ᠪᠦᠬᠦ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ  ︵ᠨᠢᠭᠡ︶
ᠨᠡᠶᠢᠲᠡᠯᠡᠭᠰᠡᠨ ᠴᠠᠭ᠄
2021/12/14
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠵᠢᠴᠢ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠳᠤ᠄       ᠡᠨᠡ ᠵᠢᠯ ᠠᠴᠠ ᠨᠠᠰᠢ᠂ ︽ᠯᠠᠨᠢᠨᠠ ᠶᠢᠨ ᠬᠡᠷᠡᠭ︾ ᠤᠨ ᠨᠥᠯᠥᠭᠡ ᠪᠠᠷ᠂ ᠮᠠᠨ ᠤ ᠬᠤᠲᠠ ᠶᠢᠨ ᠴᠠᠭ ᠠᠭᠤᠷ ᠨᠡᠯᠢᠶᠡᠳ ᠪᠤᠳᠤᠯᠢᠶᠠᠨᠲᠠᠶ ᠪᠥᠭᠡᠳ ᠬᠡᠪ ᠤᠨ ᠪᠤᠰᠤ ᠪᠠᠶᠢᠵᠤ᠂ ᠣᠨᠴᠠᠭᠠᠶ ᠴᠠᠭ ᠠᠭᠤᠷ ᠤᠨ ᠬᠡᠷᠡᠭ ᠪᠠᠶᠢᠨ ᠳᠠᠬᠢᠨ ᠭᠠᠷᠴᠤ ᠪᠠᠶᠢᠨ᠎ᠠ᠃ 1 ᠳ᠋ᠦᠭᠡᠷ ᠰᠠᠷ᠎ᠠ ᠶᠢᠨ ᠰᠢᠨᠡᠳ ᠢᠶᠠᠷ ᠠᠭᠠᠷ ᠤᠨ ᠳᠤᠯᠠᠭᠠᠨ ᠣᠨᠴᠠᠭᠠᠶ ᠳᠣᠤᠷ᠎ᠠ ᠪᠠᠶᠢᠵᠤ᠂ 2 ᠳ᠋ᠤᠭᠠᠷ ᠰᠠᠷ᠎ᠠ ᠶᠢᠨ ᠳᠤᠮᠳᠠᠴᠢ᠂ 3 ᠳ᠋ᠤᠭᠠᠷ ᠰᠠᠷ᠎ᠠ ᠶᠢᠨ ᠰᠢᠨᠡᠳ ᠢᠶᠠᠷ ᠠᠭᠠᠷ ᠤᠨ ᠳᠤᠯᠠᠭᠠᠨ ᠣᠨᠴᠠᠭᠠᠶ ᠥᠨᠳᠥᠷ ᠪᠠᠶᠢᠵᠤ᠂ 4 ᠬᠤᠰᠢᠭᠤ ᠰᠢᠶᠠᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ ᠠᠳᠠᠯᠢ ᠬᠤᠭᠤᠴᠠᠭᠠᠨ ᠤ ᠲᠡᠤᠬᠡ ᠶᠢᠨ ᠲᠦᠢᠯ ᠤᠨ ᠬᠡᠮᠵᠢᠭᠳᠡᠯ ᠠᠴᠠ ᠳᠠᠪᠠᠪᠠ︔ 3 ᠰᠠᠷ᠎ᠠ ᠠᠴᠠ 5 ᠰᠠᠷ᠎ᠠ ᠳᠤ᠂ ᠲᠦᠢᠯ ᠤᠨ ᠶᠡᠭᠡ ᠪᠣᠷᠣᠭᠠᠨ ᠤᠷᠤᠭᠰᠠᠨ ᠬᠡᠷᠡᠭ ᠭᠠᠷᠴᠠᠶ᠃ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 10 ᠭᠠᠷᠤᠶ ᠤᠳᠠᠭᠠᠨ ᠤ ᠶᠡᠭᠡ ᠬᠡᠪᠴᠢᠶᠡᠨ ᠤ ᠡᠯᠡᠰᠦᠨ ᠰᠢᠭᠤᠷᠭᠠᠲᠤ ᠴᠠᠭ ᠠᠭᠤᠷ ᠤᠨ ᠶᠠᠪᠤᠴᠠ ᠢᠯᠡᠷᠡᠵᠦ᠂ ᠣᠶᠢᠷ᠎ᠠ ᠶᠢᠨ 30 ᠵᠢᠯ ᠤᠨ ᠠᠳᠠᠯᠢ ᠬᠤᠭᠤᠴᠠᠭᠠᠨ ᠳᠤ ᠬᠠᠮᠤᠭ ᠤᠨ ᠣᠯᠠᠨ ᠪᠣᠯᠤᠭᠰᠠᠨ ᠪᠥᠭᠡᠳ ᠬᠦᠴᠦᠯᠡᠴᠡ ᠨᠢ ᠶᠡᠭᠡ᠂ ᠦᠷᠭᠦᠯᠵᠢᠯᠡᠭᠰᠡᠨ ᠴᠠᠭ ᠨᠢ ᠣᠷᠳᠣ ᠵᠡᠷᠭᠡ ᠣᠨᠴᠠᠯᠢᠭ ᠲᠠᠢ ᠪᠣᠯᠵᠠᠶ᠃ ᠴᠠᠭ ᠠᠭᠤᠷ ᠤᠨ ᠰᠠᠯᠠᠭ᠎ᠠ ᠮᠥᠴᠢᠷ ᠤᠨ ᠲᠥᠰᠦᠭᠡᠯᠡᠭᠰᠡᠨ ᠢᠶᠠᠷ᠂ ᠡᠨᠡ ᠵᠢᠯ ᠤᠨ ᠪᠦᠬᠦ ᠬᠤᠲᠠ ᠶᠢᠨ ᠠᠭᠤᠷ ᠠᠮᠢᠰᠬᠤᠯ ᠤᠨ ᠣᠨ ᠤ ᠪᠠᠶᠢᠳᠠᠯ ᠶᠡᠷᠦᠩᠬᠡᠶ ᠳᠡᠭᠡᠨ ᠡᠩ ᠤᠨ ᠪᠠᠶᠢᠳᠠᠯ ᠠᠴᠠ ᠵᠥᠷᠢᠶ᠎ᠡ ᠭᠠᠷᠴᠤ᠂ ᠲᠦᠢᠯ ᠤᠨ ᠶᠡᠭᠡ ᠴᠠᠭ ᠠᠭᠤᠷ ᠬᠡᠷᠡᠭ ᠠᠴᠠ ᠪᠣᠯᠤᠭᠰᠠᠨ ᠭᠠᠶ ᠭᠠᠮᠰᠢᠭ ᠨᠡᠯᠢᠶᠡᠳ ᠣᠯᠠᠨ ᠪᠠᠶᠢᠵᠤ᠂ ᠦᠶᠡᠷ ᠤᠨ ᠬᠤᠭᠤᠴᠠᠭ᠎ᠠ ︵6 — 8 ᠰᠠᠷ᠎ᠠ︶ ᠶᠢᠨ ᠪᠥᠬᠦ ᠬᠤᠲᠠ ᠶᠢᠨ ᠲᠤᠨᠳᠠᠰᠤᠨ ᠤ ᠬᠡᠮᠵᠢᠶ᠎ᠡ 100.0 — 222.1 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 2 — 5 ᠬᠤᠪᠢ ᠢᠯᠡᠭᠦᠤ ᠪᠠᠶᠢᠵᠤ ᠂ ᠣᠬᠤᠷ ᠴᠠᠭ ᠤᠨ ᠰᠢᠷᠦᠭᠦᠨ ᠪᠣᠷᠣᠭᠠᠨ᠂ ᠮᠥᠨᠳᠥᠷ᠂ ᠠᠶᠤᠩᠭᠠᠲᠤ ᠪᠣᠷᠣᠭᠠᠨ ᠶᠡᠭᠡ ᠰᠠᠯᠬᠢ ᠵᠡᠷᠭᠡ ᠬᠦᠴᠦᠲᠡᠶ ᠰᠣᠯᠢᠭ ᠤᠷᠤᠰᠬᠠᠯ ᠤᠨ ᠴᠠᠭ ᠠᠭᠤᠷ ᠤᠨ ᠢᠯᠡᠷᠡᠬᠦ ᠤᠳᠠᠭ᠎ᠠ ᠨᠢ ᠨᠡᠯᠢᠶᠡᠳ ᠥᠨᠳᠥᠷ ᠪᠠᠶᠢᠵᠤ᠂ ᠣᠬᠤᠷ ᠴᠠᠭ ᠤᠨ ᠰᠢᠷᠦᠭᠦᠨ ᠪᠣᠷᠣᠭᠠᠨ ︵ᠰᠢᠷᠦᠭᠦᠨ ᠪᠣᠷᠣᠭᠠᠨ︶ ᠠᠴᠠ ᠪᠣᠯᠤᠭᠰᠠᠨ ᠬᠤᠲᠠ ᠶᠢᠨ ᠤᠰᠤᠲᠤᠯ ᠂ ᠳᠤᠮᠳᠠ ᠵᠢᠵᠢᠭ ᠭᠤᠤᠯ ᠮᠥᠷᠡᠨ ᠤ ᠦᠶᠡᠷ᠂ ᠠᠭᠤᠯᠠᠨ ᠦᠶᠡᠷ᠂ ᠰᠢᠪᠠᠷ ᠴᠢᠯᠠᠭᠤᠨ  ᠤᠷᠤᠰᠬᠠᠯ ᠵᠡᠷᠭᠡ ᠭᠠᠵᠠᠷ ᠤᠨ ᠭᠠᠶ ᠭᠠᠮᠰᠢᠭ ᠤᠨ ᠲᠦᠭᠰᠢᠭᠦᠷᠢ ᠨᠡᠯᠢᠶᠡᠳ ᠥᠨᠳᠥᠷ ᠪᠠᠶᠢᠳᠠᠭ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠠᠭ ᠠᠭᠤᠷ ᠤᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠡᠳᠦᠭᠡ ᠬᠤᠯᠪᠣᠭᠳᠠᠯ ᠪᠥᠬᠦᠢ ᠤᠴᠢᠷ  ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠨ᠎ᠠ       ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ ᠢ ᠤᠯᠠᠮ ᠨᠢᠭᠡ ᠠᠯᠬᠤᠮ ᠲᠣᠳᠣᠷᠬᠠᠶ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ︽ᠰᠡᠷᠭᠡᠶᠢᠯᠡᠬᠦ ᠨᠢ ᠭᠠᠮᠰᠢᠭ ᠠᠴᠠ ᠠᠪᠤᠷᠠᠬᠤ ᠠᠴᠠ ᠢᠯᠡᠭᠦᠤ︾ ᠭᠡᠬᠦ ᠣᠨᠣᠯᠵᠢᠬᠤᠨ ᠢ ᠪᠠᠲᠤ ᠪᠣᠶ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠲᠣᠭᠤᠷᠢᠭ ᠤᠨ ᠭᠤᠤᠯ ᠤᠳᠤᠷᠢᠳᠤᠯᠭ᠎ᠠ ᠪᠣᠯ ᠭᠠᠮᠰᠢᠭ ᠢ ᠰᠡᠷᠭᠡᠶᠢᠯᠡᠬᠦ ᠨᠢᠭᠡᠳᠦᠭᠡᠷ ᠬᠠᠷᠢᠭᠤᠴᠠᠯᠭᠠᠲᠠᠨ ᠮᠥᠨ᠂ ᠪᠡᠶ᠎ᠡ ᠪᠠᠷ ᠢᠶᠠᠨ ᠠᠰᠠᠭᠤᠨ ᠪᠠᠶᠢᠴᠠᠭᠠᠵᠤ᠂ ᠰᠠᠯᠠᠭ᠎ᠠ ᠮᠥᠴᠢᠷ᠂ ᠠᠵᠢᠯ ᠲᠥᠷᠥᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ  ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶ ᠠᠳᠬᠤᠵᠤ ᠨᠠᠷᠢᠨ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠡᠯ᠎ᠡ ᠱᠠᠲᠤᠨ ᠤ ᠭᠤᠤᠯ ︵ᠨᠠᠭᠤᠷ︶ ᠤᠨ ᠳᠠᠷᠤᠭ᠎ᠠ ᠨᠠᠷ ᠬᠤᠯᠪᠣᠭᠳᠠᠯ ᠪᠥᠬᠦᠶ ᠲᠣᠭᠲᠠᠭᠠᠯ ᠪᠠ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠦᠶᠡᠷ ᠤᠨ ᠪᠠᠶᠢᠳᠠᠯ ᠢ ᠨᠢᠭᠲᠠ ᠮᠥᠷᠳᠡᠵᠦ᠂ ᠪᠠᠭᠤᠷᠠᠶ ᠭᠤᠭᠴᠤᠭ᠎ᠠ ᠪᠠ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠵᠢᠭᠯᠠᠵᠤ᠂ ᠬᠠᠮᠤᠭ ᠤᠨ ᠲᠡᠷᠢᠭᠦᠨ ᠳᠤ ᠲᠤᠬᠠᠶ ᠶᠢᠨ ᠲᠠᠯᠠᠪᠤᠷ ᠲᠤ ᠬᠦᠷᠴᠦ ᠂ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃       ᠬᠤᠶᠠᠷ᠂ ᠭᠠᠮᠰᠢᠭ ᠤᠨ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ       ᠬᠤᠲᠠ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠴᠠᠭ ᠠᠭᠤᠷ᠂ ᠤᠰᠤᠨ ᠵᠦᠶ ᠶᠢᠨ ᠰᠠᠯᠠᠭ᠎ᠠ ᠮᠥᠴᠢᠷ ᠤᠳ ᠴᠠᠭ ᠠᠭᠤᠷ ᠪᠣᠯᠤᠨ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠬᠢᠨᠠᠨ ᠠᠵᠢᠭᠯᠠᠵᠤ᠂ ᠴᠠᠭ ᠠᠭᠤᠷ ᠤᠨ ᠳᠡᠭᠡᠳᠦ ᠳᠣᠤᠷᠠᠳᠤ ᠤᠷᠤᠰᠬᠠᠯ ᠤᠨ ᠨᠥᠯᠥᠭᠡᠯᠡᠬᠦ ᠥᠷᠲᠡᠭᠡᠨ ᠤ ᠲᠠᠪᠴᠠᠩ ᠤᠨ ᠬᠤᠭᠤᠷᠣᠨᠳᠣᠬᠢ ᠭᠠᠮᠰᠢᠭᠲᠤ ᠴᠠᠭ ᠠᠭᠤᠷ ᠢ ᠬᠢᠨᠠᠨ ᠬᠡᠮᠵᠢᠬᠦ ᠪᠣᠳᠠᠲᠤ ᠪᠠᠶᠢᠳᠠᠯ᠂ ᠭᠠᠮᠰᠢᠭ ᠤᠨ ᠪᠠᠶᠢᠳᠠᠯ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠮᠤᠭ ᠲᠡᠷᠢᠭᠦᠨ ᠳᠤ ᠵᠥᠪᠳᠡᠯᠴᠡᠬᠦ ᠶᠢ ᠪᠡᠶᠡᠯᠡᠭᠦᠯᠬᠦ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠬᠢᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠭᠰᠠᠨ ᠬᠤᠳᠠᠯᠳᠤᠭ᠎ᠠ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ︔ ᠰᠣᠶᠣᠯ ᠤᠨ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠤᠲᠠ ᠶᠢᠨ ᠪᠥᠲᠥᠭᠡᠨ ᠪᠠᠶᠢᠭᠤᠯᠤᠯᠲᠠ᠂ ᠡᠨᠧᠷᠭᠢ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠴᠠᠭ ᠠᠭᠤᠷ ᠤᠨ ᠰᠠᠯᠠᠭ᠎ᠠ ᠮᠥᠴᠢᠷ ᠯᠦᠭᠡ ᠬᠡᠷᠡᠭᠴᠡᠭᠡ ᠱᠠᠭᠠᠷᠳᠠᠯᠭ᠎ᠠ ᠪᠠᠨ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠶ᠃ ᠭᠠᠷ ᠤᠲᠠᠰᠤᠨ ᠤ ᠣᠬᠤᠷ ᠮᠡᠳᠡᠭᠡ᠂ ᠷᠠᠳᠢᠣ᠋ ᠨᠡᠪᠲᠡᠷᠡᠭᠦᠯᠭᠡ ᠲᠧᠯᠸᠢᠰ᠂ ᠰᠦᠯᠵᠢᠶᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠶ᠋ᠴᠡᠳ ᠠᠰᠢᠭᠯᠠᠨ᠂ ᠭᠠᠩ ᠤᠨ ᠪᠠᠶᠢᠳᠠᠯ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠠ ᠭᠠᠵᠠᠷ ᠤᠨ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠬᠠᠨᠳᠤᠰᠢ ᠵᠢᠴᠢ ᠵᠡᠷᠭᠡ ᠳᠡᠰ ᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠲᠦᠮᠡᠨ ᠤ ᠠᠶᠤᠯ ᠠᠴᠠ ᠵᠠᠶᠢᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠬᠤ ᠪᠠ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠳᠤ ᠴᠠᠭ ᠪᠠ ᠰᠠᠨᠠᠭᠠᠴᠢᠯᠠᠭᠠᠲᠤ ᠡᠷᠬᠡ ᠶᠢ ᠣᠯᠵᠤ ᠥᠭᠬᠦ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ