠠᠷ᠂ ᠪᠠᠷᠢᠮᠵᠢᠶᠠᠲᠤ ᠦᠢᠯᠡᠳᠪᠦᠷᠢᠯᠡᠯ ᠤᠨ ᠭᠤᠭᠴᠤᠭ᠎ᠠ ᠶᠢ ᠠᠳᠬᠤᠨ᠎ᠠ᠃ ᠲᠤᠬᠠᠶ ᠶᠢᠨ ᠭᠠᠵᠠᠷ ᠤᠨ ᠡᠰᠢ ᠰᠦᠷᠡᠯ ᠤᠨ ᠡᠬᠢ ᠪᠠᠶᠠᠯᠢᠭ ᠢ ᠭᠦᠢᠴᠡᠳ | ᠠᠰᠢᠭᠯᠠᠨ᠂ ᠮᠥᠭᠦ ᠶᠢᠨ ᠰᠢᠳᠠᠮ ᠢ ᠰᠤᠳᠤᠯᠤᠨ ᠨᠡᠭᠡᠭᠡᠬᠦ ᠲᠥᠪ ᠪᠠ ᠮᠥᠭᠦ ᠶᠢᠨ ᠦᠷ᠎ᠡ ᠦᠢᠯᠡᠳᠪᠦᠷᠢᠯᠡᠬᠦ᠂ ᠰᠤᠳᠤᠯᠤᠨ ᠨᠡᠭᠡᠭᠡᠬᠦ ᠲᠥᠪ ᠢ ᠪᠠᠶᠢᠭᠤᠯᠵᠤ᠂ | ᠢᠳᠡᠰᠢᠨ ᠤ ᠮᠥᠭᠦ ᠶᠢ ᠦᠢᠯᠡᠳᠪᠦᠷᠢᠯᠡᠬᠦ ᠠᠵᠤ ᠠᠬᠤᠶᠢᠯᠠᠯ᠂ ᠬᠤᠷᠰᠢᠶ᠎ᠠ ᠵᠢᠴᠢ ᠲᠣᠮᠣ ᠡᠷᠦᠬᠡ ᠳᠤ ᠮᠥᠭᠦ ᠶᠢᠨ ᠰᠢᠳᠠᠮ ᠢ ᠨᠠᠶᠢᠷᠠᠭᠤᠯᠬᠤ ᠤᠷᠠᠯᠠᠯ ᠵᠢᠴᠢ ᠴᠢᠨᠠᠷ | ᠰᠠᠶᠢᠲᠠᠶ ᠮᠥᠭᠦ ᠶᠢᠨ ᠦᠷ᠎ᠡ ᠬᠠᠩᠭᠠᠨ᠎ᠠ᠃ ᠰᠠᠭᠤᠷᠢᠨ ᠭᠠᠵᠠᠷ ᠤᠨ ᠬᠡᠪᠴᠢᠶ᠎ᠡ ᠨᠢ 200 ᠮᠥ ᠠᠴᠠ ᠳᠡᠭᠡᠭᠰᠢ ᠳᠤ ᠬᠦᠷᠦᠭᠰᠡᠨ ᠬᠦᠷᠢᠶᠡᠯᠡᠩ ᠲᠣᠭᠤᠷᠢᠭ ᠨᠢ | ᠮᠥᠭᠦ ᠶᠢᠨ ᠰᠢᠳᠠᠮ ᠤᠨ ᠦᠢᠯᠡᠳᠪᠦᠷᠢᠯᠡᠯ ᠤᠨ ᠲᠠᠰᠤᠭ ᠪᠠ ᠮᠥᠭᠦ ᠶᠢᠨ ᠦᠷ᠎ᠡ ᠳᠠᠷᠢᠬᠤ ᠲᠠᠰᠤᠭ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ᠂ | ᠬᠦᠷᠢᠶᠡᠯᠡᠩ ᠲᠣᠭᠤᠷᠢᠭ ᠤᠨ ᠬᠡᠪᠴᠢᠶ᠎ᠡ ᠶᠢ ᠦᠨᠳᠦᠰᠦᠯᠡᠨ 100 ᠮᠥ ᠪᠦᠷᠢ ᠳᠤ ᠨᠢᠭᠡ ᠮᠡᠷᠭᠡᠵᠢᠯᠲᠡᠨ ᠳᠣᠭᠢᠷᠠᠭᠤᠯᠵᠤ᠂ ᠰᠤᠳᠤᠯᠤᠨ ᠨᠡᠭᠡᠭᠡᠬᠦ ᠲᠥᠪ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠠᠴᠠ ᠨᠢᠭᠡᠳᠦᠯᠲᠡᠶ ᠪᠣᠯᠪᠠᠰᠤᠷᠠᠭᠤᠯᠤᠯ ᠬᠢᠵᠦ᠂ ᠮᠠᠲ᠋ᠧᠷᠢᠶᠠᠯ ᠨᠠᠶᠢᠷᠠᠭᠤᠯᠬᠤ ᠵᠢᠴᠢ ᠲᠠᠷᠢᠯᠭ᠎ᠠ ᠶᠢᠨ | ᠭᠤᠭᠴᠤᠭ᠎ᠠ ᠶᠢ ᠴᠢᠩᠭ᠎ᠠ ᠠᠳᠬᠤᠵᠤ᠂ ᠳᠠᠷᠢᠬᠤ ᠡᠷᠦᠬᠡ ᠳᠤ ᠴᠢᠨᠠᠷ ᠰᠠᠶᠢᠲᠠᠶ ᠮᠥᠭᠦ ᠶᠢᠨ ᠰᠢᠳᠠᠮ ᠢ ᠬᠠᠩᠭᠠᠨ᠎ᠠ᠃ ᠦᠢᠯᠡᠳᠪᠦᠷᠢᠯᠡᠯ ᠤᠨ ᠶᠠᠪᠤᠴᠠ ᠳᠤ ᠳᠤᠯᠠᠭᠠᠨ ᠤ | ᠬᠡᠮᠵᠢᠶ᠎ᠡ ᠶᠢ ᠬᠢᠵᠠᠭᠠᠷᠯᠠᠬᠤ᠂ ᠴᠢᠬᠢᠭ ᠢ ᠪᠠᠭᠤᠷᠠᠭᠤᠯᠬᠤ᠂ ᠳᠤᠯᠠᠭᠠᠨ ᠤ ᠵᠥᠷᠢᠶ᠎ᠡ᠂ ᠭᠡᠷᠡᠯ ᠲᠤᠰᠬᠤ᠂ ᠰᠠᠯᠬᠢ ᠨᠡᠪᠲᠡᠷᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠳᠬᠤᠵᠤ᠂ ᠢᠳᠡᠭᠡᠨ ᠤ ᠮᠦᠬᠦ ᠶᠢᠨ ᠭᠠᠷᠤᠯᠲᠠ ᠪᠠ ᠶᠠᠰᠤ ᠴᠢᠨᠠᠷ ᠤᠨ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ | ᠢᠳᠡᠭᠡᠨ ᠤ ᠮᠦᠬᠦ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠲᠠᠰ ᠬᠤᠪᠢᠶᠠᠬᠤ ᠪᠠᠷᠢᠮᠵᠢᠶ᠎ᠠ ᠶᠢ ᠲᠣᠭᠲᠠᠭᠠᠵᠤ᠂ ᠢᠳᠡᠭᠡᠨ ᠤ ᠮᠦᠬᠦ ᠶᠢᠨ ᠪᠦᠲᠦᠭᠡᠭᠳᠡᠬᠦᠨ ᠢ ᠲᠠᠰ | ᠬᠤᠪᠢᠶᠠᠨ ᠲᠠᠰ ᠬᠤᠪᠢᠶᠠᠬᠤ ᠶᠢ ᠬᠡᠷᠡᠭᠵᠢᠭᠦᠯᠦᠨ᠎ᠡ᠃ | ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠯ ᠢ ᠠᠳᠬᠤᠨ᠎ᠠ᠃ ᠢᠳᠡᠭᠡᠨ ᠤ ᠮᠦᠬᠦ ᠶᠢᠨ ᠠᠵᠤ ᠦᠢᠯᠡᠰ ᠤᠨ | ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠮᠡᠷᠭᠡᠵᠢᠯ ᠤᠨ ᠬᠦᠴᠢᠷ ᠠᠰᠠᠭᠤᠳᠠᠯ ᠳᠤ ᠴᠢᠭᠯᠡᠭᠦᠯᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠢᠳᠡᠭᠡᠨ ᠤ ᠮᠥᠭᠦ ᠶᠢᠨ ᠰᠤᠳᠤᠯᠭᠠᠨ ᠤ ᠭᠠᠵᠠᠷ᠂ ᠤᠯᠤᠰ ᠤᠨ ᠢᠳᠡᠭᠡᠨ ᠤ ᠮᠥᠭᠦ ᠶᠢᠨ ᠢᠨᠵᠧᠨᠧᠷᠢᠩ ᠤᠨ ᠮᠡᠷᠭᠡᠵᠢᠯ ᠤᠨ | ᠰᠤᠳᠤᠯᠭᠠᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠭᠡᠨ ᠤ ᠮᠥᠭᠦ ᠶᠢᠨ ᠰᠤᠳᠤᠯᠭᠠᠨ ᠤ | ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤᠷᠠᠯᠴᠠᠭᠠᠨ ᠤ ᠲᠣᠭᠲᠠᠴᠠ ᠤᠯᠤᠰ ᠤᠨ ᠳᠣᠲᠣᠭᠠᠳᠤ ᠶᠢᠨ ᠢᠳᠡᠭᠡᠨ ᠤ | ᠮᠥᠭᠦ ᠶᠢᠨ ᠲᠤᠰᠬᠠᠶ ᠮᠡᠷᠭᠡᠵᠢᠯᠲᠡᠨ ᠢ ᠤᠷᠢᠵᠤ᠂ ᠵᠠᠩᠭᠢᠯᠠᠭ᠎ᠠ ᠶᠢᠨ ᠮᠡᠷᠭᠡᠵᠢᠯ ᠤᠨ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠶᠠᠪᠤᠭᠳᠠᠭᠤᠯᠵᠤ᠂ ᠮᠥᠭᠦ ᠶᠢᠨ ᠦᠷ᠎ᠡ | ᠰᠣᠩᠭᠤᠨ ᠪᠤᠶᠢᠵᠢᠭᠤᠯᠬᠤ᠂ ᠥᠨᠳᠥᠷ ᠦᠷ᠎ᠡ ᠠᠰᠢᠭ ᠲᠠᠢ ᠳᠠᠷᠢᠵᠤ ᠪᠤᠶᠢᠵᠢᠭᠤᠯᠬᠤ᠂ ᠮᠥᠭᠦ ᠶᠢᠨ ᠰᠠᠷᠠᠪᠴᠢ ᠪᠠᠶᠢᠭᠤᠯᠬᠤ᠂ ᠣᠶᠤᠨᠴᠢ ᠪᠠᠷ ᠬᠠᠮᠢᠶᠠᠷᠬᠤ᠂ | ᠮᠥᠭᠦ ᠶᠢᠨ ᠰᠢᠭᠠᠷᠤ ᠶᠢ ᠠᠰᠢᠭᠯᠠᠬᠤ᠂ ᠡᠳ᠋ᠰᠢᠭᠦᠯᠬᠦ ᠤᠷᠠᠯᠠᠯ ᠵᠡᠷᠭᠡ ᠲᠠᠯ᠎ᠠ ᠪᠠᠷ ᠰᠤᠳᠤᠯᠭᠠᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠬᠡᠷᠡᠭᠯᠡᠭᠡᠨ ᠤ ᠬᠡᠯᠪᠡᠷᠢ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠲᠦᠷᠭᠡᠳᠬᠡᠵᠦ᠂ | ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠢᠶᠠᠷ ᠰᠠᠶᠢᠨ ᠨᠢᠭᠡᠨ ᠰᠠᠯᠠᠭ᠎ᠠ ᠮᠡᠷᠭᠡᠵᠢᠯᠲᠡᠨ ᠤ ᠡᠩᠨᠡᠭᠡ ᠶᠢ ᠪᠠᠶᠢᠭᠤᠯᠵᠤ᠂ ᠦᠢᠯᠡᠳᠪᠦᠷᠢᠯᠡᠯ | ᠡᠵᠡᠩᠨᠡᠯᠲᠡ ᠬᠠᠮᠢᠶᠠᠷᠤᠯᠲᠠ ᠶᠢᠨ ᠨᠢᠭᠡ ᠪᠦᠯᠦᠭ ᠬᠥᠮᠦᠨ ᠪᠠ ᠠᠵᠤ ᠦᠢᠯᠡᠰ ᠤᠨ ᠵᠠᠭᠤᠴᠢᠯᠠᠭᠴᠢ ᠶᠢ ᠬᠥᠮᠦᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠥᠷᠪᠡ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠠᠳᠬᠤᠨ᠎ᠠ᠃ ᠢᠳᠡᠰᠢᠨ ᠤ ᠮᠥᠭᠦ ᠶᠢ ᠦᠢᠯᠡᠳᠪᠦᠷᠢᠯᠡᠬᠦ᠂ ᠡᠳ᠋ᠰᠢᠭᠦᠯᠬᠦ | ᠡᠯ᠎ᠡ ᠵᠠᠩᠭᠢᠯᠠᠭ᠎ᠠ ᠶᠢᠨ ᠲᠣᠭᠤᠷᠢᠨ ᠳᠤ᠂ ᠪᠠᠶᠠᠨᠨᠠᠭᠤᠷ ᠬᠤᠲᠠ ᠶᠢᠨ ᠢᠳᠡᠰᠢᠨ ᠤ ᠮᠥᠭᠦ ᠶᠢᠨ ᠪᠣᠬᠢᠷᠲᠤᠯ ᠥᠬᠡᠶ᠂ ᠣᠷᠭᠠᠨᠢᠭ ᠦᠢᠯᠡᠳᠪᠦᠷᠢᠯᠡᠯ ᠤᠨ ᠮᠡᠷᠭᠡᠵᠢᠯ ᠤᠨ | ᠪᠠᠷᠢᠮᠵᠢᠶ᠎ᠠ ᠶᠢᠨ ᠰᠢᠰᠲ᠋ᠧᠮᠵᠢ᠂ ᠡᠳ᠋ᠰᠢᠭᠦᠯᠬᠦ ᠮᠡᠷᠭᠡᠵᠢᠯ ᠤᠨ ᠪᠠᠷᠢᠮᠵᠢᠶ᠎ᠠ ᠵᠢᠴᠢ ᠦᠢᠯᠡᠳᠬᠦᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠥᠬᠦ ᠠᠵᠤ | ᠦᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠦᠢᠯᠡᠳᠪᠦᠷᠢᠯᠡᠯ ᠤᠨ | ᠶᠠᠪᠤᠴᠠ ᠶᠢᠨ ᠡᠵᠡᠮᠳᠡᠯ ᠢ ᠴᠢᠩᠳᠠᠯᠠᠵᠤ᠂ ᠪᠣᠬᠢᠷᠲᠤᠯ ᠦᠭᠡᠢ᠂ ᠣᠷᠭᠠᠨᠢᠭ ᠢᠳᠡᠭᠡᠨ ᠤ ᠦᠢᠯᠡᠳᠪᠦᠷᠢᠯᠡᠯ ᠤᠨ ᠬᠢᠮᠢ ᠶᠢᠨ ᠪᠣᠳᠠᠰ ᠤᠨ ᠣᠷᠣᠭᠤᠯᠤᠯᠲᠠ ᠶᠢᠨ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠤᠰᠤᠳ ᠣᠷᠣᠭᠤᠯᠤᠯᠲᠠ ᠶᠢᠨ ᠪᠣᠳᠠᠰ ᠤᠨ ᠬᠡᠷᠡᠭᠯᠡᠯᠲᠡ ᠶᠢ ᠡᠷᠡᠰ ᠬᠤᠷᠢᠭᠯᠠᠬᠤ ᠬᠡᠷᠡᠭᠲᠡᠢ᠃ ᠮᠦᠬᠦ ᠶᠢᠨ ᠦᠷ᠎ᠡ ᠶᠢ | ᠦᠢᠯᠡᠳᠪᠦᠷᠢᠯᠡᠬᠦ᠂ ᠮᠦᠬᠦ ᠶᠢᠨ ᠪᠣᠷᠳᠤᠭ᠎ᠠ ᠶᠢ ᠦᠢᠯᠡᠳᠪᠦᠷᠢᠯᠡᠬᠦ᠂ ᠮᠥᠭᠦ ᠠᠴᠠ ᠭᠠᠷᠭᠠᠬᠤ ᠶᠢ ᠬᠠᠮᠢᠶᠠᠷᠬᠤ᠂ ᠪᠣᠭᠤᠳᠠᠯᠯᠠᠵᠤ ᠪᠣᠯᠪᠠᠰᠤᠷᠠᠭᠤᠯᠬᠤ᠂ ᠬᠠᠳᠠᠭᠠᠯᠠᠵᠤ | ᠲᠡᠭᠡᠭᠡᠪᠦᠷᠢᠯᠡᠬᠦ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠠᠴᠠ ᠮᠥᠷᠳᠡᠵᠦ ᠪᠣᠯᠬᠤ ᠶᠠᠰᠤ ᠴᠢᠨᠠᠷ ᠤᠨ ᠠᠮᠤᠷ ᠲᠦᠪᠰᠢᠨ ᠤ ᠡᠵᠡᠮᠳᠡᠯ ᠤᠨ ᠰᠢᠰᠲ᠋ᠧᠮ ᠢ ᠪᠠᠶᠢᠭᠤᠯᠵᠤ᠂ | ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠵᠦ᠂ ᠪᠦᠲᠦᠭᠡᠭᠳᠡᠬᠦᠨ ᠤ | ᠶᠠᠰᠤ ᠴᠢᠨᠠᠷ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠲᠠᠪᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠳᠬᠤᠨ᠎ᠠ᠃ ᠠᠵᠤ ᠠᠬᠤᠶᠢᠯᠠᠯ ᠤᠨ ᠨᠠᠷᠢᠯᠢᠭ ᠭᠦᠨᠵᠡᠭᠡᠶ ᠡᠳ᠋ᠰᠢᠭᠦᠯᠬᠦ ᠶᠢ ᠳᠡᠮᠵᠢᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠢᠳᠡᠭᠡᠨ ᠤ ᠮᠥᠭᠦ ᠶᠢ ᠡᠳ᠋ᠰᠢᠭᠦᠯᠦᠭᠰᠡᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ | ᠴᠢᠭᠯᠡᠭᠦᠯᠦᠨ᠂ ᠨᠠᠷᠢᠯᠢᠭ ᠭᠦᠨᠵᠡᠭᠡᠶ ᠡᠳ᠋ᠰᠢᠭᠦᠯᠦᠭᠰᠡᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠠᠬᠢᠭᠤᠯᠤᠨ᠎ᠠ᠃ ᠣᠲᠣ ᠶᠢᠨ ᠪᠠᠶᠢᠭ᠎ᠠ ᠴᠡᠴᠡᠭᠲᠦ ᠮᠥᠭᠦ ᠶᠢᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠦᠨᠦᠷᠲᠦ ᠮᠥᠭᠦ ᠶᠢᠨ ᠵᠢᠶᠠᠩ᠂ ᠦᠨᠦᠷᠲᠦ ᠮᠥᠭᠦ ᠶᠢᠨ ᠬᠡᠦᠷᠡᠭ ᠢᠯᠲᠠᠰᠤ ᠵᠡᠷᠭᠡ ᠡᠳ᠋ᠰᠢᠭᠦᠯᠦᠨ | ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠡᠩ ᠲᠡᠷᠢᠭᠦᠨ ᠳᠤ ᠣᠷᠣᠭᠤᠯᠤᠨ ᠠᠪᠴᠢᠷᠠᠵᠤ᠂ ᠪᠡᠯᠡᠨ ᠢᠳᠡᠭᠡᠨ᠂ ᠰᠡᠯᠡᠭᠦᠴᠡᠯ ᠤᠨ ᠢᠳᠡᠭᠡᠨ ᠡᠳ᠋ᠰᠢᠭᠦᠯᠵᠦ | ᠪᠠᠶᠢᠭᠰᠠᠨ ᠢ ᠠᠯᠬᠤᠮ ᠠᠯᠬᠤᠮ ᠢᠶᠠᠷ ᠡᠷᠡᠭᠦᠯᠵᠢᠯ ᠤᠨ ᠢᠳᠡᠭᠡᠨ᠂ ᠡᠮ ᠤᠨ ᠵᠦᠶ᠋ᠯ᠂ ᠠᠮᠢᠳᠤ ᠪᠣᠳᠠᠰ ᠤᠨ ᠪᠦᠲᠦᠭᠡᠭᠳᠡᠬᠦᠨ ᠵᠡᠷᠭᠡ ᠳᠠᠰᠢ ᠬᠥᠭᠵᠢᠭᠦᠯᠵᠦ᠂ | ᠡᠳ᠋ᠰᠢᠭᠦᠯᠦᠨ ᠪᠣᠯᠪᠠᠰᠤᠷᠠᠭᠤᠯᠬᠤ ᠦᠶ᠋ᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠨᠡᠮᠡᠯᠲᠡ ᠥᠷᠲᠡᠭ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠲᠣ ᠶᠢᠨ ᠪᠠᠶᠢᠭ᠎ᠠ ᠴᠡᠴᠡᠭ ᠤᠨ ᠮᠥᠭᠦ ᠲᠥᠪᠯᠡᠷᠡᠭᠰᠡᠨ ᠬᠤᠰᠢᠭᠤ ᠰᠢᠶᠠᠨ ᠳᠤ ᠮᠦᠬᠦ ᠶᠢᠨ ᠰᠢᠭᠠᠷᠤ ᠶᠢᠨ ᠲᠡᠵᠢᠭᠡᠯ | ᠪᠣᠷᠳᠤᠭ᠎ᠠ ᠡᠳ᠋ᠰᠢᠭᠦᠯᠬᠦ ᠦᠢᠯᠡᠳᠪᠦᠷᠢ ᠪᠠ ᠮᠦᠬᠦ ᠶᠢᠨ ᠰᠢᠭᠠᠷᠤ ᠶᠢᠨ ᠣᠷᠭᠠᠨᠢᠭ ᠪᠣᠷᠲᠣᠭᠤᠷ ᠡᠳ᠋ᠰᠢᠭᠦᠯᠬᠦ ᠦᠢᠯᠡᠳᠪᠦᠷᠢ ᠶᠢ ᠪᠠᠶᠢᠭᠤᠯᠵᠤ᠂ ᠲᠦᠭᠦᠬᠡᠶ | ᠮᠠᠲ᠋ᠧᠷᠢᠶᠠᠯ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠦᠨ᠂ ︽ᠳᠠᠷᠢᠬᠤ — ᠲᠡᠵᠢᠭᠡᠬᠦ — ᠮᠥᠭᠦ︾ ᠶᠢᠨ ᠡᠷᠬᠢᠯᠳᠡᠳᠦ ᠲᠠᠷᠢᠶᠠᠯᠠᠩ ᠤᠨ | ᠦᠢᠯᠡᠳᠪᠦᠷᠢᠯᠡᠯ ᠤᠨ ᠵᠠᠭᠪᠤᠷ ᠢ ᠪᠣᠶ ᠪᠣᠯᠭᠠᠨ᠎ᠠ᠃ | ᠵᠢᠷᠭᠤᠭ᠎ᠠ᠂ ᠨᠠᠷᠠᠲᠤ ᠲᠥᠷᠥᠯ ᠲᠡᠮᠳᠡᠭᠲᠦ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠶᠢ ᠠᠳᠬᠤᠨ᠎ᠠ᠃ ᠬᠥᠲᠥᠴᠢ ᠠᠵᠤ ᠠᠬᠤᠶᠢᠯᠠᠯ᠂ ᠲᠤᠰᠬᠠᠶ ᠠᠵᠢᠯ ᠤᠨ | ᠬᠤᠷᠰᠢᠶ᠎ᠠ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠢᠳᠡᠭᠡᠨ ᠤ ᠮᠥᠭᠦ ᠶᠢ ᠦᠢᠯᠡᠳᠪᠦᠷᠢᠯᠡᠬᠦ᠂ ᠡᠳ᠋ᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠶᠢ ᠳᠡᠮᠵᠢᠵᠦ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ᠂ ᠵᠠᠬ᠎ᠠ ᠳᠡᠯᠭᠡᠭᠦᠷ ᠢ ᠡᠵᠡᠯᠡᠬᠦ ᠨᠣᠷᠮ᠎ᠠ ᠪᠠᠷ ᠥᠨᠳᠥᠷ ᠢᠳᠡᠭᠡᠨ ᠤ ᠮᠥᠭᠦ ᠶᠢᠨ | ᠪᠦᠲᠦᠭᠡᠭᠳᠡᠬᠦᠨ ᠢ ᠠᠯᠬᠤᠮ ᠠᠯᠬᠤᠮ ᠢᠶᠠᠷ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ︽ ᠲᠡᠭᠷᠢ ᠶᠢᠨ ᠬᠡᠰᠢᠭᠲᠦ ᠪᠣᠷᠣᠲᠣᠬᠤᠶ︾ | ᠶᠢᠨ ᠣᠷᠣᠨ ᠪᠦᠰᠡ ᠶᠢᠨ ᠨᠠᠷᠠᠲᠤ ᠲᠡᠮᠳᠡᠭ ᠲᠤ ᠣᠷᠣᠭᠤᠯᠵᠤ᠂ ᠭᠥᠯᠢᠶᠡᠨ ᠠᠪᠴᠤ ᠬᠠᠮᠢᠶᠠᠷᠤᠭᠤᠯᠤᠨ᠎ᠠ᠃ ᠬᠥᠲᠥᠴᠢ ᠠᠵᠤ ᠠᠬᠤᠶᠢᠯᠠᠯ᠂ ᠬᠤᠷᠰᠢᠶ᠎ᠠ ᠶᠢ | ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ᠂ ᠣᠷᠭᠠᠨᠢᠭ ᠢᠳᠡᠭᠡᠨ ᠤ ᠭᠡᠷᠡᠴᠢᠯᠡᠯ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠥᠷᠨᠢᠭᠦᠯᠬᠦ ᠪᠠ ᠣᠨᠴᠠᠯᠢᠠᠠᠳᠣ | ᠨᠠᠷᠠᠲᠤ ᠦᠶ᠋ᠯᠡᠳᠬᠦᠨ ᠢ ᠡᠭᠦᠳᠦᠨ ᠪᠠᠶᠢᠭᠤᠯᠵᠤ᠂ ᠪᠠᠶᠠᠨᠨᠠᠭᠤᠷ ᠬᠤᠲᠠ ᠶᠢᠨ ᠢᠳᠡᠭᠡᠨ ᠤ ᠮᠥᠭᠦ ᠶᠢᠨ ᠣᠨᠴᠠᠯᠢᠠᠠᠳᠣ ᠨᠠᠷᠠᠲᠤ ᠲᠥᠷᠥᠯ ᠲᠡᠮᠳᠡᠭᠲᠦ ᠶᠢᠨ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠢ ᠴᠢᠩᠭᠠᠳᠬᠠᠨ᠎ᠠ᠃ ᠪᠥᠬᠦ ᠬᠤᠲᠠ ᠶᠢᠨ ᠢᠳᠡᠭᠡᠨ ᠤ ᠮᠥᠭᠦ ᠶᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ | ᠶᠠᠰᠤ ᠴᠢᠨᠠᠷ ᠢ ᠮᠥᠷᠳᠡᠨ ᠬᠢᠨᠠᠨ ᠬᠠᠮᠢᠶᠠᠷᠬᠤ ᠲᠠᠪᠴᠠᠩ ᠳᠤ ᠠᠯᠬᠤᠮ ᠠᠯᠬᠤᠮ ᠢᠶᠠᠷ ᠣᠷᠣᠭᠤᠯᠵᠤ᠂ ᠪᠠᠷᠢᠮᠵᠢᠶ᠎ᠠ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ | ᠴᠢᠩᠭ᠎ᠠ ᠠᠳᠬᠤᠬᠤ ᠬᠡᠷᠡᠭᠲᠡᠶ᠃ | ᠲᠤᠯᠤᠭ᠎ᠠ᠂ ᠤᠯᠠᠨ ᠲᠠᠯ᠎ᠠ ᠶᠢᠨ ᠵᠠᠬ᠎ᠠ ᠳᠡᠯᠭᠡᠭᠦᠷ ᠢ ᠨᠡᠭᠡᠭᠡᠬᠦ ᠶᠠᠪᠤᠳᠠᠯ ᠢ ᠠᠳᠬᠤᠬᠤ ᠬᠡᠷᠡᠭᠲᠡᠶ᠃ ᠢᠳᠡᠭᠡᠨ ᠤ ᠮᠥᠭᠦ ᠶᠢ ᠦᠢᠯᠡᠳᠪᠦᠷᠢᠯᠡᠬᠦ᠂ ᠡᠳ᠋ᠰᠢᠭᠦᠯᠬᠦ | ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠢᠳᠡᠭᠡᠨ ᠤ ᠮᠥᠭᠦ ᠶᠢᠨ ᠠᠵᠤ ᠦᠢᠯᠡᠰ ᠤᠨ ᠲᠣᠤᠷ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠲᠠᠪᠴᠠᠩ | ᠪᠠᠶᠢᠭᠤᠯᠬᠤ ᠶᠢ ᠳᠡᠮᠵᠢᠵᠦ᠂ ᠢᠳᠡᠭᠡᠨ ᠤ ᠮᠥᠭᠦ ᠶᠢᠨ ᠪᠣᠷᠣᠯᠠᠭᠤᠯᠭ᠎ᠠ ᠰᠠᠶᠢᠲᠠᠶ ᠪᠦᠲᠦᠭᠡᠭᠳᠡᠬᠦᠨ ᠤ ᠭᠦᠢᠯᠭᠡᠭᠡᠨ ᠤ ᠪᠠᠶᠢᠷᠢᠰᠢᠯ ᠢ ᠪᠣᠶ ᠪᠣᠯᠭᠠᠨ᠎ᠠ᠃ ︽ ᠲᠡᠭᠷᠢ ᠶᠢᠨ | ᠬᠡᠰᠢᠭᠲᠦ ᠪᠣᠷᠣᠲᠣᠬᠤᠶ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠲᠦᠰᠢᠭᠯᠡᠨ᠂ ᠢᠳᠡᠭᠡᠨ ᠤ ᠮᠥᠭᠦ ᠶᠢᠨ ᠪᠦᠲᠦᠭᠡᠭᠳᠡᠬᠦᠨ ᠤ | ᠤᠬᠠᠭᠤᠯᠭ᠎ᠠ ᠶᠢ ᠴᠢᠩᠭᠠᠳᠬᠠᠨ᠎ᠠ᠃ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ | ᠠᠷᠠᠯᠵᠢᠶ᠎ᠠ ᠶᠢ ᠬᠥᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠵᠡᠩᠨᠡᠨ ᠪᠣᠷᠣᠯᠠᠭᠤᠯᠬᠤ ᠵᠠᠬ᠎ᠠ ᠳᠡᠯᠭᠡᠭᠦᠷ ᠢ ᠨᠡᠭᠡᠭᠡᠨ᠎ᠡ᠃ ᠢᠳᠡᠰᠢᠨ ᠤ ᠮᠥᠭᠦ ᠶᠢᠨ | ᠡᠵᠡᠩᠨᠡᠨ ᠪᠣᠷᠣᠯᠠᠭᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠳᠡᠰᠢᠨ ᠤ ᠮᠥᠭᠦ ᠶᠢᠨ ᠠᠵᠤ ᠦᠢᠯᠡᠰ ᠤᠨ ᠨᠡᠶᠢᠭᠡᠮᠯᠢᠭ᠂ ᠵᠠᠭᠤᠴᠢᠯᠠᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠤᠭ ᠤᠨ ᠰᠢᠨ᠎ᠡ ᠵᠠᠬ᠎ᠠ ᠳᠡᠯᠭᠡᠭᠦᠷ᠂ ᠠᠷᠠᠯᠵᠢᠶ᠎ᠠ ᠶᠢᠨ ᠬᠤᠪᠢᠷᠠᠯᠲᠠ ᠶᠢᠨ | ᠮᠡᠳᠡᠭᠡ ᠵᠠᠩᠭᠢ ᠶᠢ ᠠᠩᠬᠠᠷᠴᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ | ᠮᠥᠭᠦ ᠶᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠡᠯ᠎ᠡ ᠲᠥᠷᠥᠯ ᠤᠨ ᠦᠢᠯᠡᠳᠬᠦᠨ ᠲᠠᠨᠢᠯᠴᠠᠭᠤᠯᠬᠤ ᠴᠤᠭᠯᠠᠭᠠᠨ᠂ ᠠᠷᠠᠯᠵᠢᠶᠠᠨ ᠤ ᠴᠤᠭᠯᠠᠭᠠᠨ᠂ | ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠ ᠦᠢᠯᠡᠳᠬᠦᠨ ᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ | ᠨᠠᠢᠮᠠ᠂ ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠭᠰᠡᠨ ᠲᠡᠳᠬᠦᠮᠵᠢ ᠶᠢ ᠠᠳᠬᠤᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤ | ᠬᠤᠯᠪᠣᠭᠠᠯᠠᠨ ᠬᠥᠳᠡᠯᠦᠯᠴᠡᠵᠦ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠪᠠᠷ ᠳᠡᠮᠵᠢᠨ᠂ ᠲᠠᠷᠢᠶᠠᠯᠠᠩ ᠳᠤ ᠬᠤᠯᠪᠣᠭᠳᠠᠬᠤ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠯ᠎ᠡ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠢᠳᠡᠭᠡᠨ ᠤ | ᠮᠥᠭᠦ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠳᠤ ᠬᠡᠷᠡᠭᠯᠡᠨ᠎ᠡ᠃ ᠨᠢᠭᠡ ᠳᠤ ᠲᠥᠪᠯᠡᠷᠡᠨ ᠵᠠᠯᠭᠠᠯᠳᠤᠭᠰᠠᠨ ᠢᠳᠡᠭᠡᠨ ᠤ ᠮᠥᠭᠦ ᠶᠢᠨ | ᠦᠢᠯᠡᠳᠪᠦᠷᠢᠯᠡᠯ ᠤᠨ ᠫᠧᠩ ᠪᠠᠶᠢᠭᠤᠯᠤᠭᠰᠠᠨ ᠪᠠᠶᠢᠪᠠᠯ᠂ ᠵᠠᠷᠴᠢᠮ ᠳᠡᠭᠡᠷ᠎ᠡ ᠪᠠᠨ ᠡᠯ᠎ᠡ ᠬᠤᠰᠢᠭᠤ ᠰᠢᠶᠠᠨ ᠲᠣᠭᠤᠷᠢᠭ ᠤᠨ ᠪᠡᠯᠡᠳᠬᠡᠮᠵᠢ ᠶᠢᠨ ᠲᠠᠷᠢᠶᠠᠯᠠᠩ ᠤᠨ | ᠨᠥᠬᠦᠪᠥᠷᠢ ᠶᠢᠨ ᠠᠷᠭ᠎ᠠ ᠪᠠᠷ ᠯᠠᠪᠯᠠᠯᠲᠠ ᠪᠣᠯᠭᠠᠵᠤ ᠨᠥᠬᠦᠪᠥᠷᠢ ᠣᠯᠭᠤᠨ᠎ᠠ︔ ᠰᠢᠨ᠎ᠡ ᠪᠠᠷ ᠪᠠᠶᠢᠭᠤᠯᠤᠭᠰᠠᠨ ᠮᠦᠬᠦ ᠶᠢᠨ ᠰᠢᠭᠠᠷᠤ ᠶᠢᠨ ᠲᠡᠵᠢᠭᠡᠯ ᠪᠣᠷᠳᠣᠭᠠᠨ ᠤ | ᠦᠢᠯᠡᠳᠪᠦᠷᠢ᠂ ᠪᠤᠷᠳᠤᠭᠤᠷ ᠤᠨ ᠦᠢᠯᠡᠳᠪᠦᠷᠢ ᠵᠢᠴᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢ ᠶᠢᠨ ᠠᠵᠤ ᠠᠬᠤᠶᠢᠯᠠᠯ᠂ ᠬᠤᠷᠰᠢᠶ᠎ᠠ ᠳᠤ ᠲᠦᠷᠦᠯ ᠵᠦᠢᠯ ᠤᠨ | ᠪᠡᠯᠡ ᠮᠥᠩᠭᠦ ᠶᠢ ᠤᠷᠢᠳᠠᠪᠠᠷ ᠲᠣᠬᠢᠷᠠᠭᠤᠯᠵᠤ ᠳᠡᠮᠵᠢᠯᠭᠡ ᠦᠵᠡᠭᠦᠯᠦᠨ᠎ᠡ︔ ᠬᠤᠶᠠᠷ ᠲᠤ ᠵᠢᠯ ᠪᠦᠷᠢ ᠵᠣᠬᠢᠬᠤ ᠬᠡᠮᠵᠢᠶᠡᠨ ᠤ ᠲᠤᠰᠬᠠᠶ ᠵᠦᠢᠯ ᠤᠨ ᠵᠠᠷᠤᠳᠠᠯ | ᠲᠣᠬᠢᠷᠠᠭᠤᠯᠵᠤ ᠢᠳᠡᠭᠡᠨ ᠤ ᠮᠦᠬᠦ ᠶᠢᠨ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠰᠢᠯᠢᠨ ᠰᠣᠩᠭᠤᠬᠤ᠂ ᠲᠤᠷᠰᠢᠯᠲᠠ ᠬᠢᠵᠦ | ᠵᠢᠱᠢᠶ᠎ᠡ ᠦᠵᠡᠭᠦᠯᠬᠦ᠂ ᠤᠬᠠᠭᠤᠯᠤᠨ ᠪᠣᠯᠪᠠᠰᠤᠷᠠᠭᠤᠯᠬᠤ ᠵᠢᠴᠢ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠳᠤ ᠬᠡᠷᠡᠭᠯᠡᠨ᠎ᠡ︔ ᠭᠤᠷᠪᠠ ᠳᠤ ᠪᠠᠩᠬᠢ ᠪᠠ ᠮᠡᠳᠡᠭᠡ | ᠵᠠᠩᠭᠢᠵᠢᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠠᠷᠢᠶᠠᠴᠢᠨ ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠲᠠᠯᠪᠢᠵᠤ᠂ ᠮᠥᠭᠦᠲᠦ ᠰᠢᠳᠠᠮ | ᠬᠤᠳᠠᠯᠳᠤᠨ ᠠᠪᠬᠤ ᠳᠤ ᠬᠡᠷᠡᠭᠯᠡᠨ᠎ᠡ︔ ᠳᠥᠷᠪᠡ ᠳᠤ ᠤᠯᠠᠷᠢᠯ ᠤᠨ ᠴᠢᠨᠠᠷᠲᠠᠶ ᠠᠵᠢᠯᠴᠢᠨ ᠬᠡᠷᠡᠭᠯᠡᠬᠦ ᠪᠡᠷᠬᠡ ᠰᠡᠳᠦᠪ ᠲᠤ ᠴᠢᠭᠯᠡᠭᠦᠯᠦᠨ᠂ ᠠᠵᠢᠯᠴᠢᠨ ᠬᠡᠷᠡᠭᠯᠡᠬᠦ | ᠨᠡᠶᠢᠭᠡᠮᠯᠢᠭ ᠢ ᠢᠳᠡᠪᠬᠢᠲᠡᠶ ᠪᠠᠷ ᠵᠣᠬᠢᠶᠠᠨ ᠪᠠᠶᠢᠭᠤᠯᠬᠤ ᠶᠢᠨ ᠵᠡᠷᠭᠡ ᠳᠤ ᠢᠳᠡᠭᠡᠨ ᠤ ᠮᠥᠭᠦ ᠶᠢ ᠵᠠᠶᠢᠯᠠᠬᠤ ᠮᠡᠷᠭᠡᠵᠢᠯ ᠤᠨ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ | ᠂ ᠲᠡᠭᠦᠨ ᠢ ᠠᠵᠢᠯ ᠣᠯᠭᠤᠬᠤ ᠪᠣᠯᠪᠠᠰᠤᠷᠠᠭᠤᠯᠤᠯ ᠤᠨ ᠭᠤᠣᠯᠳᠠᠯᠭᠠᠲᠤ ᠠᠭᠤᠯᠭ᠎ᠠ ᠳᠤ ᠣᠷᠣᠭᠤᠯᠤᠨ᠎ᠠ᠃ ᠲᠠᠪᠤ ᠳᠤ ᠢᠳᠡᠭᠡᠨ ᠤ ᠮᠦᠬᠦ ᠶᠢᠨ ᠠᠵᠤ ᠦᠢᠯᠡᠰ ᠤᠨ | ᠳᠠᠭᠠᠳᠬᠠᠯ ᠤᠨ ᠲᠤᠷᠰᠢᠯᠲᠠ ᠶᠢ ᠥᠷᠨᠢᠭᠦᠯᠵᠦ᠂ ᠮᠦᠬᠦ ᠶᠢᠨ ᠲᠠᠷᠢᠶᠠᠴᠢᠳ ᠤᠨ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠠᠶᠤᠯ | ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ |