︽ᠡᠷᠡᠭᠦᠯ ᠮᠡᠨᠳᠦ ᠶᠢᠨ ᠺᠣᠳ᠋︾ ᠪᠠ ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠤᠯᠠᠮ ᠨᠢᠭᠡ ᠠᠯᠬᠤᠮ ᠵᠢᠷᠤᠮᠵᠢᠭᠤᠯᠤᠨ ᠬᠡᠷᠡᠭᠯᠡᠬᠦ ᠲᠤᠬᠠᠶ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠤ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/9
ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠮᠤᠳᠤ ᠪᠣᠭᠤᠮᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠳᠤ᠄       1 ᠰᠠᠷ᠎ᠠ ᠶᠢᠨ 13 ᠤ ᠡᠳᠦᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠵᠢᠯᠣᠭᠤᠳᠬᠤ ᠡᠮᠴᠢᠯᠡᠭᠡᠨ ᠤ ᠠᠪᠤᠷᠠᠨ ᠵᠠᠰᠠᠬᠤ ᠳᠤᠭᠤᠶᠢᠯᠠᠩ ︽︿ᠡᠷᠡᠭᠦᠯ ᠮᠡᠨᠳᠦ ᠶᠢᠨ ᠺᠣᠳ᠋﹀ ︿ᠴᠢᠮᠡᠭᠡ ᠬᠤᠯᠪᠣᠭᠠᠨ ᠤ ᠠᠶᠠᠯᠠᠯ ᠤᠨ ᠲᠣᠮᠣ ᠳ᠋ᠠᠶᠢᠲ᠋ᠠ ᠶᠢᠨ ᠺᠠᠷᠲ﹀ ᠢ ᠬᠡᠷᠡᠭᠯᠡᠨ ᠣᠯᠠᠨ ᠲᠦᠮᠡᠨ ᠤ ᠶᠠᠪᠤᠵᠤ ᠰᠠᠭᠤᠬᠤ ᠪᠠ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ︾ ᠨᠡᠶᠢᠭᠡᠮ ᠤᠨ ᠠᠯᠪᠠᠨ ᠵᠠᠷ ᠨᠡᠶᠢᠲᠡᠯᠡᠵᠦ᠂ ᠣᠯᠠᠨ ᠨᠡᠶᠢᠲᠡ ᠶᠢᠨ ᠲᠠᠯᠠᠪᠤᠷ ᠵᠢᠴᠢ ᠵᠠᠮ ᠲᠡᠭᠡᠭᠡᠪᠦᠷᠢ ᠶᠢᠨ ᠭᠤᠭᠴᠤᠭ᠎ᠠ ᠳᠤ ︽ᠢᠯᠡ ᠺᠣᠳ᠋ ᠬᠡᠷᠡᠭᠯᠡᠬᠦ︾ ᠶᠢ ᠬᠡᠷᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠳᠤ ︽ᠺᠣᠳ᠋ ᠰᠢᠷᠪᠢᠵᠦ ᠳᠠᠩᠰᠠᠯᠠᠬᠤ︾ ᠬᠡᠷᠡᠭᠯᠡᠭᠡᠨ ᠤ ᠵᠢᠷᠤᠮᠵᠢᠯ ᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠵᠠᠶ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠣᠶᠢᠯᠠᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠨᠢᠭᠡᠴᠡ ᠳᠤ ᠮᠥᠨ ᠬᠦ ︽ᠬᠤᠶᠠᠷ ᠺᠣᠳ᠋︾ ᠤᠨ ᠴᠢᠳᠠᠮᠵᠢ ᠶᠢᠨ ᠲᠤᠬᠠᠶ ᠲᠠᠨᠢᠯᠲᠠ ᠬᠦᠷᠦᠯᠴᠡᠬᠦ ᠥᠬᠡᠶ᠂ ᠬᠡᠷᠡᠭᠯᠡᠯᠲᠡ ᠨᠢ ᠵᠢᠷᠤᠮᠵᠢᠯ ᠥᠬᠡᠶ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠂ ᠮᠡᠷᠭᠡᠵᠢᠯ ᠤᠨ ᠠᠷᠭ᠎ᠠ ᠪᠠᠷᠢᠯ ᠢ ᠥᠨᠳᠥᠷ ᠪᠦᠲᠦᠮᠵᠢᠲᠡᠶ ᠬᠡᠷᠡᠭᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠶᠢᠨ ᠲᠥᠯᠥᠭᠡ᠂ ᠡᠳᠦᠭᠡ ︽ᠡᠷᠡᠭᠦᠯ ᠮᠡᠨᠳᠦ ᠶᠢᠨ ᠺᠣᠳ᠋︾ ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠤᠯᠠᠮ ᠨᠢᠭᠡ ᠠᠯᠬᠤᠮ ᠵᠢᠷᠤᠮᠵᠢᠭᠤᠯᠤᠨ ᠬᠡᠷᠡᠭᠯᠡᠬᠦ ᠠᠵᠢᠯ ᠤᠨ ᠱᠠᠭᠠᠷᠳᠠᠯᠭ᠎ᠠ ᠳᠣᠤᠷᠠᠬᠢ ᠮᠡᠲᠦ᠃       ᠨᠢᠭᠡ᠂ ︽ᠡᠷᠡᠭᠦᠯ ᠮᠡᠨᠳᠦ ᠶᠢᠨ ᠺᠣᠳ᠋︾ ᠪᠠ ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠤᠨ ᠴᠢᠳᠠᠮᠵᠢ ᠶᠢ ᠣᠨᠣᠪᠴᠢᠲᠠᠶ ᠡᠵᠡᠮᠰᠢᠬᠦ ᠬᠡᠷᠡᠭᠲᠡᠶ       ︽ᠡᠷᠡᠭᠦᠯ ᠮᠡᠨᠳᠦ ᠶᠢᠨ ᠺᠣᠳ᠋︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ ᠭᠤᠸᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠨᠢᠭᠡᠳᠦᠯᠲᠡᠶ ᠪᠠᠶᠢᠷᠢᠯᠠᠭᠤᠯᠵᠤ᠂ ᠪᠥᠬᠦ ᠤᠯᠤᠰ ᠤᠨ ᠬᠡᠪᠴᠢᠶᠡᠨ ᠳᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠨ᠎ᠡ᠃ ᠡᠭᠦᠨ ᠳᠤ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠳ ᠤᠨ ᠮᠡᠳᠡᠭᠡ ᠵᠠᠩᠭᠢ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠡ ᠵᠠᠩᠭᠢ ᠵᠢᠴᠢ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠬᠤᠪᠢ ᠬᠥᠮᠦᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠪᠠᠭᠲᠠᠨ᠎ᠠ︔ ᠰᠠᠭᠤᠭᠠᠯᠢ ᠠᠷᠠᠳ ᠤᠨ ᠮᠡᠳᠡᠭᠦᠯᠦᠭᠰᠡᠨ ᠬᠤᠪᠢ ᠬᠥᠮᠦᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠪᠠ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠦᠨᠳᠦᠰᠦᠯᠡᠨ ᠡᠮᠬᠢᠯᠡᠨ ᠨᠡᠶᠢᠯᠡᠭᠦᠯᠵᠦ᠂ ᠥᠨᠳᠥᠷ᠂ ᠳᠤᠮᠳᠠ᠂ ᠳᠣᠤᠷ᠎ᠠ ᠭᠤᠷᠪᠠᠨ  ᠵᠦᠢᠯ ᠤᠨ ᠲᠦᠭᠰᠢᠭᠦᠷᠢ ᠶᠢᠨ ᠲᠠᠰ ᠢᠶᠠᠷ ᠤᠯᠠᠭᠠᠨ᠂ ᠰᠢᠷ᠎ᠠ᠂ ᠨᠣᠭᠤᠭᠠᠨ ᠭᠡᠵᠦ ᠭᠤᠷᠪᠠᠨ ᠲᠥᠷᠥᠯ ᠳᠤ ᠬᠤᠪᠢᠶᠠᠵᠤ᠂ ︽ᠡᠷᠡᠭᠦᠯ ᠮᠡᠨᠳᠦ ᠶᠢᠨ ᠺᠣᠳ᠋︾ ᠢ ᠠᠶᠠᠨᠳᠠᠭᠠᠨ ᠪᠣᠶ ᠪᠣᠯᠭᠠᠨ᠎ᠠ᠃       ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠪᠠ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠬᠤᠷᠢᠶ᠎ᠠ ᠬᠠᠮᠲᠤᠷᠠᠨ ᠭᠠᠷᠭᠠᠵᠤ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠤᠲᠠ ᠶᠢᠨ ᠠᠶᠠᠯᠠᠯ ᠢ ᠪᠠᠶᠢᠴᠠᠭᠠᠨ ᠯᠠᠪᠯᠠᠬᠤ  ᠦᠢᠯᠡᠴᠢᠯᠡᠭᠡ ᠬᠠᠩᠭᠠᠨ᠎ᠠ᠃ ᠡᠭᠦᠨ ᠳᠤ ᠰᠠᠭᠤᠭᠠᠯᠢ ᠠᠷᠠᠳ ᠤᠨ 14 ᠡᠳᠦᠷ ᠠᠶᠢᠯᠴᠢᠯᠠᠬᠤ ᠪᠠᠷ ᠢᠷᠡᠭᠰᠡᠨ ᠤᠯᠤᠰ ︵ᠭᠠᠵᠠᠷ ᠣᠷᠣᠨ︶ ᠬᠢᠭᠡᠳ 4 ᠴᠠᠭ ᠠᠴᠠ ᠳᠡᠭᠡᠭᠰᠢ ᠰᠠᠭᠠᠲᠠᠭᠰᠠᠨ ᠤᠯᠤᠰ ᠤᠨ ᠳᠣᠲᠣᠭᠠᠳᠤ ᠶᠢᠨ ᠬᠤᠲᠠ ᠳᠤ ᠥᠩᠭᠡᠲᠦ ᠺᠠᠷᠲ ᠨᠢ ᠵᠥᠪᠬᠡᠨ ᠠᠶᠢᠯᠴᠢᠯᠠᠬᠤ ᠪᠠᠷ ᠢᠷᠡᠭᠰᠡᠨ ᠭᠠᠵᠠᠷ ᠲᠤ ᠰᠠᠨᠠᠭᠤᠯᠤᠮᠵᠢ ᠥᠭᠴᠦ᠂ ᠡᠷᠡᠭᠦᠯ ᠮᠡᠨᠳᠦ ᠶᠢᠨ ᠪᠠᠶᠢᠳᠠᠯ ᠳᠤ ᠬᠤᠯᠪᠣᠭᠳᠠᠬᠤ ᠥᠬᠡᠶ᠂ ᠥᠩᠭᠡ ᠪᠤᠳᠤᠭ ᠣᠯᠭᠤᠬᠤ ᠥᠬᠡᠶ ᠪᠠᠶᠢᠳᠠᠭ᠃       ᠬᠤᠶᠠᠷ᠂ ︽ᠢᠯᠡ ᠺᠣᠳ᠋ ᠨᠡᠪᠲᠡᠷᠡᠭᠦᠯᠬᠦ︾ ᠪᠠ ︽ᠺᠣᠳ᠋ ᠰᠢᠷᠪᠢᠵᠦ ᠳᠠᠩᠰᠠᠯᠠᠬᠤ︾ ᠶᠢ ᠵᠢᠷᠤᠮᠵᠢᠭᠤᠯᠤᠨ ᠬᠡᠷᠡᠭᠵᠢᠭᠦᠯᠦᠨ᠎ᠡ       ︵ᠨᠢᠭᠡ︶ ᠣᠯᠠᠨ ᠨᠡᠶᠢᠲᠡ ᠶᠢᠨ ᠲᠠᠯᠠᠪᠤᠷ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠭᠴᠤᠭ᠎ᠠ ᠳᠤ ︽ᠢᠯᠡ ᠪᠠᠷ ᠨᠡᠪᠲᠡᠷᠡᠬᠦ︾ ᠶᠢ ᠬᠡᠷᠡᠭᠵᠢᠭᠦᠯᠦᠨ᠎ᠡ       ︽ᠡᠷᠡᠭᠦᠯ ᠮᠡᠨᠳᠦ ᠶᠢᠨ ᠺᠣᠳ᠋︾ ᠪᠠ ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠴᠥᠮ ᠰᠠᠭᠤᠭᠠᠯᠢ ᠠᠷᠠᠳ ᠤᠨ ᠨᠡᠪᠲᠡᠷᠡᠬᠦ ᠦᠨᠡᠮᠯᠡᠯ ᠢᠶᠠᠷ ᠲᠣᠳᠣᠷᠬᠠᠶᠢᠯᠠᠵᠤ ᠪᠣᠯᠤᠨ᠎ᠠ᠃ ᠣᠯᠠᠨ ᠨᠡᠶᠢᠲᠡ ᠶᠢᠨ ᠲᠠᠯᠠᠪᠤᠷ ᠵᠢᠴᠢ ᠵᠠᠮ ᠲᠡᠭᠡᠭᠡᠪᠦᠷᠢ ᠶᠢᠨ ᠭᠤᠭᠴᠤᠭ᠎ᠠ ᠳᠤ ᠡᠷᠬᠡᠪᠰᠢ ︽ᠬᠤᠶᠠᠷ ᠺᠣᠳ᠋︾ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ᠂ ᠳᠤᠯᠠᠭᠠᠨ ᠤ ᠬᠡᠮᠵᠢᠶ᠎ᠡ ᠶᠢ ᠴᠢᠩᠭ᠎ᠠ ᠬᠡᠮᠵᠢᠬᠦ ᠬᠡᠷᠡᠭᠲᠡᠶ᠃ ︵︽ᠴᠢᠮᠡᠭᠡ ᠬᠤᠯᠪᠣᠭ᠎ᠠ ᠶᠢᠨ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠳᠤ ᠥᠩᠭᠡ ᠣᠷᠣᠭᠤᠯᠬᠤ ᠥᠬᠡᠶ᠂ ᠠᠶᠠᠯᠠᠯ ᠤᠨ ᠭᠠᠵᠠᠷ ᠲᠤ ᠵᠥᠪᠬᠡᠨ ᠬᠤᠲᠠ ᠶᠢᠨ ᠮᠡᠳᠡᠭᠡ ᠵᠠᠩᠭᠢ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢ ᠬᠢᠨᠠᠨ ᠰᠢᠯᠭᠠᠬᠤ ᠳᠤ ᠡᠷᠬᠡᠪᠰᠢ ᠴᠢᠩᠭ᠎ᠠ ᠨᠢᠮᠪᠠᠶ ᠪᠠᠶᠢᠬᠤ ᠬᠡᠷᠡᠭᠲᠡᠶ᠂ ᠴᠢᠬᠤᠯᠠ ᠲᠠᠢ ᠦᠶ᠎ᠡ ᠳᠤ ︽ᠬᠤᠶᠠᠷ ᠺᠣᠳ᠋︾ ᠢ ᠬᠠᠷᠢᠴᠠᠭᠤᠯᠤᠨ ᠵᠢᠭᠰᠠᠭᠠᠨ ᠪᠠᠶᠢᠴᠠᠭᠠᠬᠤ ᠬᠡᠷᠡᠭᠲᠡᠶ︶᠃       ︽ᠡᠷᠡᠭᠦᠯ ᠮᠡᠨᠳᠦ ᠶᠢᠨ ᠺᠣᠳ᠋︾ ᠢ ᠬᠠᠷᠭᠤᠭᠤᠯᠤᠨ ᠪᠠᠶᠢᠴᠠᠭᠠᠨ᠎ᠠ᠃ ᠰᠠᠭᠤᠭᠠᠯᠢ ᠠᠷᠠᠳ ︽ᠪᠣᠬᠢᠷᠲᠤᠯ ᠥᠬᠡᠶ︾ ᠡᠷᠡᠭᠦᠯ ᠮᠡᠨᠳᠦ ᠶᠢᠨ ᠺᠣᠳ᠋ ᠢᠶᠠᠷ ᠡᠮᠬᠢ ᠵᠢᠷᠤᠮ ᠲᠠᠢ ᠨᠡᠪᠲᠡᠷᠡᠵᠦ᠂ ᠤᠯᠠᠭᠠᠨ ᠺᠣᠳ᠋᠂ ᠰᠢᠷ᠎ᠠ ᠺᠣᠳ᠋ ᠪᠤᠶᠤ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠬᠥᠮᠦᠰ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠬᠠᠮᠢᠶᠠᠷᠤᠨ ᠡᠵᠡᠮᠳᠡᠨ᠎ᠡ᠃       ︽ᠮᠡᠳᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠬᠢᠨᠠᠨ ᠰᠢᠯᠭᠠᠨ᠎ᠠ᠃ ᠰᠠᠭᠤᠭᠠᠯᠢ ᠠᠷᠠᠳ 14 ᠡᠳᠦᠷ ᠠᠶᠢᠯᠴᠢᠯᠠᠭ᠎ᠠ ᠥᠬᠡᠶ ᠦᠶ᠎ᠡ ᠳᠤ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠪᠡᠶ᠎ᠡ ᠶᠢᠨ ᠳᠤᠯᠠᠭᠠᠨ ᠨᠢ ᠬᠡᠪ ᠤᠨ ᠶᠣᠰᠣᠭᠠᠷ ᠡᠮᠬᠢ ᠵᠢᠷᠤᠮ ᠲᠠᠢ ᠨᠡᠪᠲᠡᠷᠡᠵᠦ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠠᠶᠠᠯᠠᠯ ᠤᠨ ᠮᠡᠳᠡᠭᠡ ᠵᠠᠩᠭᠢ ᠪᠤᠶᠤ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠬᠥᠮᠦᠰ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠬᠠᠮᠢᠶᠠᠷᠤᠨ ᠡᠵᠡᠮᠳᠡᠨ᠎ᠡ᠃       ︵ᠬᠤᠶᠠᠷ︶ ᠡᠮᠴᠢᠯᠡᠭᠡᠨ ᠤ ᠪᠠᠶᠢᠭᠤᠯᠤᠮᠵᠢ ᠳᠤ ︽ᠺᠣᠳ᠋ ᠰᠢᠷᠪᠢᠵᠦ ᠳᠡᠩᠰᠡᠯᠡᠨ ᠲᠡᠮᠳᠡᠭᠯᠡᠬᠦ︾ ᠶᠢ ᠬᠡᠷᠡᠭᠵᠢᠭᠦᠯᠦᠨ᠎ᠡ       ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠬᠤᠷᠢᠶ᠎ᠠ ᠳᠤ ᠤᠷᠤᠭᠰᠠᠨ ᠪᠣᠶ ᠪᠥᠬᠦᠶ ᠬᠥᠮᠦᠰ ᠲᠤ ᠤᠷᠢᠳ ᠢᠶᠠᠷ ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠬᠠᠷᠭᠤᠭᠤᠯᠤᠨ ᠪᠠᠶᠢᠴᠠᠭᠠᠵᠤ᠂ ᠠᠶᠠᠯᠠᠯ ᠤᠨ ᠵᠠᠮ ᠢ ᠪᠠᠶᠢᠴᠠᠭᠠᠨ ᠦᠵᠡᠵᠦ᠂ ᠳᠠᠬᠢᠨ ︽ᠡᠷᠡᠭᠦᠯ ᠮᠡᠨᠳᠦ ᠶᠢᠨ ᠺᠣᠳ᠋︾ ᠢ ᠰᠢᠷᠪᠢᠬᠦ ᠪᠠᠷ ᠳᠡᠮᠵᠢᠨ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠭᠰᠠᠨ ᠮᠡᠳᠡᠭᠡ ᠵᠠᠩᠭᠢ ᠶᠢᠨ ᠳᠡᠩᠰᠡᠯᠡᠯᠲᠡ ᠶᠢ ᠭᠦᠶ᠋ᠴᠡᠳᠬᠡᠬᠦ ᠶᠢᠨ ᠬᠠᠮᠲᠤ ᠪᠡᠶ᠎ᠡ ᠶᠢᠨ ᠳᠤᠯᠠᠭᠠᠨ ᠵᠢᠴᠢ ᠬᠠᠮᠢᠭᠠᠰᠢ ᠶᠠᠪᠤᠭᠰᠠᠨ ᠴᠢᠭᠯᠡᠯ ᠢ ᠲᠡᠮᠳᠡᠭᠯᠡᠬᠦ ᠬᠡᠷᠡᠭᠲᠡᠶ︔ ᠨᠠᠰᠤᠲᠠᠶᠢᠴᠤᠳ ᠪᠠ ᠣᠶᠤᠨᠯᠢᠭ ᠭᠠᠷ ᠤᠲᠠᠰᠤ ᠬᠡᠷᠡᠭᠯᠡᠬᠦ ᠶᠢᠨ ᠠᠷᠭ᠎ᠠ ᠥᠬᠡᠶ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠨᠢ ᠪᠡᠶ᠎ᠡ ᠶᠢᠨ ᠦᠨᠡᠮᠯᠡᠯ ᠢ ᠰᠢᠷᠪᠢᠬᠦ᠂ ︽ᠡᠷᠡᠭᠦᠯ ᠮᠡᠨᠳᠦ ᠶᠢᠨ ᠺᠣᠳ᠋︾ ᠢ ᠣᠷᠣᠯᠠᠨ ᠭᠦᠶ᠋ᠴᠡᠳᠬᠡᠬᠦ ᠪᠤᠶᠤ ᠲᠦᠷ ᠴᠠᠭ ᠤᠨ ︽ᠡᠷᠡᠭᠦᠯ ᠮᠡᠨᠳᠦ ᠶᠢᠨ ᠴᠠᠭᠠᠰᠤᠨ ᠺᠣᠳ᠋︾ ᠣᠯᠭᠤᠬᠤ ᠠᠷᠭ᠎ᠠ ᠮᠠᠶ᠋ᠢᠭ ᠢᠶᠠᠷ ᠣᠷᠣᠯᠠᠭᠤᠯᠤᠨ᠎ᠠ᠃       ᠭᠤᠷᠪᠠ᠂ ︽ᠬᠤᠶᠠᠷ ᠺᠣᠳ᠋︾ ᠤᠨ ᠬᠡᠷᠡᠭᠯᠡᠯᠲᠡ ᠶᠢ ᠥᠷᠭᠡᠨ ᠢᠶᠠᠷ ᠤᠬᠠᠭᠤᠯᠬᠤ ᠪᠠ ᠵᠥᠪ ᠵᠢᠯᠣᠭᠤᠳᠤᠨ᠎ᠠ       ᠷᠠᠳᠢᠣ᠋ ᠲᠧᠯᠸᠢᠰ᠂ ᠰᠣᠨᠢᠨ ᠮᠡᠳᠡᠭᠡᠨ ᠤ ᠵᠠᠭᠤᠴᠢᠯᠠᠭᠤᠷ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠪᠤᠰᠤᠳ ᠪᠦᠲᠦᠮᠵᠢᠲᠡᠶ ᠠᠷᠭ᠎ᠠ ᠵᠠᠮ ᠢ ᠭᠦᠢᠴᠡᠳ ᠠᠰᠢᠭᠯᠠᠨ ᠤᠬᠠᠭᠤᠯᠭ᠎ᠠ ᠬᠢᠵᠦ᠂ ᠪᠤᠶ ᠪᠦᠬᠦᠢ ᠣᠯᠠᠨ ᠨᠡᠶᠢᠲᠡ ᠶᠢᠨ ᠲᠠᠯᠠᠪᠤᠷ᠂ ᠵᠠᠮ ᠬᠠᠷᠢᠯᠴᠠᠭ᠎ᠠ ᠲᠡᠭᠡᠭᠡᠪᠦᠷᠢ᠂ ᠨᠡᠶᠢᠭᠡᠮ ᠲᠣᠭᠤᠷᠢᠭ ᠵᠢᠴᠢ ᠰᠠᠭᠤᠭᠠᠯᠢ ᠠᠷᠠᠳ ᠤᠨ ᠲᠣᠭᠤᠷᠢᠭ᠂ ᠡᠮᠴᠢᠯᠡᠭᠡᠨ ᠤ ᠪᠠᠶᠢᠭᠤᠯᠤᠮᠵᠢ ᠨᠢᠭᠡᠳᠦᠯᠲᠡᠶ ᠤᠬᠠᠭᠤᠯᠭ᠎ᠠ ᠶᠢᠨ ᠵᠠᠷᠯᠠᠯ ᠨᠠᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠪᠠ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ︽ᠵᠢᠷᠤᠮᠵᠢᠭᠤᠯᠤᠭᠰᠠᠨ ︿ᠡᠷᠡᠭᠦᠯ ᠮᠡᠨᠳᠦ ᠶᠢᠨ ᠺᠣᠳ᠋﹀᠂ ︽ᠮᠡᠳᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ﹀ ᠢ ᠬᠡᠷᠡᠭᠯᠡᠨ ᠣᠯᠠᠨ ᠲᠦᠮᠡᠨ ᠤ ᠶᠠᠪᠤᠵᠤ ᠰᠠᠭᠤᠬᠤ ᠪᠠ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ︾ ᠤᠬᠠᠭᠤᠯᠭ᠎ᠠ ᠶᠢᠨ ᠵᠠᠷᠯᠠᠯ ︵ᠳᠠᠭᠠᠯᠳᠤᠭᠤᠯᠤᠯ ︶ ᠢ ᠣᠯᠠᠨ ᠤᠳᠠᠭ᠎ᠠ᠂ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ︽ᠬᠤᠶᠠᠷ ᠺᠣᠳ᠋︾ ᠤᠨ ᠴᠢᠳᠠᠮᠵᠢ ᠶᠢ ᠲᠠᠶᠢᠯᠪᠤᠷᠢᠯᠠᠨ᠂ ᠭᠤᠶᠤᠴᠢᠯᠠᠨ ᠠᠪᠬᠤ ᠶᠠᠪᠤᠴᠠ ᠶᠢ ᠵᠢᠯᠣᠭᠤᠳᠴᠤ᠂ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠭᠤᠶᠤᠴᠢᠯᠠᠨ ᠠᠪᠬᠤ ᠶᠢ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠰᠢᠬᠠᠯᠳᠤᠬᠤ ᠶᠢ ᠰᠡᠷᠭᠡᠶᠢᠯᠡᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠯᠢ ᠳ᠋ᠦᠩ ᠪᠥᠸᠧ ᠲᠠᠢ ᠬᠠᠷᠢᠯᠴᠠᠵᠤ ︽ᠵᠢᠷᠤᠮᠵᠢᠭᠤᠯᠤᠭᠰᠠᠨ ︿ᠡᠷᠡᠭᠦᠯ ᠮᠡᠨᠳᠦ ᠶᠢᠨ ᠺᠣᠳ᠋﹀᠂ ︽ᠮᠡᠳᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠢ ᠠᠪᠴᠤ ᠣᠯᠠᠨ ᠲᠦᠮᠡᠨ ᠤ ᠶᠠᠪᠤᠵᠤ ᠰᠠᠭᠤᠬᠤ ᠪᠠ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ︾ ᠤᠬᠠᠭᠤᠯᠭ᠎ᠠ ᠶᠢᠨ ᠵᠠᠷᠯᠠᠯ᠂ ᠸᠢᠴᠠᠲ ᠤᠨ ᠤᠬᠠᠭᠤᠯᠭ᠎ᠠ ᠶᠢᠨ ᠨᠢᠭᠤᠷ ᠤᠨ ᠡᠯᠧᠺᠲᠷᠣᠨ ᠬᠡᠪᠯᠡᠯ ︵0478 — 8762015︶ ᠢ ᠠᠪᠤᠭᠠᠷᠠᠶ᠃           ᠪᠠᠶᠠᠨᠨᠠᠭᠤᠷ ᠬᠤᠲᠠ ᠶᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ  ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                     2021 ᠣᠨ ᠤ 1 ᠰᠠᠷ᠎ᠠ ᠶᠢᠨ 20 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ