ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2021/11/17
      ︵ᠨᠢᠭᠡ︶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠰᠢᠰᠲ᠋ᠧᠮᠵᠢ ᠶᠢᠨ ᠪᠠᠶᠢᠭᠤᠯᠤᠯᠲᠠ ᠶᠢ  ᠲᠡᠭᠦᠯᠳᠡᠷᠵᠢᠭᠦᠯᠦᠨ᠎ᠡ᠃      ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ  ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠪᠠᠶᠢᠴᠠᠭᠠᠨ ᠰᠤᠳᠤᠯᠤᠯᠲᠠ ᠶᠢ ᠳᠠᠭᠠᠭᠠᠨ ᠡᠭᠦᠷᠭᠡᠯᠡᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ  ᠦᠢᠯᠡᠰ᠂ ᠣᠯᠠᠨ ᠨᠡᠶᠢᠲᠡ ᠶᠢᠨ ᠦᠶ᠋ᠯᠡᠴᠢᠯᠡᠭᠡᠨ᠂ ᠰᠠᠭᠤᠷᠢ ᠪᠡᠯᠡᠳᠬᠡᠮᠵᠢ ᠪᠠ ᠬᠥᠳᠡᠭᠡ ᠲᠣᠰᠬᠤᠨ ᠤ ᠵᠠᠰᠠᠯᠲᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ  ᠦᠢᠯᠡᠳᠪᠦᠷᠢᠯᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠠ ᠰᠢᠯᠢᠳᠡᠭ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃       ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠲᠥᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠲᠥᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠲᠠᠷᠢᠶᠠᠴᠢᠨ ᠮᠠᠯᠴᠢᠳ ᠤᠨ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ  ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ  ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠮᠠᠯᠴᠢᠨ ᠲᠠᠷᠢᠶᠠᠴᠢᠨ ᠤ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠠᠯᠠ ᠮᠥᠩᠭᠦ ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃       ︵ᠲᠥᠷᠪᠡ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠦᠯᠦᠭᠰᠡᠨ ᠡᠵᠡᠩᠨᠡᠯᠲᠡ ᠶᠢᠨ ᠲᠥᠷᠥ ᠶᠢᠨ ᠪᠤᠳᠤᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠠᠠᠳᠣ ᠠᠵᠤ  ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ  ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠠ ᠠᠵᠤ ᠦᠶᠢᠯᠡᠰᠵᠢᠭᠰᠡᠨ ᠦᠶ᠋ᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃       ︵ᠲᠠᠪᠤ︶ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠥᠬᠦᠶ ᠠᠵᠢᠯ ᠢ ᠵᠢᠯᠣᠭᠤᠳᠤᠨ᠎ᠠ᠃       ︵ᠵᠢᠷᠭᠤᠭ᠎ᠠ︶ ᠲᠠᠷᠢᠮᠠᠯ ᠤᠨ  ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ  ᠦᠢᠯᠡᠰ ᠢ ᠵᠢᠯᠣᠭᠤᠳᠤᠨ  ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠶ᠋ᠯ᠂ ᠰᠦ᠋ ᠶᠢᠨ  ᠦᠢᠯᠡᠰ᠂ ᠲᠡᠵᠢᠭᠡᠯ ᠡᠪᠡᠰᠦ ᠪᠣᠷᠳᠤᠭ᠎ᠠ ᠪᠠ ᠤᠰᠤᠨ ᠤ ᠭᠠᠷᠤᠯᠲᠠ ᠵᠡᠷᠭᠡ ᠭᠤᠤᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ  ᠦᠢᠯᠡᠳᠪᠦᠷᠢᠯᠡᠯ ᠢ ᠵᠢᠯᠣᠭᠤᠳᠴᠤ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃       ︵ᠲᠤᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠥᠭᠡᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠥᠭᠡᠢ ᠶᠢᠨ ᠪᠠᠶᠢᠳᠠᠯ ᠤᠨ ᠬᠤᠯᠪᠣᠭᠳᠠᠯ ᠪᠥᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃       ︵ᠨᠠᠢᠮᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠶ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ᠂ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ  ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠡᠷᠬᠢᠯᠳᠡᠳᠦ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠵᠢᠴᠢ ᠲᠠᠷᠢᠶᠠᠯᠠᠬᠤ ᠮᠠᠯᠵᠢᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠮᠠᠰ ᠤᠨ ᠠᠵᠤ  ᠦᠢᠯᠡᠰ ᠤᠨ  ᠬᠥᠭᠵᠢᠯᠲᠡ ᠶᠢ ᠠᠬᠢᠭᠤᠯᠤᠨ᠎ᠠ᠃      ︵ᠶᠢᠰᠦ︶ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ  ᠤᠨ ᠬᠡᠷᠡᠭᠰᠡᠯ ᠪᠣᠯᠤᠨ ᠣᠷᠣᠭᠤᠯᠤᠯᠲᠠ  ᠶᠢᠨ ᠬᠤᠯᠪᠣᠭᠳᠠᠯ ᠪᠥᠬᠦᠢ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ ᠴᠢᠬᠢ︶᠂ ᠪᠤᠷᠳᠤᠭᠤᠷ᠂ ᠡᠭᠦᠯᠳᠡᠷ  ᠤᠨ ᠮᠠᠯ ᠵᠢᠭᠦᠷᠲᠡᠨ᠂ ᠲᠠᠷᠢᠶᠠᠨ ᠡᠮ᠂ ᠮᠠᠯ  ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ᠂ ᠵᠢᠭᠠᠰᠤᠨ ᠠᠵᠤ ᠠᠬᠤᠶ᠂ ᠨᠢᠲᠤᠯᠬᠤ ᠠᠵᠢᠯ ᠲᠥᠷᠥᠯ ᠤᠨ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠬᠢᠭᠡᠳ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ  ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ︵ᠠᠷᠪᠠ︶ ᠲᠠᠷᠢᠮᠠᠯ ᠪᠣᠯᠤᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠣᠯᠤᠨ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠪᠦᠬᠦ ᠬᠤᠲᠠ ᠶᠢᠨ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠲᠡᠭᠦᠨ ᠳᠤ ᠬᠢᠨᠠᠯᠲᠠ ᠲᠠᠯᠪᠢᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠪᠠᠴᠢᠮ ᠠᠷᠭᠠᠴᠠᠨ  ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠠ ᠨᠢᠲᠤᠯᠬᠤ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯ ᠥᠬᠡᠶ ᠦᠶ᠋ᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠨᠡᠶᠢᠲᠡᠯᠡᠨ᠂ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠮᠠᠯ ᠤᠨ ᠡᠮ᠂ ᠲᠡᠵᠢᠭᠡᠯ ᠡᠪᠡᠰᠦ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠪᠠ ᠲᠣᠬᠢᠷᠠᠭᠤᠯᠤᠨ ᠲᠣᠬᠢᠷᠠᠭᠤᠯᠬᠤ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ  ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠶᠢ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃       ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ  ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠯᠠᠩ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠪᠦᠬᠦ ᠲᠠᠯ᠎ᠠ ᠪᠠᠷ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠢ ᠬᠢᠨᠠᠨ ᠵᠥᠪᠰᠢᠶᠡᠷᠡᠬᠦ ᠪᠠ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠤᠨ ᠪᠠᠯᠠ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ᠂ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ  ᠰᠢᠰᠲ᠋ᠧᠮᠵᠢ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ  ᠦᠢᠯᠡᠳᠪᠦᠷᠢᠯᠡᠵᠦ ᠡᠳ᠋ᠰᠢᠭᠦᠯᠬᠦ ᠵᠥᠪᠰᠢᠶᠡᠷᠡᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠲᠥᠷᠥᠯ ᠵᠦᠶ᠋ᠯ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃       ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠪᠠ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃       ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠲᠠᠢ ᠬᠠᠮᠲᠤᠷᠠᠯᠴᠠᠬᠤ ᠠᠵᠢᠯ ᠢ ᠲᠦᠷᠦᠭᠦᠯᠡᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠶᠢ ᠲᠤᠰᠠᠯᠠᠬᠤ ᠬᠠᠮᠢᠶ᠎ᠠ ᠪᠥᠬᠦᠶ ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ