ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ( ᠨᠢᠭᠡ )
ᠨᠡᠶᠢᠲᠡᠯᠡᠭᠰᠡᠨ ᠴᠠᠭ᠄
2021/12/14
      ᠪᠠᠶᠠᠨᠨᠠᠭᠤᠷ ᠵᠠᠰᠠᠭ ᠲᠠᠷᠬᠠᠭᠠᠭᠰᠠᠨ ﹇2021﹈ 2 ᠳ᠋ᠤᠭᠠᠷ ᠲᠣᠭᠠᠲᠤ      ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠶ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ  ᠣᠨᠴᠠᠭᠠᠶᠢᠯᠠᠨ ᠨᠡᠶᠢᠲᠡᠯᠡᠪᠡ᠃       ᠨᠢᠭᠡ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠤᠨ᠎ᠠ︔ 9 ᠰᠠᠷ᠎ᠠ ᠶᠢᠨ 15 — 11 ᠰᠠᠷ᠎ᠠ ᠶᠢᠨ 15 ᠤ ᠡᠳᠦᠷ᠃ ᠡᠭᠦᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭ᠎ᠠ ᠨᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 20 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠤᠨ᠎ᠠ︔ 9 ᠰᠠᠷ᠎ᠠ ᠶᠢᠨ 20 — 11 ᠰᠠᠷ᠎ᠠ ᠶᠢᠨ 10 ᠤ ᠡᠳᠦᠷ᠃       ᠬᠤᠶᠠᠷ᠂ ᠮᠤᠨᠠ ᠠᠭᠤᠯᠠ ᠶᠢᠨ ᠡᠭᠦᠰᠦᠮᠡᠯ ᠣᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠣᠷᠣᠨ᠂ ᠤᠯᠤᠰ ᠤᠨ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ ᠣᠷᠣᠨ᠂ G6᠂ G7᠂ 110ᠤᠯᠤᠰ ᠤᠨ ᠵᠠᠮ ᠂ 242 ᠤᠯᠤᠰ ᠤᠨ ᠵᠠᠮ ᠂ 212 ᠮᠤᠵᠢ ᠶᠢᠨ ᠵᠠᠮ ᠂ 215 ᠮᠤᠵᠢ ᠶᠢᠨ ᠵᠠᠮ ᠂ 315 ᠮᠤᠵᠢ ᠶᠢᠨ ᠵᠠᠮ  ︵ᠬᠠᠲᠤᠨ ᠭᠤᠤᠯ ᠳᠠᠭᠠᠤ ᠶᠢᠨ ᠵᠠᠰᠠᠮᠠᠯ ᠵᠠᠮ︶᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 300 ᠮᠧᠲᠷ ᠤᠨ ᠬᠡᠪᠴᠢᠶᠡᠨ ᠳᠣᠲᠣᠷ᠎ᠠ᠂ ᠤᠯᠤᠰ ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠤᠷᠠᠳ ᠤᠨ ᠨᠤᠲᠤᠭ ᠪᠡᠯᠴᠢᠭᠡᠷ ᠢ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠣᠷᠣᠨ ᠪᠣᠯᠭᠠᠨ᠎ᠠ᠃       ᠭᠤᠷᠪᠠ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠶ᠄       ︵ᠨᠢᠭᠡ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠪᠤᠯᠠᠰᠢᠨ ᠳᠤ ᠭᠠᠷᠭᠠᠵᠤ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ ᠂ ᠪᠤᠵᠠᠷ ᠡᠪᠡᠰᠦ᠂ ᠡᠰᠢ ᠰᠦᠷᠡᠯ ᠰᠢᠲᠠᠭᠠᠬᠤ᠂ ᠰᠢᠷᠠᠵᠤ ᠰᠢᠷᠠᠬᠤ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃       ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ ᠬᠡᠷᠡᠭᠲᠡᠶ ᠨᠢᠭᠡᠴᠡ ᠪᠠ ᠰᠠᠭᠤᠭᠠᠯᠢ ᠠᠷᠠᠳ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠬᠡᠭᠡᠷ᠎ᠡ ᠭᠠᠳᠠᠨ᠎ᠠ ᠦᠨᠡᠨᠬᠦ ᠭᠠᠯ ᠬᠡᠷᠡᠭᠯᠡᠬᠦ ᠴᠢᠬᠤᠯᠠ ᠲᠠᠢ ᠨᠢᠭᠡᠴᠡ ᠪᠤᠶᠤ ᠬᠤᠪᠢ ᠬᠥᠮᠦᠨ ᠪᠣᠯ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠯᠡᠵᠦ ᠪᠣᠯᠤᠨ᠎ᠠ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠲᠠᠢ ᠴᠠᠭ ᠠᠭᠤᠷ᠂ ᠣᠶ ᠶᠢᠨ ᠵᠠᠬ᠎ᠠ ᠠᠴᠠ 300 ᠮᠧᠲᠷ ᠤᠨ ᠬᠡᠪᠴᠢᠶᠡᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠳᠤᠮ ᠤᠨ ᠬᠡᠷᠡᠭᠯᠡᠭᠡᠨ ᠤ ᠭᠠᠯ ᠳᠤ ᠡᠷᠬᠡᠪᠰᠢ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠴᠢᠳᠬᠤᠬᠤ ᠨᠦᠭᠡ ᠵᠡᠷᠭᠡ ᠶᠢ ᠭᠠᠷᠭᠠᠬᠤ ᠬᠡᠷᠡᠭᠲᠡᠶ᠂ ᠭᠠᠯ ᠭᠠᠷᠠᠭ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠠᠯ ᠢ ᠰᠡᠷᠭᠡᠶᠢᠯᠡᠬᠦ ᠲᠤᠰᠠᠭᠠᠷᠯᠠᠬᠤ ᠣᠷᠣᠨ ᠤ ᠡᠷᠬᠢᠨ ᠲᠣᠭᠤᠷᠢᠨ ᠳᠤ ᠠᠰᠬᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃       ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ  ᠤᠨ ᠠᠵᠢᠯᠯᠠᠬᠤ ᠭᠠᠵᠠᠷ᠂ ᠵᠢᠭᠤᠯᠴᠢᠯᠠᠯ ᠤᠨ ᠢᠳᠡᠭᠡᠨ ᠤᠮᠳᠠᠭᠠᠨ  ᠤ ᠭᠠᠵᠠᠷ ᠤᠳ ᠡᠷᠬᠡᠪᠰᠢ ᠲᠤᠰᠬᠠᠶ ᠳᠤᠰᠢᠶᠠᠯᠳᠤ ᠤᠢ ᠬᠠᠮᠠᠭᠠᠯᠠᠭᠴᠢ ᠪᠣᠯᠤᠨ ᠭᠠᠯ ᠤᠨᠲᠠᠷᠠᠭᠠᠬᠤ ᠮᠠᠰᠢᠨ ᠪᠠᠭᠠᠵᠢ ᠲᠣᠬᠢᠷᠠᠭᠤᠯᠵᠤ᠂ ᠭᠠᠯ ᠰᠡᠷᠭᠡᠶᠢᠯᠡᠬᠦ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠦᠬᠦᠨ ᠢ  ᠴᠥᠮ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃       ︵ᠲᠦᠷᠪᠡ︶ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠦᠨᠡᠨ ᠰᠤᠮᠤᠨ ᠤ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ