ᠪᠦᠬᠦ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ  ︵  ᠬᠤᠶ᠋ᠷ︶
ᠨᠡᠶᠢᠲᠡᠯᠡᠭᠰᠡᠨ ᠴᠠᠭ᠄
2021/12/14
      ᠭᠤᠷᠪᠠ᠂ ᠴᠠᠭ ᠠᠭᠤᠷ  ᠤᠨ ᠭᠠᠮᠰᠢᠭ  ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ       ᠡᠯ᠎ᠡ ᠬᠤᠰᠢᠭᠤ ᠰᠢᠶᠠᠨ ᠲᠣᠭᠤᠷᠢᠭ ᠨᠢ ᠳᠠᠷᠤᠶ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠵᠤ ᠪᠠᠶᠢᠭᠠᠳ ᠭᠠᠮᠰᠢᠭ ᠤᠨ ᠳᠠᠯᠳᠠ ᠬᠡᠮ ᠢ ᠳᠠᠬᠢᠨ ᠡᠮᠬᠢᠯᠡᠨ ᠳᠠᠬᠢᠨ ᠵᠢᠭᠰᠠᠭᠠᠨ ᠪᠠᠶᠢᠴᠠᠭᠠᠵᠤ ᠳᠠᠬᠢᠨ ᠴᠡᠭᠴᠡᠯᠡᠨ ᠵᠠᠰᠠᠵᠤ᠂ ᠬᠤᠭᠤᠰᠣᠨ ᠵᠠᠶ ᠦᠯᠡᠳᠡᠭᠡᠬᠦ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠲᠥᠷᠥᠯ ᠤᠨ ᠠᠶᠤᠯ ᠠᠴᠠ ᠠᠪᠤᠷᠠᠵᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠪᠠᠶᠢᠴᠠᠭᠠᠯᠲᠠ ᠦᠨᠡᠯᠡᠯᠲᠡ ᠬᠢᠵᠦ᠂ ᠴᠠᠭ ᠲᠤᠬᠠᠶ ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ ᠰᠡᠷᠭᠡᠶᠢᠯᠡᠬᠦ᠂ ᠠᠶᠤᠯ ᠠᠴᠠ ᠠᠪᠤᠷᠠᠬᠤ᠂ ᠤᠬᠤᠷᠢᠭᠤᠯᠬᠤ᠂ ᠠᠪᠤᠷᠠᠨ ᠲᠤᠰᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠠᠯᠠ ᠮᠥᠩᠭᠦ ᠡᠳ᠋ ᠪᠣᠳᠠᠰ ᠤᠨ ᠪᠡᠯᠡᠳᠬᠡᠯ ᠢ ᠨᠠᠶᠢᠳᠠᠪᠤᠷᠢᠵᠢᠭᠤᠯᠵᠤ᠂ ᠭᠠᠮᠰᠢᠭ ᠭᠠᠷᠤᠮᠠᠭᠴᠠ ᠬᠦᠴᠦᠲᠡᠶ ᠪᠥᠭᠡᠳ ᠡᠮᠬᠢ ᠵᠢᠷᠤᠮ ᠲᠠᠢ ᠪᠥᠭᠡᠳ ᠪᠦᠲᠦᠮᠵᠢᠲᠡᠶ ᠠᠷᠭᠠᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠭᠤᠯᠠᠨ ᠦᠶᠡᠷ ᠤᠨ ᠭᠠᠮᠰᠢᠭ ᠤᠨ ᠠᠶᠤᠯ ᠲᠠᠢ ᠣᠷᠣᠨ ᠳᠤ ᠰᠡᠷᠡᠮᠵᠢᠯᠡᠭᠦᠯᠬᠦ ᠠᠷᠭ᠎ᠠ ᠮᠠᠶ᠋ᠢᠭ᠂ ᠵᠠᠶᠢᠯᠠᠬᠤ ᠱᠤᠭᠤᠮ᠂ ᠲᠥᠪᠬᠢᠨᠡᠭᠦᠯᠬᠦ‍ ᠴᠢᠭ ᠵᠡᠷᠭᠡ ᠶᠢ ᠲᠣᠳᠣᠷᠬᠠᠶᠢᠯᠠᠵᠤ᠂ ᠭᠠᠮᠰᠢᠭ ᠠᠴᠠ ᠡᠮᠦᠨᠡᠬᠢ ᠳᠤᠰᠬᠠᠯ ᠤᠨ ᠬᠤᠷᠳᠤᠴᠠ ᠪᠣᠯᠤᠨ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠪᠤᠷᠠᠨ ᠲᠤᠰᠠᠯᠠᠬᠤ ᠬᠦᠴᠦᠨ ᠢ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠪᠠᠷᠢᠯᠭ᠎ᠠ ᠶᠢᠨ ᠠᠶᠤᠯ ᠠᠴᠠ ᠠᠪᠤᠷᠠᠬᠤ ᠵᠡᠷᠭᠡ ᠲᠤᠰᠬᠠᠶ ᠡᠩᠨᠡᠭᠡ ᠶᠢ ᠲᠠᠶᠢᠨ ᠤ ᠪᠡᠯᠡᠳᠬᠡᠯ ᠤᠨ ᠪᠠᠶᠢᠳᠠᠯ ᠳᠤ ᠣᠷᠣᠭᠤᠯᠬᠤ ᠶᠢ ᠬᠥᠲᠥᠯᠥᠨ ᠵᠢᠯᠣᠭᠤᠳᠤᠨ᠎ᠠ᠃ ᠭᠤᠣᠯ ᠤᠨ ᠵᠠᠮ ᠤᠨ ᠰᠠᠭᠠᠳ ᠲᠣᠳᠬᠠᠷ ᠢ ᠠᠷᠢᠯᠭᠠᠬᠤ ᠡᠷᠴᠢᠮ ᠢ ᠴᠢᠩᠭᠠᠷᠠᠭᠤᠯᠵᠤ᠂ ᠦᠶᠡᠷ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠎ᠠ︔ ᠢᠵᠢ ᠲᠣᠭᠤᠷᠢᠭ ᠤᠨ ᠤᠰᠤ ᠵᠠᠯᠠᠬᠤ ᠰᠤᠪᠠᠭ ᠵᠢᠴᠢ ᠬᠥᠭᠡᠷᠭᠡ ᠶᠢᠨ ᠥᠷᠲᠡᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠢᠵᠢ ᠲᠣᠭᠤᠷᠢᠭ ᠵᠢᠴᠢ ᠬᠤᠲᠠ ᠶᠢᠨ ᠤᠰᠤᠲᠤᠯ ᠢ ᠪᠣᠶ ᠪᠣᠯᠭᠠᠬᠤ ᠶᠢ ᠰᠡᠷᠭᠡᠶᠢᠯᠡᠬᠦ ᠬᠡᠷᠡᠭᠲᠡᠶ᠃ ᠭᠠᠮᠰᠢᠭ ᠭᠠᠷᠤᠮᠠᠭᠴᠠ ᠠᠮᠢ ᠨᠠᠰᠤ ᠶᠢ ᠠᠪᠤᠷᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠴᠦᠨ ᠢᠶᠠᠨ ᠦᠳᠲᠡᠷ ᠲᠦᠷᠭᠡᠨ ᠲᠥᠪᠯᠡᠷᠡᠭᠦᠯᠦᠨ ᠭᠠᠮᠰᠢᠭ ᠠᠴᠠ ᠠᠪᠤᠷᠠᠬᠤ ᠨᠢᠭᠡᠳᠦᠭᠡᠷ ᠹᠷᠣᠨᠲ ᠲᠤ ᠣᠴᠢᠵᠤ᠂ ᠬᠠᠰᠢᠭᠳᠠᠭᠰᠠᠨ ᠤᠯᠠᠨ ᠲᠦᠮᠡᠨ ᠢ ᠴᠠᠭ ᠲᠤᠬᠠᠶ ᠳᠤᠨᠢ ᠡᠷᠢᠨ ᠠᠪᠤᠷᠠᠵᠤ᠂ ᠡᠭᠦᠰᠦᠮᠡᠯ ᠭᠠᠮᠰᠢᠭ ᠢ ᠠᠩᠬᠠᠷᠤᠨ ᠰᠡᠷᠭᠡᠶᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠶ᠃       ᠳᠥᠷᠪᠡ᠂ ᠣᠯᠠᠨ ᠲᠦᠮᠡᠨ ᠤ ᠠᠶᠤᠯ ᠠᠴᠠ ᠪᠠᠴᠢᠮ ᠵᠠᠶᠢᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ       ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠥᠷᠪᠡᠨ ᠱᠠᠲᠤᠨ ᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠦᠷᠭᠡᠨ ᠰᠡᠷᠡᠮᠵᠢᠯᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠶᠤᠯ ᠲᠦᠭᠰᠢᠭᠦᠷᠢ ᠡᠭᠦᠰᠪᠡᠯ᠂ ᠠᠶᠤᠯ ᠲᠠᠢ ᠣᠷᠣᠨ ᠪᠦᠰᠡ ᠪᠣᠯᠤᠨ ᠰᠦᠷᠳᠡᠭᠦᠯᠦᠯ ᠳᠤ ᠤᠴᠠᠷᠠᠭᠰᠠᠨ ᠣᠷᠣᠨ ᠪᠦᠰᠡ ᠶᠢᠨ ᠣᠯᠠᠨ ᠲᠦᠮᠡᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠢᠯᠵᠢᠭᠦᠯᠵᠦ᠂ ᠢᠯᠠᠩᠭᠤᠶ᠎ᠠ ᠥᠨᠥᠴᠢᠨ ᠪᠡᠯᠪᠡᠰᠦᠨ ᠨᠠᠰᠤᠲᠠᠨ᠂ ᠬᠡᠷ ᠲᠡᠭᠡᠨ ᠬᠤᠴᠣᠷᠤᠭᠰᠠᠨ ᠬᠡᠤᠬᠡᠳ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠤᠨ ᠰᠤᠷᠭᠠᠭᠤᠯᠢ ᠨᠤᠭᠤᠳ ᠬᠡᠷ ᠤᠨ ᠠᠬᠠᠮᠠᠳ ᠲᠠᠢ ᠪᠠᠨ ᠬᠠᠮᠵᠢᠯᠴᠠᠵᠤ᠂ ᠰᠤᠷᠤᠭᠴᠢᠳ ᠤᠨ ᠭᠤᠤᠯ ᠤᠨ ᠬᠥᠪᠡᠭᠡ᠂ ᠤᠰᠤᠨ ᠴᠥᠭᠦᠷᠥᠮ᠂ ᠬᠤᠲᠠ ᠶᠢᠨ ᠦᠵᠡᠮᠵᠢ ᠶᠢᠨ ᠭᠤᠤᠯ᠂ ᠦᠶᠡᠷ ᠵᠠᠯᠠᠬᠤ ᠰᠤᠪᠠᠭ ᠵᠡᠷᠭᠡ ᠭᠠᠵᠠᠷ ᠲᠤ ᠳᠤᠷ᠎ᠠ ᠪᠠᠷ ᠢᠶᠠᠨ ᠣᠴᠢᠵᠤ ᠤᠮᠪᠠᠭ᠋ᠤ ᠶᠢ ᠡᠷᠡᠰ ᠰᠡᠷᠭᠡᠶᠢᠯᠡᠵᠦ᠂ ᠬᠡᠤᠬᠡᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃       ᠲᠠᠪᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ       ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠵᠢᠯᠣᠭᠤᠳᠬᠤ ᠪᠠᠨ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠮᠡᠷᠭᠡᠵᠢᠯ ᠤᠨ ᠠᠵᠢᠯᠲᠠᠨ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠭᠠᠮᠰᠢᠭ ᠤᠨ ᠪᠠᠶᠢᠳᠠᠯ ᠲᠣᠬᠢᠶᠠᠯᠳᠤᠪᠠᠯ ᠳᠠᠷᠤᠶ ᠲᠦᠷᠭᠡᠨ ᠳᠣᠭᠢᠷᠠᠭᠤᠯᠤᠨ ᠳᠣᠭᠢᠷᠠᠭᠤᠯᠵᠤ᠂ ᠡᠷᠡᠰ ᠰᠢᠭᠤᠷᠬᠠᠶ ᠪᠥᠭᠡᠳ ᠬᠦᠴᠦᠲᠡᠶ ᠰᠢᠢᠳᠪᠦᠷᠢᠯᠡᠨ᠂ ᠮᠡᠳᠡᠭᠡ ᠵᠠᠩᠭᠢ ᠪᠠᠨ ᠴᠠᠭ ᠲᠤᠬᠠᠶ ᠳᠤᠨᠢ ᠣᠨᠣᠪᠴᠢᠲᠠᠶ ᠵᠢᠷᠤᠮᠵᠢᠭᠤᠯᠤᠨ ᠮᠡᠳᠡᠭᠦᠯᠦᠨ ᠬᠦᠷᠭᠡᠬᠦ ᠬᠡᠷᠡᠭᠲᠡᠶ᠃ ᠭᠠᠮᠰᠢᠭ ᠠᠴᠠ ᠠᠪᠤᠷᠠᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠭᠰᠡᠨ ᠦᠭᠡᠢ ᠠᠴᠠ ᠪᠤᠯᠵᠤ ᠨᠡᠯᠢᠶᠡᠳ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃                          ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2021 ᠣᠨ ᠤ 6 ᠰᠠᠷ᠎ᠠ ᠶᠢᠨ 3  ᠤ ᠡᠳᠦᠷ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ