ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ( ᠬᠤᠶᠠᠷ )
ᠨᠡᠶᠢᠲᠡᠯᠡᠭᠰᠡᠨ ᠴᠠᠭ᠄
2021/12/14
      ︵ᠲᠠᠪᠤ︶ ᠴᠢᠩᠭ᠎ᠠ ᠰᠡᠷᠭᠡᠶᠢᠯᠡᠯᠲᠡ ᠶᠢᠨ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠲᠤ ᠭᠠᠯ ᠰᠡᠷᠭᠡᠶᠢᠯᠡᠬᠦ ᠠᠶᠤᠯᠭᠦᠶ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠨᠠᠰᠢ ᠴᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠰᠠᠭᠤᠳᠠᠯ ᠤᠨ ᠠᠵᠢᠯᠲᠠᠨ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠭᠡᠵᠦ ᠮᠡᠳᠡᠬᠦ ᠭᠠᠯ ᠤᠨ ᠲᠥᠷᠥᠯ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃       ︵ᠵᠢᠷᠭᠤᠭ᠎ᠠ︶ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠳᠠᠷᠦ᠋ᠢᠬᠠᠨ ᠮᠡᠳᠡᠭᠦᠯᠵᠦ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠦᠭᠰᠢᠭᠦᠷᠢ ᠮᠡᠳᠡᠭᠦᠯᠬᠦ ᠳᠤ ᠨᠥᠬᠦᠴᠡᠯ ᠥᠬᠡᠶ ᠪᠠᠷ ᠲᠥᠬᠦᠮ ᠦᠵᠡᠭᠦᠯᠬᠦ ᠬᠡᠷᠡᠭᠲᠡᠶ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠰᠡᠷᠡᠮᠵᠢ ᠶᠢᠨ ᠳᠣᠬᠢᠶᠠᠨ ᠤ ᠤᠲᠠᠰᠤ᠄ 12119᠃       ︵ᠳᠣᠯᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠪᠣᠭᠤᠮᠲᠠ ᠪᠠᠶᠢᠷᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠵᠤ ᠭᠠᠷᠬᠤ ᠭᠠᠵᠠᠷ ᠲᠤ ᠪᠠᠶᠢᠴᠠᠭᠠᠬᠤ ᠥᠷᠲᠡᠭᠡ ᠴᠢᠬ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠭᠤᠯᠵᠤ᠂ ᠭᠠᠯ ᠤᠨ ᠢᠷᠡᠯᠲᠡ ᠶᠢᠨ ᠭᠠᠯ ᠤᠨ ᠲᠥᠷᠥᠯ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠵᠡᠷᠭᠡ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠦᠰ ᠢ ᠱᠦᠭᠦᠷᠳᠡᠨ ᠠᠷᠢᠯᠭᠠᠵᠤ ᠲᠣᠭᠲᠠᠭᠠᠯ ᠶᠣᠰᠣᠭᠠᠷ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ ᠪᠠᠶᠢᠴᠠᠭᠠᠬᠤ ᠶᠢ ᠬᠠᠷᠰᠢᠯᠠᠵᠤ᠂ ᠪᠠᠶᠢᠴᠠᠭᠠᠬᠤ ᠶᠢ ᠲᠡᠪᠴᠢᠵᠦ ᠪᠣᠯᠬᠤ ᠦᠭᠡᠢ᠃       ᠳᠡᠭᠡᠷᠡᠬᠢ ᠲᠣᠭᠲᠠᠭᠠᠯ ᠠᠴᠠ ᠵᠥᠷᠢᠴᠡᠭᠰᠡᠨ ᠪᠦᠬᠦᠨ ᠢ ᠬᠤᠰᠢᠭᠤ ᠰᠢᠶᠠᠨ ᠲᠣᠭᠤᠷᠢᠭ ᠤᠨ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠶᠢᠨ ᠬᠠᠮᠲᠤ ᠢᠯᠡ ᠪᠠᠷ ᠨᠡᠶᠢᠲᠡᠯᠡᠨ ᠢᠯᠡᠴᠢᠯᠡᠨ᠎ᠡ︔ ᠠᠯᠪᠠᠨ ᠲᠤᠰᠢᠶᠠᠯᠲᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ ᠬᠤᠯᠪᠣᠭᠳᠠᠭᠰᠠᠨ ᠰᠦᠪᠡᠭᠴᠢ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭ ᠲᠤᠬᠠᠶ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦ ᠬᠡᠷᠡᠭᠲᠡᠶ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠳᠥᠷᠪᠡ᠂ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ  ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠣᠶ ᠰᠢᠭᠤᠶ ᠬᠠᠮᠠᠭᠠᠯᠠᠭᠴᠢ᠂ ᠡᠪᠡᠰᠦ ᠬᠠᠮᠠᠭᠠᠯᠠᠭᠴᠢ ᠪᠠ ᠲᠣᠤᠷᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠠ ᠬᠠᠷᠢᠭᠤᠴᠠᠯᠭᠠᠲᠤ ᠨᠢᠭᠡᠴᠡ ᠨᠦᠭᠦᠳ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠲᠦᠷᠢᠮ ᠢ ᠬᠡᠷᠡᠭᠵᠢᠭᠦᠯᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠡᠩᠨᠡᠭᠡ ᠨᠦᠭᠦᠳ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃       ᠲᠠᠪᠤ᠂ ᠪᠤᠰᠤᠳ ᠭᠤᠤᠯᠳᠠᠯᠭ᠎ᠠ ᠲᠠᠢ ᠭᠠᠵᠠᠷ ᠲᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠶᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ᠂ ᠡᠯ᠎ᠡ ᠬᠤᠰᠢᠭᠤ ᠰᠢᠶᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃                                ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                     2021 ᠣᠨ ᠤ 3 ᠰᠠᠷ᠎ᠠ ᠶᠢᠨ 15                                 ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ