ᠣᠷᠳᠣᠰ ᠤᠨ ︽  ᠪᠣᠳᠠᠰ ᠤᠨ ᠪᠤᠰᠤ ᠰᠣᠶᠣᠯ ᠤᠨ ᠥᠪ ᠤᠨ ᠭᠠᠴᠠᠭ᠎ᠠ︾ ᠵᠤᠭᠠᠴᠠᠭᠰᠠᠳ ᠤᠨ ᠠᠩᠬᠠᠷᠤᠯ ᠢ ᠲᠠᠲᠠᠵᠠᠢ
ᠨᠡᠶᠢᠲᠡᠯᠡᠭᠰᠡᠨ ᠴᠠᠭ᠄
2021/11/17
      ᠲᠦᠷᠦᠭᠦᠬᠡᠨ᠂ ᠥᠪᠥᠷ ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ᠨᠢ ᠰᠤᠪᠤᠷᠭ᠎ᠠ ᠭᠠᠴᠠᠭᠠᠨ ᠤ ᠪᠣᠳᠠᠰ ᠤᠨ ᠪᠤᠰᠤ  ᠰᠣᠶᠣᠯ ᠤᠨ ᠥᠪ ᠤᠨ ᠲᠥᠷᠥᠯ ᠵᠦᠢᠯ ᠡᠯᠪᠡᠭ᠂ ᠤᠯᠠᠮᠵᠢᠯᠠᠭᠴᠢ ᠲᠥᠪᠯᠡᠷᠡᠭᠰᠡᠨ  ᠳᠠᠪᠠᠭᠤᠯᠢᠭ ᠢᠶᠠᠨ ᠪᠠᠳᠠᠷᠠᠭᠤᠯᠵᠤ᠂ ᠪᠣᠳᠠᠰ ᠤᠨ ᠪᠤᠰᠤ  ᠰᠣᠶᠣᠯ ᠤᠨ ᠤᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠰᠠᠭᠤᠷᠢᠨ ᠭᠠᠵᠠᠷ ᠪᠠ ᠪᠣᠳᠠᠰ ᠤᠨ ᠪᠤᠰᠤ  ᠰᠣᠶᠣᠯ ᠤᠨ ᠥᠪ ᠢ ᠰᠤᠳᠤᠯᠤᠨ  ᠰᠤᠷᠤᠯᠴᠠᠬᠤ  ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠤᠨ᠂ ︽ᠪᠣᠳᠠᠰ ᠤᠨ ᠪᠤᠰᠤ  ᠰᠣᠶᠣᠯ ᠤᠨ ᠥᠪ ᠤᠨ  ᠭᠠᠴᠠᠭ᠎ᠠ︾ ᠶᠢ ᠴᠣᠭᠴᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠢ ᠪᠡᠶᠡᠴᠢᠯᠡᠨ ᠣᠢᠢᠯᠠᠭᠠᠬᠤ 10 ᠭᠠᠷᠤᠶ ᠲᠥᠷᠥᠯ  ᠵᠦᠢᠯ ᠢ ᠭᠠᠷᠭᠠᠨ᠂ ᠮᠠᠰᠢ ᠣᠯᠠᠨ ᠵᠤᠭᠠᠴᠠᠭᠰᠠᠳ ᠢ ᠲᠠᠲᠠᠭᠰᠠᠨ ᠪᠠᠶᠢᠨ᠎ᠠ᠃ ᠵᠢᠷᠤᠭ ᠪᠤᠯ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ  ᠭᠠᠴᠠᠭ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ  ᠨᠠᠷᠠ ︵  ᠵᠡᠭᠦᠨ ᠠᠴᠠ ᠨᠢᠭᠡᠳᠥᠭᠡᠷ︶ ᠰᠤᠷᠤᠭᠴᠢᠳ ᠲᠤ ᠮᠣᠩᠭᠤᠯ ᠦᠨᠳᠥᠰᠦᠲᠡᠨ ᠤ ᠬᠤᠪᠴᠠᠰᠤ ᠵᠠᠰᠠᠯ ᠣᠶᠣᠵᠤ ᠣᠷᠠᠯᠠᠬᠤ  ᠤᠷ᠎ᠠ ᠮᠡᠷᠭᠡᠵᠢᠯ ᠢ ᠲᠠᠶᠢᠯᠪᠤᠷᠢᠯᠠᠵᠤ ᠪᠠᠶᠢᠭ᠎ᠠ ᠨᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ