ᠪᠠᠶᠠᠨᠨᠠᠭᠤᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/11/17
      ︵ᠨᠢᠭᠡ︶ ᠬᠤᠲᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠤᠨ ᠠᠪᠴᠢᠷᠠᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠬᠤᠶᠠᠷ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃       ︵ᠭᠤᠷᠪᠠ︶ ᠪᠥᠬᠦ ᠬᠤᠲᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃       ︵ᠳᠥᠷᠪᠡ︶ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠶ ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃       ︵ᠲᠠᠪᠤ︶ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶ᠋ᠯ ᠤᠨ ᠪᠠᠯᠠ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠰᠠᠭᠤᠷᠢ ᠰᠤᠳᠤᠯᠭᠠᠨ ᠤ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ︵ᠳᠣᠯᠤᠭ᠎ᠠ︶ ᠬᠤᠲᠠ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤᠪᠠᠷ ᠭᠥᠷᠳᠡᠬᠦ ᠶᠢ ᠠᠬᠢᠭᠤᠯᠤᠨ᠎ᠠ᠃       ︵ᠨᠠᠶ᠋ᠮᠠ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ ᠃ ᠪᠥᠬᠦ ᠬᠤᠲᠠ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠬᠥᠭᠵᠢᠯᠲᠡ ᠶᠢᠨ ᠪᠠᠷᠠᠭᠠᠯᠬᠢᠯᠠᠯ ᠤᠨ ᠴᠢᠨᠠᠷᠲᠠᠶ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ︵ᠶᠢᠰᠦ︶ ᠬᠤᠲᠠ ᠶᠢᠨ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠶ᠋ᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃       ︵ᠠᠷᠪᠠ︶ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃       ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠮᠢᠶ᠎ᠠ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠵᠢᠯᠣᠭᠤᠳᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃       ︵ᠠᠷᠪᠠᠨ ᠬᠤᠶᠠᠷ︶ ᠪᠥᠬᠦ ᠬᠤᠲᠠ ᠶᠢᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃       ︵ᠠᠷᠪᠠᠨ ᠭᠤᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠯᠤᠭ᠎ᠠ ᠶᠢᠨ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡᠲᠦ ᠬᠠᠮᠲᠤᠷᠠᠯᠴᠠᠭ᠎ᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠰᠢᠶᠠᠨ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ  ᠠᠵᠢᠯ ᠢ ᠵᠢᠯᠣᠭᠤᠳᠤᠨ᠎ᠠ᠃      ︵ᠠᠷᠪᠠᠨ ᠳᠥᠷᠪᠡ︶ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠲᠡᠳᠡᠨ ᠴᠤᠭᠯᠠᠷᠠᠭᠤᠯᠬᠤ ᠲᠣᠭᠲᠠᠴᠠ ᠪᠠ ᠭᠤᠤᠯᠳᠠᠯᠭ᠎ᠠ ᠲᠠᠢ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠦᠶ᠋ᠯᠡᠴᠢᠯᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠭᠠᠳᠠᠭᠠᠳᠤ ᠳᠤ ᠭᠠᠷᠬᠤ ︵ᠬᠢᠯᠢ︶ ᠶᠢᠨ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ︵ᠠᠷᠪᠠᠨ ᠲᠠᠪᠤ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠳᠠ ᠶᠢ ᠮᠠᠨᠳᠤᠭᠤᠯᠬᠤ᠂ ᠴᠢᠳᠠᠪᠤᠷᠢᠲᠠᠨ ᠢᠶᠠᠷ ᠬᠤᠳᠠ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠰᠢᠯᠢᠳᠡᠭᠵᠢᠭᠦᠯᠵᠦ᠂ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠶ᠋ᠯᠡᠴᠢᠯᠡᠭᠡ ᠳᠠᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠣᠳᠠᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ  ᠵᠦᠢᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠢᠯ ᠢ ᠭᠥᠯᠢᠶᠡᠨ ᠠᠪᠴᠤ  ᠰᠢᠢᠳᠪᠦᠷᠢᠯᠡᠬᠦ᠂ ᠬᠢᠨᠠᠨ ᠲᠣᠭᠲᠠᠭᠠᠬᠤ᠂ ᠲᠥᠷᠥᠯ ᠵᠦᠢᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠠᠪᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠳᠣᠭᠢᠷᠠᠭᠤᠯᠬᠤ  ᠵᠦᠢᠯᠡᠰ ᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠪᠠᠷ ᠭᠤᠤᠯᠳᠠᠯᠭ᠎ᠠ ᠪᠠᠨ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠬᠠᠯᠠᠨ ᠰᠠᠶᠢᠵᠢᠷᠠᠭᠤᠯᠵᠤ᠂ ᠪᠥᠬᠦ ᠬᠤᠲᠠ ᠶᠢᠨ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠪᠥᠬᠦ ᠬᠤᠲᠠ ᠶᠢᠨ ᠭᠠᠳᠠᠨᠠᠬᠢ ᠣᠶᠤᠨ ᠴᠢᠳᠠᠪᠤᠷᠢ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ ᠲᠥᠯᠥᠪᠯᠡᠨ᠎ᠡ᠃       ︵ᠠᠷᠪᠠᠨ ᠵᠢᠷᠭᠤᠭ᠎ᠠ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠯᠤᠭ᠎ᠠ ᠶᠢᠨ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠲᠠᠯ᠎ᠠ ᠪᠠᠷ᠂ A ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠲᠣᠭᠲᠠᠭᠠᠵᠤ ᠂ B ᠲᠥᠷᠥᠯ ᠤᠨ ᠪᠠ C ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠤᠲᠠ ᠶᠢᠨ ᠰᠢᠨᠵᠢᠯᠡᠬᠦ ᠤᠬᠠᠭᠠᠨ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ᠂ ᠤᠳᠤ ᠶᠢᠨ ᠪᠠᠶᠢᠭ᠎ᠠ ︽ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ︾ ᠢ ᠦᠷᠭᠦᠯᠵᠢᠯᠡᠨ ᠬᠡᠷᠡᠭᠯᠡᠵᠦ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠭᠰᠠᠨ ︽ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ︾ ᠢ ᠦᠷᠭᠦᠯᠵᠢᠯᠡᠨ ᠬᠡᠷᠡᠭᠯᠡᠵᠦ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠴᠠ ᠠᠵᠢᠯ ᠤᠨ ᠵᠥᠪᠰᠢᠶᠡᠷᠡᠯ ᠣᠯᠭᠤᠬᠤ ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ ᠬᠡᠷᠡᠭᠲᠡᠶ᠃       ︵ᠠᠷᠪᠠᠨ ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ