ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/11/17
      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠯᠪᠣᠭᠳᠠᠯ ᠪᠥᠬᠦᠢ ᠴᠢᠭᠯᠡᠯᠲᠡ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ  ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠵᠤ᠂ ᠪᠥᠬᠦ ᠬᠤᠳᠠ ᠶᠢᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠤᠳᠤᠯᠭ᠎ᠠ᠂ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠪᠥᠬᠦ ᠬᠤᠳᠠ ᠶᠢᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃       ︵ᠬᠤᠶᠠᠷ︶ ᠪᠥᠬᠦ ᠬᠤᠲᠠ ᠶᠢᠨ ᠠᠮᠢᠳᠤᠷᠠᠯ᠂  ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠲᠠ ᠶᠢᠨ ᠤᠰᠤᠨ ᠤ ᠳᠤᠮᠳᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠪᠥᠬᠦ ᠬᠤᠲᠠ ᠶᠢᠨ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠵᠤ᠂ ᠤᠰᠤ ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ︔ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠪᠠ ᠰᠤᠮᠤ ᠰᠢᠶᠠᠩ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃       ︵ᠭᠤᠷᠪᠠ︶ ᠪᠥᠬᠦ ᠬᠤᠳᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠢ ᠲᠥᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠭᠡᠳ ᠬᠤᠳᠠ ᠶᠢᠨ ᠱᠠᠲᠤᠨ ᠤ  ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠲᠤᠬᠢᠷᠠᠭᠤᠯᠤᠯᠳᠠ ᠶᠢᠨ ᠰᠠᠨᠠᠯ  ᠢ ᠬᠠᠷᠢᠭᠤᠴᠠᠨ ᠳᠤᠷᠠᠳᠴᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ  ᠤᠨ ᠶᠣᠰᠣᠭᠠᠷ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂  ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃       ︵ᠳᠥᠷᠪᠡ︶ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ︵ᠲᠠᠪᠤ︶ ᠪᠥᠬᠦ ᠬᠤᠳᠠ ᠶᠢᠨ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃       ︵ᠵᠢᠷᠭᠤᠭ᠎ᠠ︶ ᠪᠥᠬᠦ ᠬᠤᠲᠠ ᠶᠢᠨ ᠤᠰᠤᠨ ᠵᠦᠶ ᠶᠢᠨ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠤᠰᠤᠨ ᠰᠢᠨᠵᠢᠯᠡᠭᠡᠨ ᠤ ᠥᠷᠲᠡᠭᠡᠨ ᠤ ᠲᠣᠣᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠤᠰᠤᠨ ᠵᠦᠢ ᠤᠰᠤᠨ ᠤ ᠡᠬᠢ ᠪᠠᠶᠠᠯᠢᠭ᠂ ᠭᠤᠣᠯ ᠨᠠᠭᠤᠷ ᠴᠥᠭᠦᠷᠥᠮ ᠪᠣᠯᠤᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠠᠵᠢᠯ ᠳᠤ ᠬᠢᠨᠠᠯᠲᠠ ᠲᠠᠯᠪᠢᠬᠤ  ᠶᠢ ᠬᠠᠷᠢᠭᠤᠴᠠᠵᠤ᠂ ᠤᠰᠤᠨ ᠵᠦᠢ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ᠂ ᠴᠢᠮᠡᠭᠡ ᠮᠡᠳᠡᠭᠡ ᠶᠢ ᠤᠷᠢᠳᠴᠢᠯᠠᠨ ᠮᠡᠳᠡᠭᠡᠯᠡᠬᠦ ᠪᠠ ᠪᠠᠶᠠᠨᠨᠠᠭᠤᠷ ᠬᠤᠳᠠ  ᠶᠢᠨ ᠤᠰᠤᠨ ᠤ ᠡᠬᠢ ᠪᠠᠶᠠᠯᠢᠭ  ᠤᠨ ᠠᠯᠪᠠᠨ ᠮᠡᠳᠡᠭᠡ  ᠶᠢ ᠨᠡᠶᠢᠲᠡᠯᠡᠨ᠎ᠡ᠃ ᠤᠰᠤᠨ ᠤ ᠡᠬᠢ ᠪᠠᠶᠠᠯᠢᠭ᠂ ᠤᠰᠤᠨ ᠤ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠲᠤᠯᠤᠭ᠎ᠠ︶ ᠤᠰᠦᠠ ᠠᠰᠢᠭᠯᠠᠯᠲᠠ ᠶᠢᠨ ᠲᠥᠬᠦᠭᠡᠷᠦᠮᠵᠢ᠂ ᠤᠰᠦᠠ ᠣᠷᠣᠨ ᠵᠢᠴᠢ ᠲᠡᠯᠡᠢ ᠶᠢᠨ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠪᠥᠬᠦ ᠬᠤᠲᠠ ᠶᠢᠨ ᠴᠢᠬᠤᠯᠠ ᠭᠤᠤᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ ᠵᠢᠴᠢ ᠭᠤᠤᠯ ᠤᠨ ᠠᠳᠠᠭ ᠤᠨ ᠵᠠᠰᠠᠯᠲᠠ᠂ ᠨᠡᠭᠡᠭᠡᠯᠲᠡ ᠪᠠ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠵᠤ᠂ ᠪᠥᠬᠦ ᠬᠤᠲᠠ ᠶᠢᠨ ᠭᠤᠤᠯ ᠨᠠᠭᠤᠷ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠤᠯ ᠨᠠᠭᠤᠷ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠨᠠᠭᠤᠷ ᠤᠨ ᠤᠰᠤᠨ ᠤ ᠰᠢᠰᠲ᠋ᠧᠮ ᠢ ᠬᠤᠯᠪᠣᠬᠤ ᠠᠵᠢᠯ ᠢ ᠵᠢᠯᠣᠭᠤᠳᠤᠨ᠎ᠠ᠃       ︵ᠨᠠᠢᠮᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠡᠵᠡᠮᠳᠡᠬᠦ ᠴᠢᠨᠠᠷᠲᠠᠶ ᠪᠠ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠤᠰᠤᠨ ᠣᠷᠣᠨ ᠤ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠣᠷᠣᠨ ᠨᠤᠲᠤᠭ ᠤᠨ ᠴᠢᠨᠠᠷᠲᠠᠶ ᠮᠡᠷᠭᠡᠵᠢᠯ ᠤᠨ ᠪᠠᠷᠢᠮᠵᠢᠶ᠎ᠠ᠂ ᠳᠦᠷᠢᠮᠵᠢᠯ ᠤᠨ ᠵᠢᠷᠤᠮᠵᠢᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠥᠭᠡᠢ ᠦᠢᠯᠡᠳᠪᠦᠷᠢᠯᠡᠯ ᠤᠨ ᠠᠵᠢᠯ ᠢ  ᠬᠠᠤᠯᠢ ᠶᠣᠰᠣᠭᠠᠷ ᠬᠠᠷᠢᠭᠤᠴᠠᠵᠤ᠂ ᠤᠰᠤᠨ ᠴᠥᠭᠦᠷᠥᠮ᠂ ᠤᠰᠤᠨ ᠴᠠᠬᠢᠯᠭᠠᠨ ᠥᠷᠳᠡᠭᠡ ᠶᠢᠨ ᠬᠠᠰᠢᠯᠭ᠎ᠠ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ︵ᠶᠢᠰᠦ︶ ᠪᠥᠬᠦ ᠬᠤᠲᠠ ᠶᠢᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠦᠢᠯᠡᠳᠪᠦᠷᠢᠯᠡᠯ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠡᠷᠡᠭᠵᠢᠭᠦᠯᠬᠦ ᠶᠢ  ᠵᠣᠬᠢᠶᠠᠨ ᠪᠠᠶᠢᠭᠤᠯᠵᠤ ᠵᠢᠯᠣᠭᠤᠳᠤᠨ᠎ᠠ᠃      ︵ᠠᠷᠪᠠ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠤᠰᠤ ᠵᠠᠯᠠᠬᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠥᠭᠡᠢ ᠶᠢᠨ  ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠥᠬᠦᠢ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ  ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠤ  ᠡᠨᠧᠷᠭᠢ ᠶᠢᠨ ᠡᠬᠢ ᠪᠠᠶᠠᠯᠢᠭ  ᠢ ᠨᠡᠭᠡᠭᠡᠬᠦ᠂ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠪᠣᠯᠤᠨ ᠤᠰᠤᠨ ᠴᠠᠬᠢᠯᠭᠠᠨ  ᠤ ᠬᠥᠳᠡᠭᠡ ᠲᠣᠰᠬᠤᠨ ᠤ ᠴᠠᠬᠢᠯᠭᠠᠨᠵᠢᠭᠤᠯᠤᠯᠲᠠ  ᠶᠢᠨ ᠠᠵᠢᠯ  ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ︵ᠠᠷᠪᠠᠨ ᠨᠢᠭᠡ︶ ᠪᠥᠬᠦ ᠬᠤᠲᠠ ᠶᠢᠨ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ  ᠰᠢᠢᠳᠪᠦᠷᠢᠯᠡᠬᠦ᠂ ᠵᠣᠬᠢᠴᠠᠭᠤᠯᠬᠤ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠤᠰᠤᠨ ᠤ ᠬᠡᠷᠡᠭ ᠤᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠶᠢ ᠬᠠᠷᠢᠭᠤᠴᠠᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃       ︵ᠠᠷᠪᠠᠨ ᠬᠤᠶᠠᠷ︶ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠶᠡᠷ ᠤᠨ ᠤᠰᠤ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠤᠣᠯ ᠪᠣᠯᠬᠤ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠪᠠᠷᠢᠯᠭ᠎ᠠ ᠶᠢᠨ ᠦᠶᠡᠷ ᠤᠨ ᠤᠰᠤ ᠶᠢ ᠰᠡᠷᠭᠡᠶᠢᠯᠡᠬᠦ᠂ ᠭᠠᠩ ᠬᠠᠭᠰᠠᠷᠠᠭᠠᠨ ᠢ ᠡᠰᠡᠷᠭᠦᠴᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠮᠡᠳᠡᠭᠦᠯᠦᠨ ᠵᠥᠪᠰᠢᠶᠡᠷᠡᠭᠦᠯᠬᠦ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠦᠶᠡᠷᠯᠡᠭᠰᠡᠨ ᠣᠷᠣᠨ᠂ ᠦᠶᠡᠷ ᠲᠣᠭᠲᠠᠭᠠᠬᠤ ᠣᠷᠣᠨ᠂ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠦᠶᠡᠷ ᠤᠨ ᠨᠥᠯᠥᠭᠡ ᠶᠢ ᠦᠨᠡᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃       ︵ᠠᠷᠪᠠᠨ ᠭᠤᠷᠪᠠ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ ᠪᠠ ᠭᠠᠳᠠᠭᠠᠳᠤ ᠲᠠᠢ ᠠᠵᠤ ᠠᠬᠤᠶ᠂ ᠲᠧᠭᠨᠢᠭ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠶᠢ ᠵᠢᠯᠣᠭᠤᠳᠤᠨ ᠵᠣᠬᠢᠴᠠᠭᠤᠯᠤᠨ᠎ᠠ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠩᠨᠡᠭᠡᠨ ᠤ ᠪᠦᠲᠦᠭᠡᠨ ᠴᠢᠬᠤᠯᠠ ᠶᠡᠭᠡ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠳᠡᠯᠭᠡᠷᠡᠭᠦᠯᠦᠯᠲᠡ ᠶᠢ ᠵᠣᠬᠢᠶᠠᠨ       ︵ᠠᠷᠪᠠᠨ ᠳᠥᠷᠪᠡ︶ ᠬᠤᠲᠠ ᠶᠢᠨ ᠱᠠᠲᠤᠨ ᠤ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠵᠣᠬᠢᠴᠠᠭᠤᠯᠤᠨ ᠪᠠᠶᠢᠭᠤᠯᠵᠤ᠂ ᠭᠤᠤᠯ ᠨᠠᠭᠤᠷ ᠤᠨ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠲᠦᠷᠢᠮ ᠢ ᠪᠠᠶᠢᠭᠤᠯᠵᠤ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠡᠯ᠎ᠡ  ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃       ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃       ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠳᠣᠭᠢᠷᠠᠭᠤᠯᠬᠤ ᠪᠠ ᠠᠷᠪᠢᠯᠠᠨ ᠭᠠᠮᠨᠠᠵᠤ ᠬᠠᠮᠠᠭᠠᠯᠠᠬᠤ ᠶᠢ ᠦᠨᠡᠨᠬᠦ ᠴᠢᠩᠭᠠᠳᠬᠠᠬᠤ ᠬᠡᠷᠡᠭᠲᠡᠶ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠶᠢᠰᠢ ᠰᠢᠯᠵᠢᠭᠦᠯᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠵᠦᠢ ᠵᠣᠬᠢᠰᠲᠠᠶ ᠪᠠᠷ ᠤᠰᠤ ᠬᠡᠷᠡᠭᠯᠡᠬᠦ ᠬᠡᠷᠡᠭᠴᠡᠭᠡ ᠪᠠ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ