ᠣᠢ ᠰᠢᠭᠤᠶ ᠡᠪᠡᠰᠦ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ  ︵  ᠬᠤᠶᠠᠷ︶
ᠨᠡᠶᠢᠲᠡᠯᠡᠭᠰᠡᠨ ᠴᠠᠭ᠄
2021/12/14
      ᠭᠤᠷᠪᠠ᠂ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠵᠤ ᠬᠠᠮᠢᠶᠠᠷᠬᠤ ᠠᠵᠢᠯ  ᠢ ᠴᠢᠩᠭᠠᠳᠬᠠᠨ᠂ ᠤᠢ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ       ᠡᠯ᠎ᠡ ᠬᠤᠰᠢᠭᠤ ᠰᠢᠶᠠᠨ ᠲᠣᠭᠤᠷᠢᠭ ᠨᠢ ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠲᠦᠷᠢᠮ ᠪᠠ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠲᠠᠲᠠᠪᠤᠷᠢᠯᠠᠨ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠢ ᠴᠢᠩᠭ᠎ᠠ ᠵᠢᠷᠤᠮᠵᠢᠭᠤᠯᠤᠨ᠂ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠠᠩᠨᠠᠵᠤ ᠳᠤᠷ᠎ᠠ ᠪᠠᠷ ᠢᠶᠠᠨ ᠠᠩᠨᠠᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ᠂ ᠣᠶ ᠰᠢᠭᠤᠶ ᠡᠪᠡᠰᠦᠲᠦ ᠭᠠᠵᠠᠷ ᠢ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠴᠠᠭᠠᠵᠠᠯᠠᠬᠤ ᠬᠡᠷᠡᠭᠲᠡᠶ᠃ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ ᠵᠡᠷᠭᠡ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠦᠷᠢᠮ ᠠᠴᠠ ᠵᠥᠷᠢᠴᠡᠭᠰᠡᠨ ᠡᠯ᠎ᠡ ᠲᠥᠷᠥᠯ ᠤᠨ  ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠬᠤ ᠶᠢᠨ ᠬᠠᠮᠲᠤ᠂ ᠡᠯ᠎ᠡ ᠲᠠᠯ᠎ᠠ ᠶᠢᠨ ᠬᠠᠤᠯᠢ ᠬᠡᠷᠡᠭᠵᠢᠭᠦᠯᠬᠦ ᠬᠦᠴᠦᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃       ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ       ᠡᠯ᠎ᠡ ᠬᠤᠰᠢᠭᠤ ᠰᠢᠶᠠᠨ ᠲᠣᠭᠤᠷᠢᠭ ᠨᠢ ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠲᠤᠰᠬᠠᠶ ᠵᠦᠶ᠋ᠯ ᠢᠶᠠᠷ ᠠᠬᠢᠭᠤᠯᠵᠤ᠂ ᠲᠤᠰᠬᠠᠶ  ᠵᠦᠢᠯ ᠢᠶᠠᠷ ᠰᠢᠯᠭᠠᠨ ᠦᠨᠡᠯᠡᠬᠦ ᠬᠡᠷᠡᠭᠲᠡᠶ᠃ ᠣᠶ ᠰᠢᠭᠤᠶ ᠡᠪᠡᠰᠦ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠣᠯᠠᠨ ᠲᠠᠯ᠎ᠠ ᠪᠠᠷ ᠴᠤᠭᠯᠠᠭᠤᠯᠵᠤ᠂ ᠣᠶ ᠮᠣᠳᠣ ᠶᠢ ᠬᠠᠮᠢᠶᠠᠷᠴᠤ ᠬᠠᠮᠠᠭᠠᠯᠠᠬᠤ ᠠᠵᠢᠯ ᠤᠨ ᠬᠡᠪ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠶ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠣᠯᠠᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ ᠰᠦᠯᠵᠢᠶ᠎ᠡ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠤᠢ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠤᠬᠠᠭᠤᠯᠭ᠎ᠠ ᠬᠥᠮᠦᠵᠢᠯ ᠪᠠ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠬᠤ ᠬᠡᠷᠡᠭᠲᠡᠶ︔ ᠡᠭᠦᠨ ᠤ ᠵᠡᠷᠭᠡᠴᠡᠭᠡᠪᠡᠷ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠬᠡᠷᠡᠭᠵᠢᠭᠦᠯᠬᠦ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠢ ᠪᠠᠶᠢᠴᠠᠭᠠᠨ  ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠨ ᠢᠯᠡᠴᠢᠯᠡᠵᠦ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠭᠤᠯᠭ᠎ᠠ ᠪᠠᠷ ᠬᠠᠤᠯᠢ ᠬᠡᠷᠡᠭᠵᠢᠭᠦᠯᠬᠦ ᠶᠢ ᠳᠠᠶᠢᠴᠢᠯᠠᠬᠤ᠂ ᠬᠠᠤᠯᠢ ᠬᠡᠷᠡᠭᠵᠢᠭᠦᠯᠬᠦ ᠪᠠᠷ ᠤᠬᠠᠭᠤᠯᠭ᠎ᠠ ᠶᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃                         ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                              2021 ᠣᠨ ᠤ 6 ᠰᠠᠷ᠎ᠠ ᠶᠢᠨ 4  ᠤ ᠡᠳᠦᠷ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ