ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2021 ᠣᠨ ᠤ 2 ᠰᠠᠷ᠎ᠠ ᠶᠢᠨ 22 ᠤᠨ ᠡᠳᠦᠷ ᠪᠠᠶᠠᠨᠨᠠᠭᠤᠷ ᠬᠤᠳᠠ ᠶᠢᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷ᠎ᠡ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠠᠩ ᠰᠢᠶᠤᠤ ᠪᠢᠩ | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ | 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠮᠠᠰᠢ ᠪᠤᠳᠤᠯᠢᠶᠠᠨᠲᠠᠶ ᠪᠥᠭᠡᠳ | ᠬᠦᠴᠢᠷ ᠪᠡᠷᠬᠡᠰᠢᠶᠡᠯᠲᠡᠢ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠰᠦᠷᠡᠬᠡᠢ | ᠳᠠᠭᠠᠷᠢᠯᠲᠠ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠬᠥᠭᠵᠢᠯᠲᠡ ᠶᠢᠨ ᠰᠡᠳᠬᠢᠴᠡ ᠶᠣᠰᠣᠭᠠᠷ᠂ ᠣᠳᠣᠬᠢᠴᠢᠯᠠᠭᠰᠠᠨ ᠠᠮᠢ ᠠᠬᠤᠶ ᠶᠢᠨ ᠴᠡᠴᠡᠷᠯᠢᠭᠲᠦ ᠬᠤᠲᠠ ᠶᠢ | ᠪᠥᠲᠥᠭᠡᠨ ᠪᠠᠶᠢᠭᠤᠯᠬᠤ ᠶᠢᠨ ᠲᠣᠭᠤᠷᠢᠨ ᠳᠤ ︽ᠠᠷᠤ ᠭᠠᠵᠠᠷ ᠤᠨ ᠵᠢᠶᠠᠩᠨᠠᠨ ᠪᠣᠬᠢᠷᠲᠤᠯ ᠥᠬᠡᠶ ᠪᠠᠷ ᠬᠥᠭᠵᠢᠨ ᠮᠠᠨᠳᠤᠬᠤ︾ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠶᠢᠨ ᠲᠣᠭᠤᠷᠢᠨ ᠳᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠪᠥᠬᠦ ᠬᠤᠲᠠ ᠶᠢᠨ ᠠᠵᠤ ᠠᠬᠤᠶ ᠦᠷᠭᠦᠯᠵᠢᠯᠡᠨ ᠲᠣᠭᠲᠠᠪᠤᠷᠢᠵᠢᠨ᠂ ᠨᠡᠶᠢᠭᠡᠮ ᠤᠨ ᠪᠦᠬᠦ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ | ᠪᠡᠶᠡᠯᠡᠭᠦᠯᠪᠡ᠃ | ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠠᠷᠠᠳ ᠲᠦᠮᠡᠨ ᠢ ᠳᠡᠭᠡᠳᠦᠯᠡᠬᠦ | ᠪᠠ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ | ᠡᠰᠡᠷᠭᠦᠴᠡᠵᠦ᠂ ᠬᠤᠳᠠ ᠶᠢᠨ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ | ᠪᠠᠶᠢᠷᠢᠯᠠᠭᠤᠯᠤᠯᠲᠠ ᠳᠣᠣᠷ᠎ᠠ᠂ ᠤᠯᠠᠨ ᠨᠡᠶᠢᠲᠡ ᠶᠢᠨ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ | ᠴᠠᠭ ᠲᠤᠬᠠᠢ ᠳᠤᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠠᠮᠲᠤ ᠪᠠᠷ ᠰᠡᠷᠭᠡᠶᠢᠯᠡᠨ ᠬᠠᠮᠲᠤ ᠪᠠᠷ ᠡᠵᠡᠮᠳᠡᠬᠦ ᠰᠢᠰᠲ᠋ᠧᠮ ᠢ | ᠪᠠᠶᠢᠭᠤᠯᠵᠤ᠂ ᠣᠬᠤᠷᠬᠠᠨ ᠬᠤᠭᠤᠴᠠᠭᠠᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠪᠦᠬᠦᠨ ᠢ ᠢᠯᠠᠷᠢ ᠪᠣᠯᠭᠠᠬᠤ ᠶᠢ ᠪᠡᠶᠡᠯᠡᠭᠦᠯᠵᠦ᠂ ᠬᠢᠵᠢᠭ ᠤᠨ ᠲᠠᠷᠬᠠᠵᠤ | ᠳᠡᠯᠭᠡᠷᠡᠬᠦ ᠪᠠᠶᠢᠳᠠᠯ ᠢ ᠬᠦᠴᠦᠲᠡᠢ ᠬᠤᠷᠢᠭᠯᠠᠪᠠ︔ ᠡᠨᠡᠬᠦ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠨᠠᠷᠢᠨ | ᠪᠣᠳᠠᠲᠠᠢ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠡᠷᠭᠦᠭᠡᠬᠦ ᠶᠢ ᠲᠦᠷᠭᠡᠳᠬᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠮᠵᠢ ᠤᠯᠪᠠ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠢᠳᠡᠪᠬᠢᠲᠡᠶ ᠪᠠᠷ ᠠᠷᠭᠠᠴᠠᠵᠤ᠂ | ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠬᠤᠯᠤᠭᠠᠨ᠎ᠠ ᠶᠢᠨ | ᠬᠢᠵᠢᠭ ᠤᠨ ᠪᠠᠶᠢᠳᠠᠯ ᠢ ᠪᠦᠲᠦᠮᠵᠢᠲᠡᠶ ᠡᠵᠡᠮᠳᠡᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠪᠠ᠃ | ᠬᠤᠶᠠᠷ ᠲᠤ᠂ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ︽ᠵᠢᠷᠭᠤᠭ᠎ᠠ ᠶᠢ ᠲᠣᠭᠲᠠᠪᠤᠷᠢᠵᠢᠭᠤᠯᠬᠤ ᠵᠢᠷᠭᠤᠭ᠎ᠠ ᠶᠢ ᠪᠠᠲᠤᠯᠠᠬᠤ︾ ᠶᠢ | ᠨᠠᠶᠢᠳᠠᠪᠤᠷᠢᠵᠢᠭᠤᠯᠪᠠ᠃ ︽ᠵᠢᠷᠭᠤᠭ᠎ᠠ ᠶᠢ ᠪᠠᠲᠤᠯᠠᠬᠤ ︾ ᠶᠢ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠤᠨ ᠬᠦᠴᠦᠯᠡᠬᠦ ᠴᠡᠭ ᠪᠣᠯᠭᠠᠬᠤ ᠶᠢ | ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠦᠨᠳᠦᠰᠦ ᠰᠠᠭᠤᠷᠢ ᠶᠢ ᠲᠣᠭᠲᠠᠪᠤᠷᠢᠵᠢᠭᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ ᠤᠨ ᠪᠠᠭᠤᠷᠠᠯᠲᠠ ᠶᠢᠨ ᠬᠡᠮᠵᠢᠶ᠎ᠡ ᠤᠯᠠᠷᠢᠯ ᠳᠠᠷᠠᠭᠠᠯᠠᠨ ᠪᠠᠭᠠᠰᠴᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ᠂ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠰᠥᠭᠡᠷᠬᠦ ᠠᠴᠠ ᠡᠶᠡᠷᠬᠦ ᠪᠣᠯᠪᠠ᠃ 1.8 ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ | ᠨᠥᠬᠦᠪᠥᠷᠢ ᠶᠢᠨ ᠪᠠᠯᠠ ᠮᠥᠩᠭᠦ ᠲᠠᠷᠬᠠᠭᠠᠵᠤ᠂ ᠮᠠᠯᠴᠢᠨ ᠲᠠᠷᠢᠶᠠᠴᠢᠨ ᠤ ᠰᠢᠯᠵᠢᠭᠦᠯᠦᠨ ᠠᠵᠢᠯ ᠣᠯᠣᠭᠰᠠᠳ12.75 ᠲᠦᠮᠡ ᠰᠢᠨ᠎ᠡ ᠪᠠᠷ ᠨᠡᠮᠡᠭᠳᠡᠵᠦ᠂ ᠬᠤᠲᠠ | ᠪᠠᠯᠭᠠᠰᠤ ᠶᠢᠨ ᠠᠵᠢᠯ ᠣᠯᠣᠭᠰᠠᠳ 0.96 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ | ᠨᠣᠷᠮ᠎ᠠ 4.33% ᠪᠠᠶᠢᠵᠤ᠂ ᠬᠢᠵᠠᠭᠠᠷᠯᠠᠨ ᠡᠵᠡᠮᠳᠡᠬᠦ ᠬᠠᠷᠠᠯᠲᠠ ᠠᠴᠠ 0.17 ᠵᠠᠭᠤᠨ ᠤ ᠴᠡᠭ ᠳᠣᠤᠷ᠎ᠠ ᠪᠣᠯᠪᠠ᠃ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠲᠠᠶᠢᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠱᠢᠭᠰᠡᠨ ᠢᠶᠠᠷ ᠪᠦᠬᠦ ᠵᠢᠯ ᠳᠤ 9.5 | ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠨᠢ 4. | 5 ᠳ᠋ᠦᠩᠰᠢᠭᠤᠷ ᠲᠥᠭᠦᠷᠢᠭ ᠪᠠᠭᠤᠷᠠᠭᠤᠯᠪᠠ︔ ᠠᠵᠤ ᠠᠬᠤᠶᠢᠯᠠᠯ ᠳᠤ ᠰᠢᠨ᠎ᠡ ᠪᠠᠷ 109.9 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠵᠤ᠂ 33.6 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠤᠴᠠᠭᠠᠯᠭᠠᠬᠤ ᠬᠤᠭᠤᠴᠠᠭ᠎ᠠ ᠶᠢ ᠬᠤᠶᠢᠰᠢᠯᠠᠭᠤᠯᠪᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 2. | 3 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠪᠡ᠃ ᠨᠡᠶᠢᠭᠡᠮ ᠲᠣᠭᠤᠷᠢᠭ ᠤᠨ ᠡᠯᠧᠺᠲᠷᠣᠨ | ᠬᠤᠳᠠᠯᠳᠤᠭ᠎ᠠ ᠶᠢ ᠬᠥᠭᠵᠢᠭᠦᠯᠬᠦ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠵᠠᠳᠠᠭᠠᠢ ᠵᠠᠬ᠎ᠠ ᠶᠢᠨ ᠠᠵᠤ ᠠᠬᠤᠶ ᠶᠢ ᠬᠥᠭᠵᠢᠭᠦᠯᠬᠦ ᠪᠠᠷ ᠳᠠᠮᠵᠢᠭᠤᠯᠤᠨ ᠬᠡᠷᠡᠭᠯᠡᠭᠡᠨ ᠤ | ᠰᠡᠷᠭᠦᠯᠲᠡ ᠶᠢ ᠲᠦᠯᠬᠢᠨ ᠠᠬᠢᠭᠤᠯᠪᠠ᠃ ᠠᠵᠤ ᠦᠢᠯᠡᠰ ᠤᠨ ᠬᠡᠯᠬᠢᠶ᠎ᠡ ᠬᠢᠭᠡᠳ ᠬᠠᠩᠭᠠᠯᠭ᠎ᠠ ᠶᠢᠨ ᠬᠡᠯᠬᠢᠶ᠎ᠡ ᠶᠢ ᠵᠠᠯᠭᠠᠯᠳᠤᠭᠤᠯᠬᠤ ᠶᠢ ᠴᠢᠩᠭᠠᠳᠬᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ 101.2% ᠬᠦᠷᠴᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 31 ᠡᠷᠦᠬᠡ ᠰᠢᠨ᠎ᠡ ᠪᠠᠷ ᠨᠡᠮᠡᠭᠳᠡᠪᠡ᠃ ᠡᠯ᠎ᠡ ᠲᠥᠷᠥᠯ ᠤᠨ ᠠᠪᠤᠷᠠᠨ ᠲᠤᠰᠠᠯᠠᠬᠤ | ᠪᠠᠲᠤᠯᠠᠭ᠎ᠠ ᠶᠢᠨ ᠮᠥᠩᠭᠦ 3.98 ᠳ᠋ᠦᠩᠰᠢᠭᠤᠷ ᠲᠥᠭᠦᠷᠢᠭ᠂ ᠲᠦᠷ ᠴᠠᠭ ᠤᠨ ᠦᠨ᠎ᠡ ᠬᠠᠩᠰᠢ ᠶᠢᠨ ᠨᠥᠬᠦᠪᠥᠷᠢ 2403.8 ᠲᠦᠮᠡᠨ ᠲᠥᠭᠦᠷᠢᠭ ᠲᠠᠷᠬᠠᠭᠠᠵᠤ᠂ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠰᠠᠭᠤᠷᠢ ᠱᠤᠭᠤᠮ ᠢ ᠳᠠᠭᠠᠭᠠᠨ ᠪᠠᠲᠤᠯᠠᠪᠠ᠃ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠪᠠ | ᠤᠨᠠᠯᠲᠠ ᠶᠢᠨ ᠬᠡᠮᠵᠢᠶ᠎ᠡ ᠶᠢᠨ ᠬᠤᠣᠰ ᠨᠡᠮᠡᠭᠳᠡᠯ ᠢ ᠪᠡᠶᠡᠯᠡᠭᠦᠯᠪᠡ᠃ ᠲᠥᠪ ᠤᠨ ᠰᠢᠨ᠎ᠡ ᠪᠠᠷ ᠨᠡᠮᠡᠭᠳᠡᠭᠦᠯᠦᠭᠰᠡᠨ ᠡᠳ᠋ ᠤᠨ ᠵᠠᠰᠠᠭ ᠤᠨ ᠤᠯᠠᠭᠠᠨ ᠲᠤᠭ᠎ᠠ ᠪᠠ ᠬᠢᠵᠢᠭ ᠢ | ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ 29.23 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠦᠨᠳᠦᠰᠦᠨ ᠱᠠᠲᠤᠨ ᠤ ︽ | ᠭᠤᠷᠪᠠ ᠶᠢ ᠪᠠᠲᠤᠯᠠᠬᠤ︾ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠬᠦᠴᠦᠲᠡᠶ ᠪᠠᠲᠤᠯᠠᠪᠠ᠃ | ᠭᠤᠷᠪᠠ ᠳᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠢᠯᠠᠯᠲᠠ ᠶᠢ ᠤᠯᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠬᠦᠴᠦᠨ ᠢᠶᠠᠷ ᠢᠶᠠᠨ | ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠪᠡ᠃ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠬᠦᠬᠡ ᠲᠡᠭᠷᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠯᠠᠪᠳᠠᠭᠤᠨ ᠢᠶᠠᠷ ᠠᠬᠢᠵᠤ᠂ ᠭᠤᠣᠯ ᠬᠤᠳᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠤᠨ ᠨᠤᠷᠮ᠎ᠠ 84. | 1% ᠳᠤ ᠬᠦᠷᠴᠦ᠂ ᠵᠢᠯ ᠤᠨ ᠡᠬᠢᠨ ᠤ ᠵᠢᠱᠢᠭᠰᠡᠨ ᠬᠠᠷᠠᠯᠲᠠ ᠠᠴᠠ ᠳᠠᠪᠠᠵᠠᠢ︔ ᠤᠯᠤᠰ ᠠᠴᠠ ᠬᠢᠨᠠᠨ ᠡᠵᠡᠮᠰᠢᠬᠦ ᠣᠭᠲᠣᠯᠣᠭᠠᠰᠤ ᠬᠡᠰᠡᠭ ᠤᠨ ᠤᠰᠤᠨ ᠤ ᠴᠢᠨᠠᠷ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠰᠠᠶᠢᠨ ᠪᠠᠶᠢᠨ᠎ᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠬᠦᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭᠰᠠᠨ ᠵᠥᠷᠢᠯᠳᠦᠭᠡᠨ ᠥᠬᠡᠶ ᠲᠠᠩᠰᠠᠨ ᠤ ᠵᠣᠭᠤᠰ ᠢ ᠴᠥᠮ ᠲᠥᠯᠥᠵᠦ ᠳᠠᠭᠤᠰᠬᠠᠪᠠ᠃ ᠯᠢᠨ ᠾᠧ ᠲᠣᠭᠤᠷᠢᠭ ᠨᠢ ᠪᠦᠬᠦ | ᠤᠯᠤᠰ ᠤᠨ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢᠨ ᠴᠡᠭ ᠪᠣᠯᠪᠠ᠃ ᠪᠠᠩᠬᠢ ᠶᠢᠨ ᠦᠢᠯᠡᠰ ᠤᠨ ᠨᠠᠶᠢᠳᠠᠪᠤᠷᠢ ᠮᠠᠭᠤᠲᠠᠢ ᠵᠢᠭᠡᠯᠡᠯᠭᠡ ᠶᠢᠨ | ᠨᠤᠷᠮ᠎ᠠ ᠶᠡᠬᠡᠪᠡᠷ ᠪᠠᠭᠤᠷᠠᠪᠠ᠃ | ᠳᠥᠷᠪᠡ ᠳᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠲᠦᠯᠬᠢᠨ | ᠠᠬᠢᠭᠤᠯᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠲᠦᠷᠭᠡᠪᠴᠢᠯᠡᠨ ᠨᠠᠶᠢᠷᠠᠭᠤᠯᠤᠨ ᠵᠣᠬᠢᠶᠠᠵᠤ᠂ ᠭᠤᠷᠪᠠᠳᠤᠭᠠᠷ | ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠪᠦᠬᠦ ᠬᠤᠳᠠ ᠶᠢᠨ 50% ᠰᠢᠬᠠᠮ ᠤᠨ ᠤᠯᠤᠰ ᠤᠨ | ᠨᠤᠲᠤᠭ ᠳᠡᠪᠢᠰᠬᠡᠷ ᠤᠨ ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ ᠬᠤᠪᠢᠶᠠᠷᠢᠯᠠᠵᠤ ᠣᠷᠣᠭᠤᠯᠪᠠ᠃ ᠤᠯᠠᠭᠠᠨᠰᠤᠬᠠᠢ | ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠯᠤᠰ ᠤᠨ ᠲᠤᠷᠰᠢᠯᠲᠠ ᠶᠢᠨ | ᠴᠡᠭ ᠤᠨ ᠢᠨᠵᠧᠨᠧᠷᠢᠩ ᠴᠢᠬᠤᠯᠠ ᠠᠬᠢᠯᠲᠠ ᠲᠠᠢ ᠪᠣᠯᠪᠠ᠃ ᠤᠯᠠᠭᠠᠨᠰᠤᠬᠠᠢ ᠨᠠᠭᠤᠷ ᠤᠨ ᠠᠮᠢ ᠠᠬᠤᠢ ᠶᠢ ᠰᠡᠷᠭᠦᠭᠡᠨ ᠤᠰᠤ ᠨᠥᠬᠦᠪᠥᠷᠢᠯᠡᠬᠦ ᠵᠠᠮ ᠤᠨ | ᠢᠨᠵᠧᠨᠧᠷᠢᠩ ᠨᠢ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠬᠦᠴᠦᠲᠡᠢ ᠳᠡᠮᠵᠢᠯᠭᠡ ᠶᠢ ᠤᠯᠪᠠ᠃ | ᠤᠯᠠᠭᠠᠨᠪᠤᠬ᠎ᠠ ᠶᠢᠨ ᠡᠯᠡᠰᠦᠨ ᠴᠥᠯ ᠤᠨ ᠵᠠᠰᠠᠯᠲᠠ ᠶᠢᠨ ᠣᠷᠣᠨ ᠢ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ︾ | ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠬᠢᠮᠢ ᠶᠢᠨ ᠪᠣᠷᠲᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠴᠥᠮ 40 % ᠬᠦᠷᠴᠦ᠂ ᠠᠳᠠᠯᠢ ᠬᠤᠭᠤᠴᠠᠭᠠᠨ ᠤ ᠬᠢ ᠠᠴᠠ | ᠲᠣᠰ ᠲᠣᠰ 2.7 ᠪᠠ 2 ᠵᠠᠭᠤᠨ ᠤ ᠴᠡᠭ ᠳᠡᠭᠡᠭᠰᠢᠯᠡᠵᠡᠶ᠃ 79 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ | ᠬᠤᠵᠢᠷᠯᠢᠬ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ 79.6 ᠲᠦᠮᠡᠨ ᠮᠥ ᠣᠶᠢᠵᠢᠭᠤᠯᠤᠯᠲᠠ ᠶᠢ ᠪᠡᠶᠡᠯᠡᠭᠦᠯᠪᠡ᠃ ᠤᠯᠤᠰ ᠤᠨ | ᠲᠠᠴᠢᠷᠰᠢᠭᠰᠠᠨ ᠨᠤᠲᠤᠭ ᠪᠡᠯᠴᠢᠭᠡᠷ ᠤᠨ ᠬᠥᠮᠦᠨ ᠤ ᠬᠦᠴᠦ ᠪᠠᠷ ᠡᠪᠡᠰᠦ ᠳᠠᠷᠢᠵᠤ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠦᠨᠳᠦᠰᠦᠨ ᠳᠡᠭᠡᠨ ᠪᠡᠶᠡᠯᠡᠭᠦᠯᠪᠡ᠃ ᠪᠥᠬᠦ ᠤᠯᠤᠰ ᠤᠨ ᠠᠩᠬᠠᠳᠠᠭᠴᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠤᠲᠤᠭ ᠪᠡᠯᠴᠢᠭᠡᠷ ᠤᠨ ᠳᠠᠭᠠᠳᠬᠠᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠪᠡ᠃ | ᠲᠠᠪᠤ ᠳᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠡᠷᠡᠰ ᠭᠤᠶᠢᠪᠢᠰᠢ ᠥᠬᠡᠶ ᠬᠥᠭᠵᠢᠭᠦᠯᠪᠡ᠃ ᠬᠤᠳᠠ ᠶᠢᠨ ᠨᠠᠮ ᠤᠨ ᠬᠤᠷᠢᠶᠠᠨ ᠤ ︽ | ᠰᠢ ᠶᠢᠨ ᠫᠢᠩ ᠶᠡᠷᠦᠩᠬᠡᠶ ᠱᠦᠵᠢ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠪᠣᠯᠤᠨ ᠭᠠᠵᠠᠷ ᠰᠢᠷᠣᠢ ᠶᠢ ᠰᠢᠯᠵᠢᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ᠂ ᠲᠠᠷᠢᠶᠠᠯᠠᠩ ᠳᠤ | ᠬᠤᠯᠪᠣᠭᠳᠠᠬᠤ ᠪᠡᠯᠡ ᠮᠥᠩᠭᠦ ᠶᠢ ᠨᠡᠶᠢᠳᠬᠡᠬᠦ ᠭᠤᠷᠪᠠᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠪᠠ᠃ ︽ᠲᠡᠭᠷᠢ ᠶᠢᠨ ᠬᠡᠰᠢᠭᠲᠦ | ᠪᠣᠷᠣᠲᠣᠬᠤᠶ︾ ᠨᠠᠷᠠᠲᠤ ᠲᠡᠮᠳᠡᠭ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ | ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠤ ᠨᠢᠭᠡᠳᠦᠭᠡᠷ ᠨᠡᠷᠡᠰ ᠵᠡᠷᠭᠡ ᠣᠯᠠᠨ ᠲᠣᠮᠣ ᠱᠠᠩᠨᠠᠯ ᠢ ᠬᠦᠷᠲᠡᠪᠡ᠃ ᠪᠠᠶᠠᠨᠨᠠᠭᠤᠷ ᠤᠨ ᠰᠢᠨ᠎ᠡ ᠰᠣᠷᠭᠤᠭ ᠢᠶᠠᠷ | ᠬᠠᠳᠠᠭᠠᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠪᠥᠬᠦ ᠤᠯᠤᠰ ᠤᠨ ᠠᠩᠬᠠᠨ ᠤ | ᠪᠦᠯᠦᠭ ᠤᠨ ᠭᠤᠤᠯ ᠬᠦᠴᠦᠨ ᠪᠣᠯᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠣᠯᠵᠤ᠂ ᠲᠡᠭᠷᠢ ᠶᠢᠨ ᠬᠡᠰᠢᠭᠲᠦ ᠪᠣᠷᠣᠲᠣᠬᠤᠶ · | ᠾᠧ ᠮᠠ ᠰᠢᠶᠠᠨ ᠱᠧᠩ ᠬᠤᠨᠢᠨ ᠮᠢᠬᠠᠨ ᠤ ᠵᠢᠵᠢᠭ ᠪᠠᠯᠭᠠᠰᠤ ᠶᠢ ᠡᠬᠢᠯᠡᠨ ᠬᠡᠷᠡᠭᠵᠢᠭᠦᠯᠪᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ | ᠦᠵᠡᠭᠦᠯᠬᠦ ᠣᠷᠣᠨ ᠨᠢ ᠪᠥᠬᠦ ᠤᠯᠤᠰ ᠤᠨ ᠵᠢᠱᠢᠨ ᠪᠠᠶᠢᠭᠤᠯᠬᠤ ᠭᠡᠵᠦ ᠪᠠᠶᠢᠭ᠎ᠠ ᠨᠡᠷᠡᠰ ᠤᠨ ᠵᠢᠭᠰᠠᠭᠠᠯᠲᠠ ᠳᠤ ᠣᠷᠣᠵᠤ᠂ ᠨᠢᠭᠡᠨᠲᠡ ᠲᠥᠷᠥ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠪᠡ᠃ ᠮᠠᠨ ᠤ ᠬᠤᠲᠠ ︽ᠰᠢᠨᠵᠢᠯᠡᠬᠦ ᠤᠬᠠᠭᠠᠨ ᠤ ᠰᠢᠨ᠎ᠡ ᠡᠭᠦᠳᠦᠯᠲᠡ ᠲᠠᠢ ᠳᠤᠮᠳᠠᠳᠤ ᠤᠯᠤᠰ︾ ᠤᠨ ᠠᠩᠬᠠᠨ ᠤ ᠪᠦᠯᠦᠭ ᠤᠨ | ᠲᠤᠷᠰᠢᠯᠲᠠ ᠶᠢᠨ ᠴᠡᠭ ᠤᠨ ᠬᠤᠲᠠ ᠳᠤ ᠰᠣᠩᠭᠤᠭᠳᠠᠪᠠ᠃ ︽ᠵᠢᠷᠭᠤᠭᠠᠨ ᠶᠡᠭᠡ ᠠᠵᠤ ᠦᠢᠯᠡᠰ︾ ᠤᠨ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠢ 38 | ᠪᠠᠶᠢᠭᠤᠯᠵᠤ᠂ ᠪᠣᠷᠣᠲᠣᠬᠤᠶ ᠶᠢᠨ ᠨᠡᠷᠡᠨ ᠬᠤᠸᠠᠷ ᠤᠨ ᠠᠵᠤ ᠦᠢᠯᠡᠰ ᠤᠨ ᠪᠦᠯᠦᠭᠵᠢᠯ ᠨᠢ ᠤᠯᠤᠰ ᠤᠨ ᠳᠠᠪᠠᠭᠤᠯᠢᠭ ᠤᠨᠴᠠᠯᠢᠭᠳᠤ ᠠᠵᠤ ᠦᠢᠯᠡᠰ ᠤᠨ | ᠪᠦᠯᠦᠭᠵᠢᠯ ᠤᠨ ᠲᠥᠷᠥᠯ ᠵᠦᠢᠯ ᠤᠨ ᠳᠡᠮᠵᠢᠯᠭᠡ ᠶᠢ ᠣᠯᠵᠤ᠂ ᠳᠤᠮᠳᠠᠳᠤ ᠢᠰᠷᠧᠯ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠮᠢ ᠠᠬᠤᠶ ᠶᠢᠨ ᠠᠵᠤ | ᠦᠢᠯᠡᠰ ᠤᠨ ᠬᠦᠷᠢᠶᠡᠯᠡᠩ᠂ ᠳᠤᠮᠳᠠᠳᠤ ᠠᠮᠧᠷᠢᠺᠠ ᠶᠢᠨ ᠺᠢᠮᠪᠧᠷᠯᠢ ᠲᠠᠷᠢᠶᠠᠯᠠᠩ ᠤᠨ ᠲᠠᠯᠠᠪᠠᠶ ᠵᠡᠷᠭᠡ ᠳᠤᠮᠳᠠᠳᠤ ᠭᠠᠳᠠᠭᠠᠳᠤ ᠶᠢᠨ ᠬᠠᠮᠲᠤᠷᠠᠭᠰᠠᠨ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠯᠠᠪᠳᠠᠭᠤᠨ ᠢᠶᠠᠷ ᠬᠡᠷᠡᠭᠵᠢᠭᠦᠯᠪᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠢᠯᠢ᠂ ᠮᠧᠩ ᠨᠢᠦ᠂ ᠰᠢᠩ ᠯᠢᠶᠠᠨ ᠰᠢᠩ ᠥᠨᠳᠥᠷ ᠲᠠᠰ ᠤᠨ ᠣᠷᠭᠠᠨᠢᠭ ᠰᠦ ᠶᠢᠨ ᠠᠵᠤ ᠦᠢᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠢ ᠲᠦᠷᠭᠡᠳᠬᠡᠨ ᠪᠠᠶᠢᠭᠤᠯᠪᠠ᠃ ᠪᠦᠬᠦ ᠤᠯᠤᠰ ᠤᠨ ᠠᠩᠬᠠᠳᠠᠭᠴᠢ ᠬᠠᠳᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ | ᠦᠷ᠎ᠡ ᠶᠢᠨ ᠭᠧᠨ ᠤ ᠬᠥᠮᠥᠷᠭᠡ ᠪᠠ ᠤᠳᠤ ᠦᠶ᠎ᠡ ᠶᠢᠨ ᠦᠷ᠎ᠡ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠦᠯᠬᠢᠨ ᠠᠬᠢᠭᠤᠯᠪᠠ᠃ | ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠡᠶᠢᠳᠬᠡᠬᠦ ᠳᠤ ᠰᠢᠨ᠎ᠡ ᠶᠢ ᠡᠭᠦᠳᠴᠦ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠪᠠ᠃ ᠯᠢᠨ ᠾᠧ ᠲᠣᠭᠤᠷᠢᠭ ᠪᠦᠬᠦ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠭᠤᠨ ᠰᠢᠯᠢᠳᠡᠭ ᠵᠢᠱᠢᠶ᠎ᠡ ᠦᠵᠡᠭᠦᠯᠬᠦ ᠰᠢᠶᠠᠨ ᠬᠤᠳᠠ ᠪᠠᠷ ᠰᠣᠩᠭᠤᠭᠳᠠᠵᠤ᠂ ᠦᠶᠤᠸᠠᠨ | ᠰᠢᠶᠠᠨ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠰᠢᠶᠠᠨ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ | ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠰᠢᠶᠠᠨ ᠪᠤᠯᠵᠤ᠂ ᠤᠷᠠᠳ ᠤᠨ ᠳᠤᠮᠳᠠᠳᠤ ᠬᠤᠰᠢᠭᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠪᠠ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠲᠥᠯᠥᠪᠵᠢᠭᠦᠯᠭᠡ ᠪᠠᠷ᠂ ᠬᠠᠳᠤᠨ | ᠭᠤᠣᠯ ᠤᠨ ᠰᠠᠪᠠ ᠭᠠᠵᠠᠷ ᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ᠂ ᠹᠧᠨ ᠾᠧ ᠭᠤᠤᠯ ᠸᠧᠢ ᠾᠧ ᠭᠤᠤᠯ ᠤᠨ ᠲᠠᠯ᠎ᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠣᠯᠢᠯᠴᠠᠭ᠎ᠠ ᠬᠠᠮᠵᠢᠯᠴᠠᠭᠠᠨ ᠤ ᠬᠤᠷᠠᠯ ᠢ ᠠᠮᠵᠢᠯᠲᠠ ᠲᠠᠢ | ᠬᠤᠷᠠᠯᠳᠤᠭᠤᠯᠵᠤ᠂ 5 ᠮᠤᠵᠢ ᠣᠷᠣᠨ᠂ 22 ᠬᠤᠳᠠ ᠪᠣᠯᠤᠨ 2 ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠣᠷᠣᠨ ᠤ ᠰᠣᠯᠢᠯᠴᠠᠭ᠎ᠠ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠳᠤᠨ ᠭᠤᠣᠯ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠢ ᠬᠠᠮᠲᠤᠪᠠᠷ | ᠠᠳᠬᠤᠬᠤ᠂ ᠤᠳᠤ ᠦᠶ᠎ᠡ ᠶᠢᠨ ᠲᠠᠷᠢᠶᠠᠯᠠᠩ ᠤᠨ ᠶᠡᠭᠡ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠪᠡ᠃ | ᠵᠢᠷᠭᠤᠭ᠎ᠠ ᠳᠤ᠂ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠪᠠ᠃ ᠲᠥᠷᠥᠯ ᠵᠦᠢᠯ ᠤᠨ | ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠨᠢᠭᠡᠳᠦᠭᠡᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠾᠧᠢ ᠮᠤᠤ ᠨᠢᠭᠡᠳᠦᠭᠡᠷ ᠬᠤᠭᠤᠴᠠᠭ᠎ᠠ᠂ ᠵᠥᠩ ᠾᠧ ᠯᠦᠩ | ᠲᠧᠩ ᠬᠡᠷᠡᠯ ᠢᠯᠴᠢ᠂ ᠰᠢᠶᠤᠤ ᠯᠦᠩ ᠥᠨᠳᠥᠷ ᠨᠡᠭᠦᠷᠡᠰᠦᠲᠥ᠋ᠷᠥᠭᠴᠢᠲᠦ ᠾᠷᠣᠮᠲᠤ ᠲᠡᠮᠦᠷ᠂ ᠷᠦᠨ ᠬᠠᠶ ᠶᠤᠸᠠᠨ ᠢᠳᠡᠰᠢᠨ ᠲᠠᠬᠢᠶ᠎ᠠ ᠲᠡᠵᠢᠭᠡᠨ ᠡᠳ᠋ᠰᠢᠭᠦᠯᠵᠦ | ᠪᠣᠯᠪᠠᠰᠤᠷᠠᠭᠤᠯᠬᠤ᠂ ᠰᠠᠨ ᠶᠢᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠳᠠᠰ ᠤᠨ ᠮᠠᠲ᠋ᠧᠷᠢᠶᠠᠯ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ | ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠸᠠ ᠾᠧᠩ ᠠᠮᠢᠳᠤ ᠪᠣᠳᠠᠰ᠂ ᠭᠦᠸᠧ ᠴᠧᠩ ᠬᠦᠬᠦᠷᠲᠦ ᠲᠡᠮᠦᠷ ᠲᠢᠲ᠋ᠠᠨ ᠤ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ | ᠤᠯᠤᠰ ᠤᠨ ᠲᠠᠰ ᠤᠨ ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠪᠠ᠃ ᠰᠲ᠋ᠣᠺ ᠤᠨ ᠵᠠᠬ᠎ᠠ ᠳᠤ ᠭᠠᠷᠤᠭᠰᠠᠨ ᠵᠠᠭᠤᠨ ᠺᠣᠮᠫᠠᠨᠢ᠂ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠭᠰᠡᠨ ᠵᠠᠭᠤᠨ ᠲᠣᠯᠣᠭᠠᠶᠢᠯᠠᠬᠤ ᠠᠵᠤ ᠠᠬᠤᠶᠢᠯᠠᠯ ᠢ ᠪᠠᠶᠠᠨᠨᠠᠭᠤᠷ ᠲᠤ ᠣᠷᠣᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠦᠸᠧ ᠨᠧᠩ ᠪᠦᠯᠦᠭᠯᠡᠯ᠂ ᠵᠥᠩ ᠴᠤᠸᠠᠨ ᠪᠦᠯᠦᠭᠯᠡᠯ᠂ ᠳᠤᠮᠳᠠᠳᠤ ᠤᠯᠤᠰ ᠤᠨ ᠵᠥᠩ ᠬᠤᠸᠠ᠂ ᠶᠤᠸᠠᠨ ᠵᠢᠩ ᠪᠦᠯᠦᠭᠯᠡᠯ᠂ ᠱᠦᠨ | ᠹᠧᠩ ᠪᠦᠯᠦᠭᠯᠡᠯ᠂ ᠪᠤᠰᠢᠭᠤ ᠭᠠᠷ ᠰᠢᠨᠵᠢᠯᠡᠬᠦ ᠤᠬᠠᠭᠠᠨ ᠮᠡᠷᠭᠡᠵᠢᠯ᠂ ᠵᠧᠵᠢᠶᠠᠩ ᠤᠨ ᠰᠦᠯᠵᠢᠶᠡᠨ ᠬᠤᠳᠠᠯᠳᠤᠭᠠᠨ ᠤ ᠪᠠᠩᠬᠢ ᠵᠡᠷᠭᠡ ᠨᠢᠭᠡ ᠪᠦᠯᠦᠭ ᠲᠣᠮᠣ ᠠᠵᠤ | ᠠᠬᠤᠶᠢᠯᠠᠯ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠪᠥᠬᠦ ᠵᠢᠯ ᠳᠤ ᠤᠯᠤᠰ ᠤᠨ ᠳᠣᠲᠣᠭᠠᠳᠤ ᠶᠢᠨ ᠪᠠᠶᠢᠷᠢᠨ ᠳᠤ | ᠣᠷᠣᠭᠰᠠᠨ ᠪᠠᠯᠠ ᠮᠥᠩᠭᠦ ᠶᠢ 153.6 ᠳ᠋ᠦᠩᠰᠢᠭᠤᠷ ᠲᠥᠭᠦᠷᠢᠭ ᠢ ᠲᠠᠲᠠᠨ ᠣᠷᠣᠭᠤᠯᠪᠠ᠃ ᠤᠳᠤ ᠦᠶ᠎ᠡ ᠶᠢᠨ ᠮᠥᠩᠭᠦᠨ ᠭᠦᠢᠯᠭᠡᠭᠡ᠂ ᠰᠣᠶᠣᠯ ᠵᠤᠭᠠᠴᠠᠯ᠂ | ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠵᠦ᠂ ᠳ᠋ᠠ ᠵᠦᠩ | ᠠᠭᠤᠷᠬᠠᠢ ᠶᠢᠨ ᠦᠢᠯᠡᠰ ᠤᠨ ᠪᠠᠶᠢᠭᠤᠯᠤᠯ ᠢ ᠥᠭᠡᠷᠡᠴᠢᠯᠡᠨ ᠰᠲ᠋ᠣᠺ ᠤᠨ ᠵᠠᠬ᠎ᠠ ᠳᠤ ᠭᠠᠷᠬᠤ ᠶᠢ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠬᠦᠯᠢᠶᠠᠨ ᠠᠪᠴᠤ ᠰᠢᠢᠳᠪᠦᠷᠢᠯᠡᠵᠦ᠂ ᠨᠡᠷᠡᠨ ᠬᠤᠸᠠᠷ ᠤᠨ ᠦᠷ᠎ᠡ ᠶᠢᠨ ᠬᠤᠭᠤᠴᠠᠭᠠᠲᠤ ᠪᠠᠷᠠᠭ᠎ᠠ ᠨᠢ ᠵᠧᠩᠵᠧᠦ ᠶᠢᠨ ᠲᠠᠸᠠᠷ ᠤᠨ | ᠠᠷᠠᠯᠵᠢᠶᠠᠨ ᠤ ᠭᠠᠵᠠᠷ ᠤᠨ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠭᠠᠷᠭᠠᠬᠤ ᠬᠤᠭᠤᠴᠠᠭᠠᠲᠤ ᠪᠠᠷᠠᠭ᠎ᠠ ᠶᠢᠨ ᠨᠡᠷᠡᠰ ᠲᠤ ᠣᠷᠣᠪᠠ᠃ ᠳ᠋ᠧᠩᠺᠸᠤ ᠰᠢᠶᠠᠨ | ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠶᠢᠭᠤᠯᠵᠤ᠂ ︽ᠪᠠᠭ᠋ᠠᠷᠬᠠᠯᠲᠤ | ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠨᠢ ᠳᠤᠮᠳᠠᠳᠤ ᠤᠯᠤᠰ ᠤᠨ ᠵᠤᠭᠠᠴᠠᠯ ᠤᠨ ᠨᠥᠯᠥᠭᠡᠯᠡᠬᠦ ᠬᠦᠴᠦᠨ ᠲᠠᠢ ᠪᠠᠶᠠᠷ | ᠳᠤᠷᠠᠰᠬᠠᠯ ᠤᠨ ᠠᠵᠢᠯᠯᠠᠭ᠎ᠠ ᠶᠢᠨ ᠰᠢᠯᠢᠳᠡᠭ ᠵᠢᠱᠢᠶ᠎ᠡ ᠪᠠᠷ ᠰᠣᠩᠭᠤᠭᠳᠠᠵᠠᠢ᠃ ᠰᠠᠭᠤᠷᠢ ᠲᠥᠬᠦᠭᠡᠷᠦᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ | ᠲᠠᠰᠤᠷᠠᠯᠲᠠ ᠦᠭᠡᠢ ᠳᠡᠭᠡᠭᠰᠢᠯᠡᠵᠦ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠠᠶᠠᠨᠨᠠᠭᠤᠷ ᠤᠨ ᠬᠡᠰᠡᠭ ᠤᠨ ᠲᠠᠲᠠᠪᠤᠷᠢᠯᠠᠨ ᠨᠤᠷᠠᠭᠠᠬᠤ ᠠᠵᠢᠯ ᠢ | ᠦᠨᠳᠦᠰᠦᠨ ᠳᠡᠭᠡᠨ ᠳᠠᠭᠤᠰᠬᠠᠵᠤ᠂ S39 ᠲᠦᠷᠭᠡᠨ ᠤ ᠵᠠᠮ ᠤᠨ ᠭᠠᠭᠴᠠᠮᠣᠳᠣ ᠠᠴᠠ ᠬᠠᠯᠢᠭᠤᠲᠤ ᠬᠦᠷᠬᠦ ᠬᠡᠰᠡᠭ ᠢ ᠡᠬᠢᠯᠡᠨ ᠬᠡᠷᠡᠭᠵᠢᠭᠦᠯᠵᠦ᠂ 331 | ᠤᠯᠤᠰ ᠤᠨ ᠵᠠᠮ ᠤᠨ ᠪᠠᠶᠠᠨᠨᠠᠭᠤᠷ ᠤᠨ ᠬᠡᠰᠡᠭ᠂ 311ᠮᠤᠵᠢ ᠶᠢᠨ ᠵᠠᠮ ᠤᠨ ᠬᠠᠩᠭᠢᠨ ᠬᠤᠶᠢᠲᠤ ᠬᠤᠰᠢᠭᠤ ᠪᠣᠯᠤᠨ ᠳ᠋ᠧᠩᠺᠧᠦ ᠶᠢᠨ ᠬᠡᠰᠡᠭ ᠤᠨ ᠭᠤᠤᠯ ᠱᠤᠭᠤᠮ ᠢ | ᠨᠡᠪᠲᠡᠷᠡᠭᠦᠯᠵᠦ᠂ 110 ᠤᠯᠤᠰ ᠤᠨ ᠵᠠᠮ ᠤᠨ ᠮᠤᠨᠠ ᠠᠭᠤᠯᠠ ᠶᠢᠨ ᠬᠡᠰᠡᠭ᠂ 213 ᠮᠤᠵᠢ ᠶᠢᠨ ᠵᠠᠮ ᠤᠨ ᠯᠢᠨ ᠾᠧ ᠱᠠᠮᠪᠠ ᠶᠢᠨ ᠬᠡᠰᠡᠭ ᠤᠨ ᠵᠠᠮ ᠤᠨ | ᠭᠠᠳᠠᠷᠭᠤ ᠶᠢ ᠥᠭᠡᠷᠡᠴᠢᠯᠡᠬᠦ ᠲᠥᠷᠥᠯ ᠵᠦᠢᠯ ᠢ ᠳᠠᠭᠤᠰᠬᠠᠵᠤ᠂ ᠮᠠᠨ ᠤ ᠬᠤᠲᠠ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠣᠯᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠭᠤᠯᠤᠯᠲᠠ ᠶᠢᠨ | ᠡᠭᠦᠷᠭᠡ ᠶᠢᠨ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠬᠤ ᠢᠵᠢ ᠪᠦᠷᠢᠳᠦᠭᠦᠯᠬᠦ | ᠪᠠ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠲᠠᠯ᠎ᠠ ᠪᠠᠷ ᠳᠠᠭᠤᠰᠬᠠᠪᠠ᠃ | ᠳᠣᠯᠤᠭ᠎ᠠ ᠳᠤ᠂ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ | ᠭᠠᠷᠳᠠᠴᠠ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠨᠢ 65 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠪᠣᠯᠭᠠᠵᠤ᠂ ᠠᠵᠤ ᠠᠬᠤᠶᠢᠯᠠᠯ | ᠳᠠᠩᠰᠠᠯᠠᠭᠤᠯᠬᠤ᠂ ᠥᠯᠥ ᠬᠥᠳᠡᠯᠬᠦ ᠬᠥᠷᠥᠩᠭᠡ ᠶᠢ ᠪᠠᠷᠢᠴᠠᠭᠠᠯᠠᠵᠤ ᠳᠠᠩᠰᠠᠯᠠᠬᠤ ᠵᠡᠷᠭᠡ ᠦᠢᠯᠡᠴᠢᠯᠡᠭᠡ ᠶᠢ ᠪᠠᠩᠬᠢ ᠶᠢᠨ ᠲᠣᠤᠷ ᠴᠡᠭ ᠤᠨ ᠣᠶᠢᠷ᠎ᠠ ᠬᠠᠪᠢ ᠳᠤᠨᠢ | ᠭᠦᠢᠴᠡᠳᠬᠡᠬᠦ ᠶᠢ ᠪᠡᠶᠡᠯᠡᠭᠦᠯᠵᠦ᠂ ᠬᠠᠲᠤᠨ ᠭᠤᠤᠯ ᠳᠠᠭᠠᠤ ᠶᠢᠨ 5 ᠮᠤᠵᠢ 9 ᠬᠤᠲᠠ ᠯᠤᠭ᠎ᠠ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ᠂ ᠡᠮᠴᠢᠯᠡᠭᠡᠨ ᠤ ᠳᠠᠭᠠᠳᠬᠠᠯ ᠵᠡᠷᠭᠡ 60 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠮᠤᠵᠢ ᠠᠯᠤᠰᠯᠠᠨ ᠭᠦᠢᠴᠡᠳᠬᠡᠵᠦ ᠴᠢᠳᠠᠬᠤ ᠪᠣᠯᠪᠠ᠃ | ᠪᠥᠬᠦ ᠤᠯᠤᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠠᠨᠤᠮᠵᠢ ᠶᠢᠨ ᠬᠡᠮᠵᠢᠶ᠎ᠡ ᠶᠢ ᠬᠢᠨᠠᠨ ᠰᠢᠯᠭᠠᠭᠰᠠᠨ 160 ᠬᠤᠲᠠ ᠶᠢᠨ ᠳᠤᠮᠳᠠ | ᠮᠠᠨ ᠤ ᠬᠤᠲᠠ ᠲᠠᠪᠤᠳᠤᠭᠠᠷ ᠲᠤ ᠣᠷᠣᠵᠤ᠂ ᠪᠥᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠪᠠ᠃ 12345 ᠵᠠᠰᠠᠭ ᠤᠨ ᠣᠷᠳᠣᠨ ᠤ ᠦᠢᠯᠡᠴᠢᠯᠡᠭᠡᠨ ᠤ | ᠤᠲᠠᠰᠤᠨ ᠤ ᠠᠵᠢᠯᠯᠠᠭᠠᠨ ᠤ ᠶᠠᠰᠤ ᠴᠢᠨᠠᠷ ᠪᠥᠬᠦ ᠣᠷᠣᠨ ᠤ ᠨᠢᠭᠡᠳᠦᠭᠡᠷ ᠲᠤ ᠣᠷᠣᠵᠤ᠂ ᠪᠥᠬᠦ ᠤᠯᠤᠰ ᠤᠨ ︽2020 ᠣᠨ ᠤ ᠬᠠᠮᠤᠭ ᠤᠨ ᠰᠠᠶᠢᠨ | ᠦᠢᠯᠡᠴᠢᠯᠡᠭᠡᠨ ᠤ ᠬᠡᠷᠡᠭ ᠤᠨ ᠵᠢᠱᠢᠶ᠎ᠡ ᠶᠢᠨ ᠱᠠᠩᠨᠠᠯ︾ ᠢ ᠬᠦᠷᠲᠡᠪᠡ᠃ ᠬᠥᠳᠡᠭᠡ ᠲᠣᠰᠬᠤᠨ ᠤ ᠭᠠᠵᠠᠷ ᠰᠢᠷᠣᠶ ᠶᠢ ᠡᠷᠡᠭᠦᠯ ᠡᠮᠬᠢ ᠲᠠᠢ ᠪᠠᠷ ᠰᠢᠯᠵᠢᠭᠦᠯᠬᠦ ᠶᠢ | ᠳᠥᠯᠭᠢᠨ ᠠᠬᠢᠭᠤᠯᠵᠤ᠂ ᠮᠠᠯᠴᠢᠨ ᠲᠠᠷᠢᠶᠠᠴᠢᠳ ᠤᠨ ᠦᠷᠭᠦᠯᠵᠢᠯᠡᠨ ᠠᠰᠢᠭ ᠭᠥᠷᠳᠡᠬᠦ ᠶᠢ ᠪᠠᠲᠤᠯᠠᠬᠤ ᠠᠷᠭ᠎ᠠ ᠬᠡᠮᠵᠢᠶ᠎ᠡ ᠨᠢ 2020 ᠣᠨ ᠤ ᠳᠤᠮᠳᠠᠳᠤ ᠤᠯᠤᠰ ᠤᠨ | ᠥᠭᠡᠷᠡᠴᠢᠯᠡᠯᠲᠡ ᠶᠢᠨ 50 ᠨᠡᠶᠢᠲᠡᠯᠢᠭ ᠬᠡᠷᠡᠭ ᠤᠨ ᠵᠢᠱᠢᠶ᠎ᠡ ᠶᠢᠨ ᠨᠢᠭᠡ ᠪᠣᠯᠵᠠᠶ᠃ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠶᠢᠨ ᠪᠦᠯᠦᠭᠵᠢᠭᠦᠯᠬᠦ | ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠪᠡ᠃ ᠦᠶᠤᠸᠠᠨ ᠰᠢᠶᠠᠨ ᠤ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ ᠭᠠᠵᠠᠷ ᠰᠢᠷᠣᠶ ᠶᠢ ᠰᠢᠯᠵᠢᠭᠦᠯᠬᠦ | ᠡᠵᠡᠩᠨᠡᠯᠲᠡ ᠶᠢᠨ ᠡᠷᠬᠡ ᠶᠢᠨ ᠪᠠᠷᠢᠴᠠᠭᠠᠳᠤ ᠵᠢᠭᠡᠯᠡᠯᠭᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠲᠦᠮᠵᠢᠲᠡᠶ ᠥᠷᠨᠢᠭᠦᠯᠵᠦ᠂ ᠪᠥᠬᠦ ᠣᠷᠣᠨ ᠤ ᠠᠩᠬᠠᠳᠠᠭᠴᠢ | ᠭᠠᠵᠠᠷ ᠰᠢᠷᠣᠶ ᠶᠢ ᠰᠢᠯᠵᠢᠭᠦᠯᠬᠦ ᠡᠵᠡᠩᠨᠡᠯᠲᠡ ᠶᠢᠨ ᠡᠷᠬᠡ ᠶᠢᠨ ᠦᠨᠡᠮᠯᠡᠯ ᠪᠠ ᠠᠩᠬᠠᠳᠠᠭᠴᠢ ᠭᠠᠵᠠᠷ ᠰᠢᠷᠣᠢ ᠶᠢ ᠰᠢᠯᠵᠢᠭᠦᠯᠬᠦ ᠡᠵᠡᠩᠨᠡᠯᠲᠡ ᠶᠢᠨ ᠡᠷᠬᠡ ᠶᠢᠨ | ᠪᠠᠷᠢᠴᠠᠭᠠᠳᠤ ᠵᠢᠭᠡᠯᠡᠯᠭᠡ ᠶᠢ ᠲᠠᠷᠬᠠᠭᠠᠪᠠ᠃ ᠭᠠᠭᠴᠠᠮᠤᠳᠤ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ | ᠪᠣᠭᠤᠮᠲᠠ ᠶᠢᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ 1545 ᠲᠦᠮᠡᠨ ᠲᠣᠨ ᠨᠡᠭᠦᠷᠡᠰᠦ ᠵᠡᠰ ᠤᠨ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠪᠠ᠃ | ᠤᠨᠴᠠᠯᠢᠬᠳᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠢ ᠪᠠᠶᠢᠳᠠᠯ ᠢ ᠰᠥᠷᠥᠨ ᠨᠡᠮᠡᠭᠳᠡᠵᠦ᠂ ᠭᠠᠳᠠᠭᠠᠳᠤ ᠭᠠᠷᠭᠠᠯᠲᠠ ᠶᠢᠨ ᠬᠡᠮᠵᠢᠶ᠎ᠡ 38. | 5 ᠳ᠋ᠦᠩᠰᠢᠭᠤᠷ ᠲᠥᠭᠦᠷᠢᠭ ᠲᠤ ᠬᠦᠷᠴᠦ᠂ 9.7% ᠪᠠᠷ ᠨᠡᠮᠡᠭᠳᠡᠪᠡ᠃ | ᠨᠠᠢᠮᠠ ᠳᠤ᠂ ᠠᠷᠠᠳ ᠤᠨ ᠠᠮᠢᠳᠤᠷᠠᠯ ᠤᠨ ᠠᠵᠢᠯ ᠢ ᠪᠦᠬᠦ ᠰᠡᠳᠬᠢᠯ ᠢᠶᠠᠷ ᠢᠶᠠᠨ ᠬᠦᠴᠦᠯᠡᠵᠦ ᠰᠠᠶᠢᠲᠤᠷ ᠬᠢᠪᠡ᠃ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠨ ᠬᠡᠷᠡᠭᠯᠡᠵᠦ ᠪᠣᠯᠬᠤ ᠣᠷᠣᠯᠭ᠎ᠠ ᠲᠤᠰ ᠲᠤᠰ 3.1% ᠪᠠ 8.5% ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ | ᠲᠤᠰ ᠲᠤᠰ ᠪᠦᠬᠦ ᠣᠷᠣᠨ ᠤ ᠬᠤᠶᠠᠳᠤᠭᠠᠷ ᠪᠠ ᠲᠠᠪᠤᠳᠤᠭᠠᠷ ᠲᠤ ᠪᠠᠶᠢᠷᠢᠯᠠᠪᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠬᠤᠲᠠ ᠶᠢᠨ ᠳᠡᠰ ᠤᠨ ᠨᠢᠭᠡᠳᠦᠯᠲᠡᠢ ᠲᠥᠯᠥᠪᠵᠢᠭᠦᠯᠭᠡ ᠶᠢ ᠪᠡᠶᠡᠯᠡᠭᠦᠯᠪᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠣᠯᠤᠨ ᠬᠤᠰᠢᠭᠤ ᠰᠢᠶᠠᠨ ᠲᠣᠭᠤᠷᠢᠭ ᠲᠤ ᠴᠥᠮ | ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢ ᠪᠦᠷᠢᠳᠦᠭᠦᠯᠵᠦ᠂ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠲᠣᠬᠢᠷᠠᠭᠤᠯᠪᠠ᠃ | ᠤᠯᠤᠰ ᠤᠨ ᠠᠷᠢᠭᠤᠨ ᠴᠡᠪᠡᠷ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ 6 ᠬᠤᠰᠢᠭᠤ ᠰᠢᠶᠠᠨ ᠤᠯᠤᠰ ᠤᠨ ᠠᠷᠢᠭᠤᠨ ᠴᠡᠪᠡᠷ ᠰᠢᠶᠠᠨ ᠬᠤᠲᠠ ᠪᠠᠷ | ᠨᠡᠷᠡᠯᠡᠭᠳᠡᠪᠡ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠳᠤᠮᠳᠠᠳᠤ ᠪᠠᠭ᠎ᠠ | ᠰᠤᠷᠭᠠᠭᠤᠯᠢ ᠪᠠ ᠬᠡᠤᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ 19 ᠶᠢ ᠪᠡᠶᠡᠯᠡᠭᠦᠯᠵᠦ᠂ ᠡᠩ ᠤᠨ ᠳᠡᠭᠡᠳᠦ | ᠰᠤᠷᠭᠠᠭᠤᠯᠢ ᠳᠤ ᠰᠢᠯᠭᠠᠭᠤᠯᠬᠤ ᠬᠤᠪᠢᠨ ᠳᠤ ᠬᠦᠷᠬᠦ ᠨᠣᠷᠮ᠎ᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠵᠤ᠂ ᠪᠣᠷᠣᠲᠣᠬᠤᠶ ᠶᠢᠨ ᠳᠡᠭᠡᠳᠦ | ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠷᠢ ᠲᠡᠩᠴᠡᠬᠦ ᠦᠨᠡᠯᠡᠯᠲᠡ ᠶᠢ ᠥᠩᠭᠡᠷᠡᠪᠡ᠃ | ᠳᠡᠭᠡᠳᠦ ᠲᠡᠰ ᠤᠨ ᠴᠢᠳᠠᠪᠤᠷᠢᠲᠠᠨ ᠢ ᠤᠷᠢᠨ ᠣᠷᠣᠭᠤᠯᠬᠤ ᠠᠵᠢᠯ ᠢ ᠰᠠᠶᠢᠲᠤᠷ ᠬᠦᠴᠦᠯᠡᠨ ᠠᠳᠬᠤᠪᠠ᠃ ᠭᠤᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ | ᠤᠷᠠᠯᠢᠭ ᠤᠨ ᠨᠠᠶᠢᠷ ᠢ ᠠᠮᠵᠢᠯᠲᠠ ᠲᠠᠢ ᠡᠷᠭᠢᠯᠡᠵᠦ᠂ ᠴᠢᠨ ᠤᠯᠤᠰ ᠬᠠᠨ ᠤᠯᠤᠰ ᠤᠨ ᠣᠷᠳᠣ ᠴᠠᠭᠠᠨ ᠬᠡᠷᠡᠮ᠂ ᠬᠠᠨ ᠤᠯᠤᠰ ᠤᠨ ᠦᠶ᠎ᠡ ᠶᠢᠨ ᠵᠢᠢ ᠯᠦ ᠰᠠᠢ | ᠪᠣᠭᠤᠮᠲᠠ ᠨᠢ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠬᠡᠰᠡᠭ ᠤᠨ ᠨᠡᠷᠡᠰ ᠲᠤ ᠰᠣᠩᠭᠤᠭᠳᠠᠵᠤ᠂ ᠬᠤᠲᠠ ᠶᠢᠨ ᠨᠣᠮ ᠤᠨ ᠰᠠᠩ ᠨᠢ ᠪᠥᠬᠦ | ᠤᠯᠤᠰ ᠤᠨ ᠡᠷᠲᠡᠨ ᠤ ᠨᠣᠮ ᠪᠢᠴᠢᠭ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢᠨ ᠨᠢᠭᠡᠴᠢ ᠪᠣᠯᠪᠠ᠃ ᠪᠠᠶᠠᠨ ᠨᠠᠭᠤᠷ ᠤᠨ ᠡᠳᠦᠷ ᠤᠨ ᠰᠣᠨᠢᠨ ᠤ ᠬᠤᠷᠢᠶᠠᠨ ᠤ | ᠪᠤᠰᠢᠭᠤ ᠭᠠᠷ MCN ᠪᠠᠶᠢᠭᠤᠯᠤᠮᠵᠢ ᠪᠠᠶᠢᠭᠤᠯᠤᠭᠳᠠᠵᠤ᠂ ᠪᠥᠬᠦ ᠤᠯᠤᠰ ᠤᠨ ᠠᠩᠬᠠᠳᠠᠭᠴᠢ ᠨᠠᠮ ᠤᠨ ᠰᠣᠨᠢᠨ ᠤ ᠪᠤᠰᠢᠭᠤ ᠭᠠᠷ ᠵᠠᠭᠤᠴᠢᠯᠠᠭᠤᠷ ᠤᠨ MCN | ᠪᠠᠶᠢᠭᠤᠯᠤᠮᠵᠢ ᠪᠣᠯᠤᠭᠰᠠᠨ ᠪᠠᠶᠢᠨ᠎ᠠ᠃ 133 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠵᠦ᠂ 1.4 ᠲᠦᠮᠡᠨ ᠡᠷᠤᠭᠡ ᠣᠯᠠᠨ | ᠲᠦᠮᠡᠨ ᠳᠤ ᠠᠰᠢᠭ ᠬᠦᠷᠲᠡᠭᠡᠪᠡ᠃ ᠨᠡᠶᠢᠲᠡ 7.36 ᠲᠦᠮᠡᠨ ᠡᠷᠦᠬᠡ ᠣᠯᠠᠨ ᠲᠦᠮᠡᠨ ᠳᠤ ᠬᠤᠯᠪᠣᠭᠳᠠᠬᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠬᠦᠷᠢᠶᠡᠨ ᠳᠠᠬᠢ ᠦᠨᠡᠮᠯᠡᠯ ᠠᠪᠬᠤ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ ᠲᠡᠤᠬᠡ ᠶᠢᠨ ᠦᠯᠡᠳᠡᠭᠳᠡᠯ | ᠠᠰᠠᠭᠤᠳᠠᠯ ᠢ ᠰᠢᠢᠳᠪᠦᠷᠢᠯᠡᠵᠦ᠂ ᠪᠥᠬᠦ ᠲᠣᠭᠠᠨ ᠤ 98.2% ᠢ ᠡᠵᠡᠯᠡᠪᠡ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠲᠠ ᠲᠠᠢ ᠪᠡᠶᠡᠯᠡᠭᠦᠯᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ | ᠨᠣᠷᠮ᠎ᠠ ᠶᠢ 87.5% ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠵᠤ ᠵᠥᠭᠡᠭᠡᠬᠦ ᠰᠢᠰᠲ᠋ᠧᠮᠵᠢ ᠶᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ | ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ᠤᠷᠠᠳ ᠤᠨ ᠡᠮᠦᠨᠡᠲᠦ ᠬᠤᠰᠢᠭᠤ ᠪᠦᠬᠦ ᠤᠯᠤᠰ ᠤᠨ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠶᠢᠨ ᠲᠡᠷᠢᠭᠦᠨ ᠤ | ᠰᠢᠶᠠᠨ ᠢᠶᠠᠷ ᠰᠣᠩᠭᠤᠭᠳᠠᠪᠠ᠃ ᠮᠠᠨ ᠤ ᠬᠤᠲᠠ ᠶᠢᠨ ᠪᠣᠷᠣ ᠭᠡᠷᠲᠦ ᠲᠣᠭᠤᠷᠢᠭ ᠢ ᠥᠭᠡᠷᠡᠴᠢᠯᠡᠨ ᠵᠠᠰᠠᠬᠤ᠂ ᠦᠶᠤᠸᠠᠨ ᠰᠢᠶᠠᠨ ᠤ ᠬᠥᠳᠡᠭᠡ ᠲᠣᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠮᠢᠶ᠎ᠠ ᠪᠥᠬᠦᠶ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠨᠡᠨ ᠬᠦ ᠠᠳᠬᠤᠵᠤ ᠪᠣᠳᠠᠲᠠᠶ ᠠᠵᠢᠯᠯᠠᠨ ᠢᠯᠡᠳᠲᠡ ᠦᠷ᠎ᠡ ᠪᠦᠲᠦᠮᠵᠢ ᠣᠯᠤᠭᠰᠠᠨ | ᠭᠠᠵᠠᠷ ᠣᠷᠣᠨ ᠤ ᠨᠡᠷᠡᠰ ᠲᠤ ᠵᠢᠭᠰᠠᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠣᠭᠰᠠᠨ ᠤᠯᠤᠰ ᠤᠨ ᠬᠥᠬᠢᠭᠦᠯᠦᠯ ᠤᠨ ᠬᠠᠭᠠᠰ ᠢ ᠡᠵᠡᠯᠡᠪᠡ᠃ | ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ 13 ᠵᠤᠷᠪᠤᠰ ᠰᠢᠨ᠎ᠡ ᠪᠠᠷ ᠨᠡᠪᠲᠡᠷᠡᠭᠦᠯᠵᠦ᠂ ᠯᠢᠨ ᠾᠧ ᠠᠴᠠ ᠬᠥᠬᠡᠬᠤᠲᠠ ᠳᠤ ᠰᠢᠭᠤᠳ | ᠬᠦᠷᠬᠦ ᠣᠨᠴᠠ ᠲᠦᠷᠭᠡᠨ ᠭᠠᠯᠲᠤ ᠲᠡᠷᠭᠡ ᠨᠡᠪᠲᠡᠷᠡᠵᠦ᠂ ᠣᠯᠠᠨ ᠲᠦᠮᠡᠨ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠣᠯᠪᠠ᠃ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠭᠠᠷ ᠤᠨ ᠠᠶᠠᠯᠠᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠴᠡ ᠨᠢᠰᠬᠡᠯ ᠮᠠᠨ ᠤ ᠬᠤᠲᠠ ᠳᠤ ᠰᠠᠭᠤᠵᠤ ᠰᠡᠷᠭᠡᠶᠢᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠪᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠪᠡ᠃ ᠮᠠᠨ ᠤ ᠬᠤᠲᠠ ᠪᠥᠬᠦ ᠤᠯᠤᠰ᠂ ᠪᠥᠬᠦ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ | ᠬᠤᠲᠠ ᠶᠢᠨ ᠴᠣᠯᠠ ᠶᠢ ᠭᠥᠷᠳᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ | ᠂ ︽ᠵᠢᠷᠭᠤᠭ᠎ᠠ ᠶᠢ ᠪᠠᠶᠢᠭᠤᠯᠬᠤ︾ ᠠᠵᠢᠯ ᠢ ᠲᠥᠯᠥᠪᠵᠢᠭᠦᠯᠵᠦ᠂ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠪᠠ᠃ ᠨᠡᠬᠡᠮᠵᠢᠯᠡᠨ | ᠪᠠᠷᠢᠪᠴᠢᠯᠠᠬᠤ ᠪᠣᠭᠤᠮᠲᠠ ᠰᠢᠪᠲᠤᠯᠬᠤ᠂ ᠬᠤᠣᠷ ᠴᠠᠭᠠᠵᠠᠯᠠᠬᠤ ᠠᠵᠢᠯᠯᠠᠭ᠎ᠠ᠂ ᠴᠠᠬᠢᠯᠭᠠᠨ ᠬᠤᠯᠪᠣᠭᠠᠨ ᠤ ᠮᠡᠬᠡᠯᠡᠯ ᠪᠠ ᠬᠢᠯᠢ ᠠᠯᠤᠰᠯᠠᠨ ᠵᠣᠭᠤᠰ ᠮᠥᠷᠥᠶᠢᠴᠡᠬᠦ | ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠤᠰᠬᠠᠢ ᠠᠵᠢᠯᠯᠠᠭ᠎ᠠ ᠣᠯᠠᠨ ᠦᠷ᠎ᠡ ᠪᠦᠲᠦᠮᠵᠢ ᠣᠯᠵᠤ᠂ ᠪᠦᠬᠦ ᠬᠤᠳᠠ ᠶᠢᠨ ᠡᠷᠡᠭᠦᠦ ᠶᠢᠨ ᠬᠡᠷᠡᠭ᠂ ᠠᠮᠤᠷ ᠲᠦᠪᠰᠢᠨ ᠤ | ᠬᠡᠷᠡᠭ ᠤᠨ ᠲᠤᠭ᠎ᠠ ᠲᠤᠰ ᠲᠤᠰ 21.9%᠂ 18.2% ᠢᠶᠠᠷ ᠪᠠᠭᠤᠷᠠᠵᠤ᠂ ᠰᠢᠨ᠎ᠡ ᠪᠠᠷ ᠡᠭᠦᠰᠦᠭᠰᠡᠨ ᠠᠮᠢᠨ ᠬᠡᠷᠡᠭ 26.7% ᠪᠠᠷ ᠪᠠᠭᠤᠷᠠᠭᠰᠠᠨ ᠪᠥᠭᠡᠳ | ᠬᠡᠷᠡᠭ ᠢ ᠪᠦᠬᠦᠨ ᠢ ᠢᠯᠡᠷᠡᠭᠦᠯᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ | ᠲᠤᠰᠬᠠᠶ ᠠᠵᠢᠯᠯᠠᠭ᠎ᠠ ᠶᠠᠪᠤᠭᠳᠠᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠪᠡ᠃ ᠠᠶᠤᠯᠭᠦᠶ ᠦᠢᠯᠡᠳᠪᠦᠷᠢᠯᠡᠯ ᠪᠠ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠨᠡᠶᠢᠭᠡᠮ ᠡᠶ᠎ᠡ ᠵᠣᠬᠢᠴᠠᠯ ᠲᠠᠢ᠂ ᠬᠢᠯᠢ ᠬᠢᠵᠠᠭᠠᠷ | ᠠᠮᠤᠷ ᠲᠠᠶᠢᠪᠤᠩ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ᠪᠦᠬᠦ ᠲᠠᠯ᠎ᠠ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ | ᠬᠢᠷᠢ ᠲᠦᠪᠰᠢᠨ ᠦᠨᠡᠨ ᠬᠦ ᠳᠡᠭᠡᠭᠰᠢᠯᠡᠭᠦᠯᠪᠡ᠃ ︽ᠲᠥᠪᠯᠡᠷᠡᠩᠭᠦᠶ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ | ᠲᠦᠷᠢᠮ︾ ︽ᠲᠠᠷᠢᠶᠠᠯᠠᠩ ᠤᠨ ᠡᠮ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︽ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠦᠷᠢᠮ︾ ᠢ ᠨᠡᠶᠢᠲᠡᠯᠡᠨ ᠬᠡᠷᠡᠭᠵᠢᠭᠦᠯᠵᠦ᠂ ︽ᠳᠣᠯᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ | ᠬᠠᠤᠯᠢᠵᠢᠯ ᠤᠨ ᠪᠠᠶᠠᠨᠨᠠᠭᠤᠷ ᠤᠨ ᠤᠶᠤᠨᠴᠢᠯᠠᠭᠰᠠᠨ ᠨᠢᠭᠡ ᠴᠣᠭᠴᠠᠲᠤ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠠᠨ ᠤ ᠬᠤᠲᠠ ᠪᠥᠬᠦ ᠣᠷᠣᠨ ᠤ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠲᠣᠭᠳᠠᠭᠠᠭᠳᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ | ᠭᠦᠢᠴᠡᠳᠬᠡᠵᠦ᠂ ᠬᠠᠨᠤᠮᠵᠢ ᠶᠢᠨ ᠨᠣᠷᠮ᠎ᠠ 98% ᠠᠴᠠ ᠳᠡᠭᠡᠭᠰᠢ ᠬᠦᠷᠪᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠤᠨ ᠵᠠᠰᠠᠪᠠ᠃ ᠠᠷᠪᠢᠴᠢ ᠭᠠᠮᠳᠠᠢ ᠪᠠᠷ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠦᠬᠦ ᠬᠤᠳᠠ ᠶᠢᠨ ᠡᠩ ᠤᠨ ᠴᠢᠨᠠᠷᠲᠠᠶ | ᠵᠠᠷᠤᠯᠭ᠎ᠠ ᠶᠢ 9% ᠪᠠᠷ ᠪᠠᠭᠠᠰᠬᠠᠵᠤ᠂ ︽ᠭᠤᠷᠪᠠᠨ ᠠᠯᠪᠠᠨ︾ ᠤ ᠵᠠᠷᠤᠳᠠᠯ ᠢ 18% ᠪᠠᠷ ᠪᠠᠭᠠᠰᠬᠠᠪᠠ᠃ | ᠲᠥᠯᠥᠭᠡᠯᠡᠭᠴᠢᠳ ᠡ︕ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ | ᠰᠢᠢᠳᠪᠦᠷᠢᠯᠡᠭᠴᠢ ᠴᠢᠨᠠᠷᠲᠠᠢ ᠱᠠᠳᠦ ᠦᠶ᠎ᠡ ᠪᠣᠯᠤᠨ᠎ᠠ᠂ ᠮᠥᠨ ᠴᠤ ᠮᠠᠨ ᠤ ᠬᠤᠳᠠ ᠶᠢᠨ ᠬᠥᠭᠵᠢᠯᠲᠡ ᠶᠢᠨ ᠶᠠᠪᠤᠴᠠ ᠳᠠᠬᠢ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠲᠠᠪᠤᠨ ᠵᠢᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ | ᠵᠢᠭᠠᠪᠤᠷᠢ ᠴᠣᠬᠤᠯᠠᠪᠤᠷᠢ ᠥᠭᠴᠡᠢ᠂ ᠢᠯᠠᠩᠭᠤᠶ᠎ᠠ ︽ᠭᠤᠷᠪᠠᠨ ᠨᠠᠭᠤᠷ︾ ᠢ ᠵᠠᠰᠠᠬᠤ ᠪᠠ ︽ᠪᠣᠷᠣᠲᠣᠬᠤᠢ ᠶᠢᠨ ᠤᠰᠤᠯᠠᠯᠲᠠ ᠶᠢᠨ ᠣᠷᠣᠨ ᠳᠤ ᠤᠳᠤ ᠦᠶ᠎ᠡ ᠶᠢᠨ | ᠲᠠᠷᠢᠶᠠᠯᠠᠩ ᠢ ᠬᠥᠭᠵᠢᠭᠦᠯᠬᠦ︾ ᠴᠢᠬᠤᠯᠠ ᠱᠠᠭᠠᠷᠳᠠᠯᠭ᠎ᠠ ᠨᠢ ᠪᠢᠳᠡᠨ ᠳᠤ ᠮᠠᠰᠢ ᠶᠡᠭᠡ ᠵᠣᠷᠢᠭᠵᠢᠭᠤᠯᠤᠯ ᠪᠣᠯᠵᠤ᠂ ᠰᠢᠨ᠎ᠡ ᠴᠠᠭ ᠦᠶ᠎ᠡ ᠶᠢᠨ ᠪᠠᠶᠠᠨᠨᠠᠭᠤᠷ ᠤᠨ | ᠬᠥᠭᠵᠢᠯᠲᠡ ᠳᠤ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶ᠎ᠠ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠭᠤᠰᠢᠯᠠᠭᠤᠯᠵᠤ᠂ ᠴᠠᠭ ᠢ ᠦᠵᠡᠨ ᠪᠠᠶᠢᠳᠠᠯ ᠢ ᠰᠢᠨᠵᠢᠵᠦ᠂ ᠰᠢᠰᠲ᠋ᠧᠮ ᠲᠠᠢ ᠪᠠᠷ ᠠᠷᠭ᠎ᠠ ᠤᠬᠠᠭᠠᠨ ᠰᠦᠪᠡᠭᠴᠢᠯᠡᠨ᠂ ᠰᠢᠨ᠎ᠡ ᠶᠢ ᠡᠭᠦᠳᠬᠦ ᠶᠢᠨ | ᠲᠣᠭᠤᠷᠢᠨ ᠳᠤ ᠠᠯᠢ ᠣᠯᠠᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠪᠦᠬᠦ | ᠬᠤᠳᠠ ᠪᠠᠷ ᠢᠶᠠᠨ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠲᠠᠯ᠎ᠠ ᠪᠠᠷ | ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃ ᠠᠵᠤ ᠠᠬᠤᠶ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠷᠣᠲᠣᠬᠤᠶ ᠶᠢᠨ ᠪᠥᠬᠦ ᠴᠠᠷᠠᠭᠠᠨ ᠤ | ᠪᠣᠬᠢᠷᠲᠤᠯ ᠥᠬᠡᠶ ᠣᠷᠭᠠᠨᠢᠭ ᠥᠨᠳᠥᠷ ᠲᠠᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠦᠢᠯᠡᠴᠢᠯᠡᠨ ᠭᠠᠳᠠᠭᠰᠢ ᠭᠠᠷᠭᠠᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠤᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠥᠬᠦ ᠲᠠᠯ᠎ᠠ ᠪᠠᠷ ᠠᠯᠳᠠᠷᠰᠢᠭᠤᠯᠵᠤ᠂ ᠡᠷᠬᠡ ᠣᠯᠭᠤᠭᠰᠠᠨ ᠪᠦᠲᠦᠭᠡᠭᠳᠡᠬᠦᠨ ᠤ ᠥᠰᠦᠭᠰᠡᠨ ᠦᠨ᠎ᠡ ᠨᠢ | 30% ᠠᠴᠠ ᠳᠡᠭᠡᠭᠰᠢ ᠬᠦᠷᠴᠦ᠂ ᠪᠥᠬᠦ ᠬᠤᠲᠠ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠥᠰᠦᠭᠰᠡᠨ ᠦᠨ᠎ᠡ ᠶᠢ 15% ᠠᠴᠠ ᠳᠡᠭᠡᠭᠰᠢ | ᠪᠣᠯᠭᠠᠨ ᠳᠠᠶᠢᠴᠢᠯᠠᠪᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠤᠪᠢ ᠶᠢᠨ ᠵᠢᠩ 10% ᠪᠠᠶᠢᠭᠰᠠᠨ ᠠᠴᠠ ᠪᠠᠨ 24. | 7% ᠪᠣᠯᠤᠨ ᠳᠡᠭᠡᠭᠰᠢᠯᠡᠵᠦ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ 39.4% ᠪᠠᠶᠢᠭᠰᠠᠨ ᠠᠴᠠ ᠪᠠᠨ 45.3% ᠪᠣᠯᠤᠨ ᠳᠡᠭᠡᠭᠰᠢᠯᠡᠪᠡ᠃ ᠠᠮᠢ | ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠵᠤ᠂ ᠤᠯᠠᠭᠠᠨᠰᠤᠬᠠᠶ ᠨᠠᠭᠤᠷ ᠤᠨ ᠪᠦᠬᠦᠯᠢ | ᠴᠣᠭᠴᠠ ᠶᠢᠨ ᠤᠰᠤᠨ ᠤ ᠴᠢᠨᠠᠷ ᠲᠠᠪᠤᠳᠤᠭᠠᠷ ᠲᠥᠷᠥᠯ ᠳᠤ ᠲᠣᠭᠲᠠᠪᠤᠷᠢᠵᠢᠵᠤ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠬᠡᠮᠵᠢᠶ᠎ᠡ 27.7% ᠳᠤ | ᠬᠦᠷᠴᠦ᠂ ᠣᠶ ᠰᠢᠭᠤᠶ ᠶᠢᠨ ᠬᠤᠴᠢᠯᠭ᠎ᠠ ᠶᠢᠨ ᠨᠣᠷᠮ᠎ᠠ 8.5% ᠳᠤ ᠬᠦᠷᠴᠦ᠂ ᠤᠯᠤᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠱᠠᠩᠨᠠᠯ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ᠂ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠦᠭᠰᠡᠨ ᠵᠢᠱᠢᠶᠡᠴᠢ ᠬᠤᠲᠠ ᠶᠢᠨ ᠢᠷᠠᠭᠤ ᠠᠯᠳᠠᠷ ᠢ ᠭᠥᠷᠳᠡᠪᠡ᠃ ᠥᠭᠡᠷᠡᠴᠢᠯᠡᠯᠲᠡ ᠨᠡᠭᠡᠭᠡᠯᠲᠡ ᠪᠥᠬᠦ ᠲᠠᠯ᠎ᠠ ᠪᠠᠷ ᠭᠦᠨᠵᠡᠭᠡᠶᠢᠷᠡᠵᠦ᠂ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠦᠨᠡᠨ ᠪᠣᠳᠠᠲᠠᠶ ᠠᠬᠢᠴᠠ ᠲᠠᠢ ᠪᠣᠯᠵᠣ᠂ ᠡᠵᠡᠩᠨᠡᠯᠲᠡ ᠶᠢᠨ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠦᠨᠡᠯᠡᠯᠲᠡ ᠬᠤᠶᠠᠷ ᠵᠢᠯ ᠳᠠᠷᠠᠭᠠᠯᠠᠨ ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ | ᠬᠡᠮᠵᠢᠶ᠎ᠡ 12 ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠪᠠ᠃ ᠭᠠᠭᠴᠠᠮᠣᠳᠣ ᠨᠢ ᠪᠦᠬᠦ ᠤᠯᠤᠰ ᠤᠨ ᠨᠡᠪᠲᠡᠷᠡᠭᠰᠡᠨ ᠪᠠᠷᠠᠭᠠᠨ ᠤ ᠬᠡᠮᠵᠢᠶ᠎ᠡ᠂ | ᠠᠷᠠᠯᠵᠢᠶᠠᠨ ᠤ ᠥᠷᠲᠡᠭ ᠢᠶᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠤᠯᠵᠤ᠂ ᠨᠡᠭᠡᠭᠡᠨ ᠬᠥᠭᠵᠢᠭᠦᠯᠦᠭᠰᠡᠨ ᠲᠤᠷᠰᠢᠯᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠠᠴᠠ ᠨᠡᠶᠢᠲᠡᠯᠡᠨ ᠰᠠᠶᠢᠰᠢᠶᠠᠵᠠᠢ᠃ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠲᠠ | ᠪᠠᠯᠭᠠᠰᠤ ᠶᠢᠨ ᠪᠠᠶᠢᠭᠤᠯᠤᠭᠰᠠᠨ ᠲᠠᠯᠠᠪᠠᠢ ᠶᠢ 132.2 ᠲᠡᠭᠰᠢ ᠳᠥᠷᠪᠡᠯᠵᠢᠨ ᠺᠢᠯᠣᠮᠧᠲᠷ ᠲᠤ ᠬᠦᠷᠭᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠤᠷᠮ᠎ᠠ ᠶᠢ 55.6% ᠳᠤ ᠬᠦᠷᠭᠡᠪᠡ᠃ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠡᠭᠡᠯᠵᠢ ᠶᠢᠨ ᠨᠢᠰᠬᠡᠯ ᠨᠢ ᠤᠯᠤᠰ ᠤᠨ | ᠳᠣᠲᠣᠭᠠᠳᠤ ᠶᠢᠨ 7 ᠶᠡᠭᠡ ᠳᠤᠮᠳᠠ ᠬᠤᠲᠠ ᠳᠤ ᠨᠡᠪᠲᠡᠷᠡᠵᠦ᠂ ᠪᠦᠬᠦ ᠤᠯᠤᠰ ᠤᠨ ᠭᠤᠣᠯᠳᠠᠯᠭᠠᠲᠤ ᠬᠤᠲᠠ ᠳᠤ ᠡᠳᠦᠷ ᠲᠡᠭᠡᠨ ᠬᠦᠷᠬᠦ ᠶᠢ ᠪᠡᠶᠡᠯᠡᠭᠦᠯᠪᠡ᠃ ᠡᠯ᠎ᠡ | ᠲᠡᠰ ᠤᠨ ᠭᠤᠣᠯ ᠱᠤᠭᠤᠮ ᠤᠨ ᠵᠠᠰᠠᠮᠠᠯ ᠵᠠᠮ ᠢ 1250 ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 6500 | ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 7 ᠬᠤᠰᠢᠭᠤ ᠰᠢᠶᠠᠨ ᠲᠣᠭᠤᠷᠢᠭ ᠪᠣᠯᠤᠨ ᠬᠢᠯᠢ ᠶᠢᠨ ᠪᠣᠭᠤᠮᠲᠠ ᠳᠤ ᠴᠥᠮ ᠥᠨᠳᠥᠷ ᠲᠡᠰ ᠤᠨ ᠵᠠᠰᠠᠮᠠᠯ ᠵᠠᠮ | ᠨᠡᠪᠲᠡᠷᠡᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠭᠡᠷᠡᠯ ᠰᠢᠷᠬᠡᠭ ᠨᠡᠪᠲᠡᠷᠡᠬᠦ ᠨᠤᠷᠮ᠎ᠠ ᠶᠢ 100%᠂ 4G ᠶᠢᠨ ᠲᠣᠣᠷ ᠰᠦᠯᠵᠢᠶᠡᠨ ᠤ | ᠪᠦᠷᠬᠦᠴᠡ ᠶᠢᠨ ᠨᠤᠷᠮ᠎ᠠ ᠶᠢ 97% ᠳᠤ ᠬᠦᠷᠦᠭᠦᠯᠵᠦ᠂ 110 ᠺᠢᠯᠤᠸᠤᠯᠲ ᠵᠢᠴᠢ ᠲᠡᠭᠦᠨ ᠠᠴᠠ ᠳᠡᠭᠡᠭᠰᠢᠬᠢ ᠬᠦᠴᠦᠳᠡᠯ ᠥᠭᠡᠷᠡᠴᠢᠯᠡᠬᠦ ᠥᠷᠳᠡᠭᠡ ᠶᠢ 16 | ᠰᠢᠨ᠎ᠡ ᠪᠠᠷ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ 57010 ᠶᠠᠳᠠᠭᠤ ᠬᠦᠴᠢᠷᠳᠡᠯᠲᠡᠶ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 162 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠡᠩᠨᠡᠭᠡᠨ ᠠᠴᠠ ᠭᠠᠷᠭᠠᠵᠤ᠂ 5 ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠮᠠᠯᠠᠭᠠᠢ ᠶᠢ ᠠᠪᠴᠤ ᠬᠠᠶᠠᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ | ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ 2015 ᠣᠨ ᠳᠤ 3011 ᠲᠥᠭᠦᠷᠢᠭ ᠪᠠᠶᠢᠭᠰᠠᠨ ᠠᠴᠠ 2020 ᠣᠨ ᠪᠣᠯᠬᠤ ᠳᠤ 15502 ᠲᠥᠭᠦᠷᠢᠭ ᠪᠣᠯᠭᠠᠨ | ᠨᠡᠮᠡᠭᠳᠡᠭᠦᠯᠵᠦ᠂ ᠵᠢᠯ ᠪᠦᠷᠢ ᠳᠤᠮᠳᠠᠴᠢ ᠪᠠᠷ 38.8% ᠪᠠᠷ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠤᠬᠡᠲᠦ ᠴᠢᠨᠠᠷᠲᠠᠶ | ᠠᠮᠵᠢᠯᠲᠠ ᠪᠦᠲᠦᠮᠵᠢ ᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠨ ᠬᠡᠷᠡᠭᠯᠡᠵᠦ ᠪᠣᠯᠬᠤ ᠣᠷᠣᠯᠭ᠎ᠠ ᠨᠢ ᠲᠣᠰ ᠲᠣᠰ | 2015 ᠣᠨ ᠤ ᠬᠢ ᠠᠴᠠ 1.38 ᠳᠠᠬᠢᠨ᠂ 1.53 ᠳᠠᠬᠢᠨ ᠪᠣᠯᠵᠠᠶ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ | ᠨᠡᠶᠢᠭᠡᠮ ᠤᠨ ᠪᠠᠲᠤᠯᠠᠭ᠎ᠠ ᠶᠢ ᠨᠡᠩ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠨᠡᠶᠢᠭᠡᠮ ᠤᠨ | ᠵᠠᠰᠠᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠲᠥᠷᠥᠯ ᠤᠨ ᠦᠢᠯᠡᠰ ᠢ ᠰᠢᠨ᠎ᠡ ᠳᠡᠭᠲᠡᠷ ᠲᠤ ᠭᠠᠷᠭᠠᠪᠠ᠃ | ᠪᠦᠬᠦ ᠬᠤᠳᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠣᠯ ᠬᠠᠷᠠᠯᠲᠠ ᠡᠭᠦᠷᠭᠡ ᠶᠢ | ᠶᠡᠷᠦᠩᠬᠡᠢ ᠳᠤᠨᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠯ᠎ᠠ ᠪᠠᠷ ᠰᠢᠢᠳᠪᠦᠷᠢᠯᠡᠭᠴᠢ ᠴᠢᠨᠠᠷᠲᠠᠢ ᠠᠮᠵᠢᠯᠲᠠ ᠣᠯᠵᠤ᠂ ᠪᠢᠳᠡᠨ ᠤ | ᠰᠢᠨ᠎ᠡ ᠬᠥᠭᠵᠢᠯᠲᠡ ᠶᠢᠨ ᠱᠠᠲᠤᠨ ᠳᠤ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ | ᠰᠠᠭᠤᠷᠢ ᠶᠢ ᠲᠠᠯᠪᠢᠵᠠᠢ᠃ | ᠲᠥᠯᠥᠭᠡᠯᠡᠭᠴᠢᠳ ᠡ᠂ ᠲᠠᠪᠤᠨ ᠵᠢᠯ ᠤᠨ ᠲᠤᠷᠰᠢᠬᠢ ᠲᠡᠮᠡᠴᠡᠯ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠲᠠᠪᠤᠨ ᠵᠢᠯ ᠤᠨ ᠲᠤᠷᠰᠢᠬᠢ ᠠᠮᠵᠢᠯᠲᠠ | ᠪᠦᠲᠦᠮᠵᠢ ᠶᠢ ᠪᠢᠳᠡ ᠪᠦᠷ ᠣᠯᠵᠤ ᠬᠠᠷᠠᠭᠰᠠᠨ ᠪᠠᠶᠢᠨ᠎ᠠ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ | ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ᠂ ᠪᠠᠶᠠᠨᠨᠠᠭᠤᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠢᠷᠡᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠪᠢᠳᠡ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ | ᠲᠠᠨᠢᠵᠤ ᠣᠯᠪᠠ᠃ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠨᠥᠬᠦᠴᠡᠯ ᠳᠤ ᠮᠠᠰᠢ ᠤᠯᠠᠨ ᠪᠣᠯᠵᠣᠰᠢ ᠦᠭᠡᠢ ᠵᠦᠢᠯ ᠣᠷᠣᠰᠢᠵᠤ᠂ ᠠᠵᠤ | ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠬᠡᠪᠡᠷᠡᠭ ᠪᠠᠶᠢᠭᠰᠠᠭᠠᠷ︔ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠯᠠᠮᠵᠢᠯᠠᠯᠲᠤ | ᠪᠦᠳᠦᠭᠦᠯᠢᠭ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠤᠳᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠬᠡᠮᠵᠢᠶ᠎ᠡ | ᠥᠨᠳᠥᠷ ᠪᠢᠰᠢ︔ ᠠᠮᠢ ᠠᠬᠤᠶ ᠶᠢᠨ ᠣᠷᠴᠢᠨ ᠲᠣᠭᠤᠷᠢᠨ ᠨᠡᠯᠢᠶᠡᠳ ᠬᠡᠪᠡᠷᠡᠭ ᠪᠠᠶᠢᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠵᠠᠰᠠᠯᠲᠠ ᠶᠢᠨ | ᠡᠭᠦᠷᠭᠡ ᠬᠦᠨᠳᠦ ᠵᠠᠮ ᠬᠤᠯᠠ ᠪᠠᠶᠢᠨ᠎ᠠ︔ ᠭᠠᠳᠠᠭᠰᠢ ᠨᠡᠭᠡᠭᠡᠯᠳᠡ ᠶᠢᠨ ᠲᠡᠰ ᠳᠠᠪᠬᠤᠷᠭ᠎ᠠ ᠥᠨᠳᠥᠷ ᠪᠤᠰᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ | ᠴᠥᠭᠡᠨ ᠪᠤᠰᠤ ᠠᠰᠠᠭᠤᠳᠠᠯ ᠣᠷᠣᠰᠢᠵᠤ ᠪᠠᠶᠢᠨ᠎ᠠ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠳᠣᠣᠷ᠎ᠠ ᠪᠠᠶᠢᠵᠤ᠂ ᠤᠯᠠᠨ ᠨᠡᠶᠢᠲᠡ ᠶᠢᠨ | ᠦᠢᠯᠡᠴᠢᠯᠡᠭᠡ ᠳᠤ ᠪᠠᠰᠠ ᠮᠠᠰᠢ ᠤᠯᠠᠨ ᠳᠤᠲᠠᠭᠤᠳᠠᠯ ᠣᠷᠣᠰᠢᠵᠤ ᠪᠠᠶᠢᠨ᠎ᠠ︔ ᠵᠠᠷᠢᠮ ᠺᠠᠳ᠋ᠷ ᠦᠵᠡᠯ ᠰᠠᠨᠠᠭ᠎ᠠ ᠪᠠᠨ ᠴᠢᠯᠥᠭᠡᠯᠡᠭᠰᠡᠨ ᠂ ᠬᠠᠷᠠᠭ᠎ᠠ ᠪᠠᠨ | ᠥᠷᠭᠡᠳᠬᠡᠭᠰᠡᠨ ᠢᠶᠠᠷ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠤᠬᠠᠮᠰᠠᠷ ᠢᠶᠠᠷ ᠴᠢᠩᠭ᠎ᠠ ᠪᠢᠰᠢ᠂ ᠴᠢᠳᠠᠪᠤᠷᠢ ᠪᠠ ᠬᠡᠪ ᠴᠢᠨᠠᠷ ᠢᠶᠠᠨ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ | ᠰᠢᠢᠳᠪᠦᠷᠢᠯᠡᠬᠦ ᠬᠡᠷᠡᠭᠲᠡᠶ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ | ᠬᠠᠷᠠᠯᠲᠠ ᠡᠭᠦᠷᠭᠡ | ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠪᠠᠶᠠᠨᠨᠠᠭᠤᠷ ᠬᠤᠲᠠ ᠶᠢᠨ | ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠶ ᠶᠢᠨ ᠬᠥᠭᠵᠢᠯᠲᠡ᠂ ᠠᠮᠢ ᠠᠬᠤᠶ ᠶᠢᠨ ᠪᠣᠯᠪᠠᠰᠤᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ᠂ ᠨᠡᠶᠢᠭᠡᠮ ᠤᠨ ᠪᠣᠯᠪᠠᠰᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠵᠠᠰᠠᠯᠲᠠ ᠶᠢᠨ ᠦᠷ᠎ᠡ ᠪᠦᠲᠦᠮᠵᠢ ᠵᠡᠷᠭᠡ 6 ᠲᠠᠯ᠎ᠠ ᠠᠴᠠ ︽ | ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ | ᠲᠤᠳᠤᠷᠬᠠᠢ ᠲᠤᠭᠲᠠᠭᠠᠨ᠂ ᠬᠥᠭᠵᠢᠯᠲᠡ ᠳᠤ ᠲᠤᠯᠭᠠᠭᠤᠷᠢᠯᠠᠯ ᠪᠤᠯᠬᠤ ᠠᠯᠢ ᠤᠯᠠᠨ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠳᠤᠷᠠᠳᠴᠤ᠂ ᠲᠤᠰ ᠤᠳᠠᠭᠠᠨ ᠤ ᠬᠤᠷᠠᠯ ᠳᠤ ᠬᠢᠨᠠᠨ ᠵᠦᠪᠯᠡᠭᠦᠯᠬᠦ ᠪᠠᠷ ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ ᠠᠩᠬᠠᠳᠠᠭᠴᠢ ᠲᠠᠪᠤᠨ ᠵᠢᠯ ᠮᠥᠨ᠃ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠤᠨᠤᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠪᠣᠯᠤᠨ | ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ︽ᠬᠤᠶᠠᠷ ᠬᠠᠯᠬᠠᠪᠴᠢ︾ ᠶᠢ ᠪᠠᠬᠢᠵᠢᠭᠦᠯᠵᠦ᠂ ︽ᠬᠤᠶᠠᠷ ᠰᠠᠭᠤᠷᠢᠨ ᠭᠠᠵᠠᠷ︾ ᠪᠣᠯᠤᠨ ︽ᠨᠢᠭᠡ ᠪᠠᠬᠢᠯᠡᠯᠲᠡ | ︾ ᠶᠢ ᠪᠦᠲᠦᠭᠡᠨ ᠪᠠᠶᠢᠭᠤᠯᠬᠤ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠢᠯᠠᠩᠭᠤᠶ᠎ᠠ ᠰᠢ ᠶᠢᠨ ᠫᠢᠩ ᠶᠡᠷᠦᠩᠬᠡᠶ ᠱᠦᠵᠢ ᠶᠢᠨ ︽ᠭᠤᠷᠪᠠᠨ | ᠨᠠᠭᠤᠷ︾ ᠢ ᠵᠠᠰᠠᠬᠤ ᠪᠠ ︽ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ︾ ᠲᠤᠬᠠᠶ ᠴᠢᠬᠤᠯᠠ ᠱᠠᠭᠠᠷᠳᠠᠯᠭ᠎ᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠨ ᠤ ᠬᠤᠲᠠ ᠶᠢᠨ ᠬᠥᠭᠵᠢᠯᠲᠡ ᠶᠢᠨ ᠲᠤᠬᠠᠶ ᠠᠯᠢ ᠣᠯᠠᠨ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠮᠠᠨ ᠤ ᠬᠤᠲᠠ ᠶᠢᠨ ᠠᠵᠢᠯ ᠤᠨ ᠳᠤᠮᠳᠠ ᠪᠣᠶ ᠪᠣᠯᠤᠭᠰᠠᠨ ᠡᠷᠬᠢᠮ ᠨᠠᠨᠳᠢᠨ ᠲᠤᠷᠰᠢᠯᠭ᠎ᠠ ᠠᠷᠭ᠎ᠠ ᠬᠡᠮᠵᠢᠶ᠎ᠡ ᠶᠢ ᠢᠮᠠᠭᠲᠠ ᠪᠠᠷᠢᠮᠲᠠᠯᠠᠨ᠂ ᠪᠠᠶᠢᠯᠳᠤᠬᠤ ᠪᠣᠳᠣᠯᠭ᠎ᠠ ᠶᠢᠨ | ᠰᠡᠳᠬᠢᠬᠦᠶ᠂ ᠰᠢᠨ᠎ᠡ ᠶᠢ ᠡᠭᠦᠳᠬᠦ ᠰᠡᠳᠬᠢᠬᠦᠶ᠂ ᠰᠢᠰᠲ᠋ᠧᠮᠲᠦ ᠰᠡᠳᠬᠢᠬᠦᠶ ᠪᠠᠷ ᠠᠵᠢᠯ ᠢᠶᠠᠨ ᠥᠷᠨᠢᠭᠦᠯᠵᠦ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ | ᠪᠣᠬᠢᠷᠲᠤᠯ ᠥᠬᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠨ᠎ᠠ᠃ | ᠪᠢᠳᠡ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠤᠳᠤ ᠦᠶ᠎ᠡ ᠶᠢᠨ | ᠠᠵᠤ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ | ᠬᠥᠭᠵᠢᠯᠲᠡ ᠶᠢ ᠲᠦᠯᠬᠢᠨ ᠠᠬᠢᠭᠤᠯᠬᠤ ᠳᠤ ᠡᠯᠧᠮᠧᠨ᠋ᠲ ᠢᠶᠠᠷ ᠬᠥᠳᠡᠯᠭᠡᠭᠦᠷ ᠪᠤᠯᠭᠠᠬᠤ ᠪᠠᠷ ᠭᠤᠤᠯ ᠪᠤᠯᠭᠠᠵᠤ ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠲᠡᠰᠢ ᠬᠤᠪᠢᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠪᠣᠷᠣᠲᠣᠬᠤᠶ ᠶᠢᠨ | ᠪᠥᠬᠦ ᠴᠠᠷᠠᠭᠠᠨ ᠤ ᠪᠣᠬᠢᠷᠲᠤᠯ ᠥᠬᠡᠶ ᠣᠷᠭᠠᠨᠢᠭ ᠦᠨᠳᠦᠷ ᠲᠠᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠦᠢᠯᠡᠴᠢᠯᠡᠨ | ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ︽ᠮᠥ ᠳᠤᠮᠳᠠᠴᠢ ᠶᠢᠨ ᠦᠷ᠎ᠡ ᠠᠰᠢᠭ ᠢᠶᠠᠷ ᠮᠠᠩᠯᠠᠢ | ᠰᠢᠯᠭᠠᠷᠠᠭᠤᠯᠬᠤ︾ ᠶᠢ ᠪᠠᠷᠢᠮᠲᠠᠯᠠᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠂ ᠲᠠᠷᠢᠶᠠᠯᠠᠩ ᠮᠠᠯ ᠠᠵᠤ ᠠᠬᠤᠶ ᠶᠢ ᠴᠢᠨᠠᠷ ᠰᠠᠶᠢᠲᠠᠶ | ᠥᠨᠳᠥᠷ ᠦᠷ᠎ᠡ ᠠᠰᠢᠭ ᠲᠠᠢ᠂ ᠮᠠᠯᠵᠢᠬᠤ ᠲᠠᠷᠢᠶᠠᠯᠠᠬᠤ ᠣᠷᠣᠨ ᠢ ᠣᠷᠣᠰᠢᠨ ᠰᠠᠭᠤᠷᠢᠰᠢᠵᠤ ᠠᠵᠤ ᠲᠦᠷᠦᠬᠦ ᠳᠤ ᠲᠣᠬᠢᠷᠠᠮᠵᠢᠲᠠᠶ ᠪᠤᠯᠭᠠᠬᠤ᠂ ᠮᠠᠯᠴᠢᠨ | ᠲᠠᠷᠢᠶᠠᠴᠢᠨ ᠢ ᠪᠠᠶᠠᠨ ᠴᠢᠨᠡᠭᠡᠯᠢᠭ ᠠᠮᠢᠳᠤᠷᠠᠯ ᠲᠠᠢ ᠪᠤᠯᠭᠠᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠦᠨᠳᠦᠷ ᠳᠡᠰ ᠤᠨ ᠤᠶᠤᠨᠴᠢᠯᠠᠭᠰᠠᠨ ᠴᠢᠭᠯᠡᠯ ᠢ ᠪᠠᠷᠢᠮᠲᠠᠯᠠᠵᠤ | ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠤᠯᠤᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ᠂ ᠤᠯᠤᠰ ᠤᠨ ᠪᠠᠯ ᠴᠢᠯᠠᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠲᠥᠪᠯᠡᠷᠡᠭᠰᠡᠨ ᠣᠷᠣᠨ ᠢ ᠪᠦᠳᠦᠭᠡᠨ ᠪᠠᠶᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠤᠨ᠎ᠠ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠲᠦᠷᠭᠡᠳᠬᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ ᠪᠤᠶᠢᠵᠢᠭᠤᠯᠤᠨ᠎ᠠ᠃ | ᠪᠢᠳᠡ ᠰᠢᠰᠲ᠋ᠧᠮ ᠲᠠᠢ ᠰᠡᠳᠬᠢᠬᠦ ᠂ ᠶᠡᠷᠦᠩᠬᠡᠶᠢᠯᠡᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ | ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ ᠤᠯᠠᠭᠠᠨᠰᠤᠬᠠᠢ ᠨᠠᠭᠤᠷ ᠤᠨ ᠠᠮᠢ ᠠᠬᠤᠶ ᠶᠢ ᠰᠡᠷᠭᠦᠭᠡᠨ ᠤᠰᠤ ᠨᠥᠬᠦᠪᠥᠷᠢᠯᠡᠬᠦ | ᠢᠨᠵᠧᠨᠧᠷᠢᠩ᠂ ᠬᠠᠲᠤᠨ ᠭᠤᠤᠯ ᠤᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠰᠢᠰᠲ᠋ᠧᠮ ᠢ | ᠰᠦᠯᠵᠢᠶᠡᠵᠢᠭᠦᠯᠦᠨ ᠵᠠᠰᠠᠬᠤ᠂ ᠤᠯᠠᠭᠠᠨᠪᠤᠬ᠎ᠠ ᠶᠢᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠭᠠᠵᠠᠷ ᠣᠷᠣᠨ ᠤ ᠠᠮᠢ | ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ | ᠬᠢᠵᠦ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠡᠨᠧᠷᠭᠢ ᠶᠢᠨ ᠰᠤᠷᠪᠤᠯᠵᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠯ᠂ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ ᠶᠡᠷᠦᠩᠬᠡᠶ ᠬᠡᠮᠵᠢᠶ᠎ᠡ ᠪᠠ ᠡᠷᠴᠢᠮ ᠤᠨ ᠬᠤᠣᠰ ᠬᠢᠵᠠᠭᠠᠷᠯᠠᠯ ᠤᠨ ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ | ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠦᠨ᠎ᠡ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ | ᠪᠦᠲᠦᠮᠵᠢᠲᠡᠶ ᠵᠠᠬ᠎ᠠ ᠳᠡᠯᠭᠡᠭᠦᠷ ᠪᠠ ᠪᠣᠳᠠᠲᠤ ᠠᠵᠢᠯᠯᠠᠭ᠎ᠠ ᠲᠠᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠲᠦᠯᠬᠢᠨ ᠠᠬᠢᠭᠤᠯᠤᠨ᠎ᠠ᠃ ᠤᠯᠤᠰ ᠤᠨ | ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ᠂ ᠤᠯᠤᠰ ᠤᠨ ᠳᠣᠲᠣᠭᠠᠳᠤ ᠶᠢᠨ ᠪᠠ ᠳᠡᠯᠡᠬᠡᠶ ᠶᠢᠨ ᠬᠤᠣᠰ ᠣᠷᠴᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ | ᠬᠠᠳᠤᠨ ᠭᠤᠣᠯ ᠳᠠᠭᠠᠤ ᠶᠢᠨ ᠠᠮᠢ ᠠᠬᠤᠶ ᠶᠢᠨ ᠠᠵᠤ ᠠᠬᠤᠶ ᠶᠢᠨ ᠪᠦᠰᠡ ᠳᠤ ᠭᠦᠨᠵᠡᠭᠡᠶ ᠠᠭᠤᠰᠤᠯᠴᠠᠵᠤ᠂ ᠦᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ | ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠭᠡᠭᠡᠯᠳᠡ ᠶᠢᠨ ᠲᠡᠰ ᠳᠠᠪᠬᠤᠷᠭ᠎ᠠ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ ᠣᠯᠠᠨ ᠲᠦᠮᠡᠨ ᠤ ᠣᠷᠣᠯᠭ᠎ᠠ ᠶᠢ ᠳᠡᠭᠡᠭᠰᠢᠯᠡᠭᠦᠯᠵᠦ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ | ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠥᠷᠢᠨᠰᠢᠬᠦᠯᠥᠨ᠂ ᠡᠷᠡᠭᠦᠯ ᠮᠡᠨᠳᠦ | ᠪᠠᠶᠠᠨᠨᠠᠭᠤᠷ ᠤᠨ ᠪᠥᠳᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠡᠩ ᠥᠨᠳᠥᠷ ᠬᠢᠷᠢ ᠲᠦᠪᠰᠢᠨ ᠲᠠᠢ ᠠᠮᠤᠷ ᠠᠮᠤᠭᠤᠯᠠᠩᠲᠤ ᠪᠠᠶᠠᠨᠨᠠᠭᠤᠷ ᠢ ᠪᠥᠳᠥᠭᠡᠨ ᠪᠠᠶᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯ ᠤᠨ ᠲᠥᠷᠥᠭᠳᠡᠯ ᠢ ᠨᠡᠩ | ᠦᠷᠭᠦᠯᠵᠢᠯᠡᠬᠦᠶᠢᠴᠡ ᠪᠤᠯᠭᠠᠵᠤ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ᠃ | ᠲᠥᠯᠥᠭᠡᠯᠡᠭᠴᠢᠳ ᠡ᠂ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠲᠡᠮᠡᠴᠡᠯ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠪᠣᠷᠣᠲᠣᠬᠤᠶ ᠶᠢᠨ ᠤᠰᠤᠯᠠᠯᠲᠠ ᠶᠢᠨ | ᠣᠷᠣᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠤᠯᠠᠭᠠᠨᠰᠤᠬᠠᠢ ᠨᠠᠭᠤᠷ ᠤᠨ ᠠᠮᠢ ᠠᠬᠤᠶ ᠶᠢᠨ ᠳᠠᠯᠳᠠ ᠭᠡᠮ ᠢ | ᠦᠨᠳᠦᠰᠦᠨ ᠳᠡᠭᠡᠨ ᠠᠷᠢᠯᠭᠠᠵᠤ᠂ ᠠᠮᠢ ᠠᠬᠤᠶ ᠶᠢᠨ ᠴᠢᠳᠠᠪᠬᠢ ᠶᠢ ᠢᠯᠡᠳᠲᠡ ᠳᠡᠭᠡᠭᠰᠢᠯᠡᠭᠦᠯᠵᠦ᠂ ᠦᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ | ᠠᠬᠤᠶ ᠨᠢ ᠭᠠᠵᠠᠷ ᠣᠷᠣᠨ ᠤ ᠰᠢᠨ᠎ᠡ ᠨᠡᠮᠡᠭᠳᠡᠯ ᠤᠨ ᠬᠥᠳᠡᠯᠭᠡᠭᠦᠷ ᠪᠣᠯᠵᠣ᠂ ᠪᠠᠶᠠᠨᠨᠠᠭᠤᠷ ᠤᠨ ᠬᠡᠰᠡᠭ ᠲᠠᠬᠢ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠪᠣᠬᠢᠷᠲᠤᠯ ᠥᠬᠡᠶ ᠠᠵᠤ ᠦᠢᠯᠡᠰ ᠤᠨ ᠲᠥᠪᠯᠡᠷᠡᠭᠰᠡᠨ ᠣᠷᠣᠨ | ᠂ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠣᠷᠣᠨ᠂ ᠮᠣᠩᠭᠤᠯ ᠤᠯᠤᠰ ᠲᠤ | ᠨᠡᠭᠡᠭᠡᠯᠲᠡ ᠬᠢᠭᠰᠡᠨ ᠲᠦᠷᠦᠭᠦᠴᠢ ᠣᠷᠣᠨ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ ᠣᠷᠣᠨ ᠤ ᠪᠥᠲᠥᠭᠡᠨ ᠪᠠᠶᠢᠭᠤᠯᠤᠯᠲᠠ ᠴᠢᠬᠤᠯᠠ ᠶᠡᠭᠡ | ᠠᠬᠢᠴᠠ ᠲᠠᠢ ᠪᠣᠯᠵᠣ᠂ ᠣᠳᠣᠬᠢᠴᠢᠯᠠᠭᠰᠠᠨ ᠠᠮᠢ ᠠᠬᠤᠶ ᠶᠢᠨ ᠴᠡᠴᠡᠷᠯᠢᠭᠲᠦ ᠬᠤᠲᠠ ᠶᠢᠨ ᠪᠥᠲᠥᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠤᠭ᠎ᠠ ᠲᠥᠰᠦᠪ ᠢ ᠲᠣᠭᠲᠠᠭᠰᠠᠨ ᠬᠤᠭᠤᠴᠠᠭᠠᠨ ᠳᠠᠭᠠᠨ ᠯᠠᠪᠲᠠᠶ ᠪᠡᠶᠡᠯᠡᠭᠦᠯᠵᠦ ᠴᠢᠳᠠᠨ᠎ᠠ ᠭᠡᠳᠡᠭ ᠲᠤ | ᠪᠢᠳᠡ ᠪᠠᠲᠤ ᠢᠲᠡᠭᠡᠵᠦ ᠪᠠᠶᠢᠨ᠎ᠠ᠃ | ᠭᠤᠷᠪᠠ᠂ 2021 ᠣᠨ ᠤ ᠭᠤᠣᠯ ᠠᠵᠢᠯ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠬᠤ ᠪᠦᠭᠡᠳ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ | ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠨᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠴᠠᠭ ᠤᠨ ᠪᠠᠶᠢᠳᠠᠯ ᠢ ᠵᠥᠪ ᠣᠨᠣᠪᠴᠢᠲᠠᠢ ᠰᠤᠳᠤᠯᠤᠨ ᠮᠠᠭᠠᠳᠯᠠᠵᠤ᠂ ᠤᠨᠢᠨ ᠳᠡᠭᠡᠷ᠎ᠡ ᠨᠢ ᠠᠷᠭ᠎ᠠ | ᠪᠤᠳᠤᠯᠭ᠎ᠠ ᠲᠣᠭᠲᠠᠭᠠᠨ ᠬᠡᠷᠡᠭᠵᠢᠭᠦᠯᠵᠦ᠂ ᠡᠨᠡ ᠵᠢᠯ ᠤᠨ ᠪᠦᠬᠦ ᠬᠤᠳᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠭᠤᠣᠯᠳᠠᠯᠭ᠎ᠠ ᠲᠠᠢ ᠡᠭᠦᠷᠭᠡ ᠶᠢ | ᠳᠤᠷᠠᠳᠴᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠢ᠃ ᠪᠢᠳᠡ ᠵᠠᠪᠠᠯ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠣᠬᠢᠷᠲᠤᠯ ᠦᠭᠡᠢ | ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ︽ᠬᠤᠶᠠᠷ ᠬᠠᠯᠬᠠᠪᠴᠢ︾ ᠶᠢ ᠪᠠᠲᠤ ᠪᠠᠶᠢᠭᠤᠯᠬᠤ᠂ ︽ᠬᠤᠶᠠᠷ ᠰᠠᠭᠤᠷᠢᠨ | ᠭᠠᠵᠠᠷ︾ ᠪᠠ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠣᠳᠣᠬᠢᠴᠢᠯᠠᠭᠰᠠᠨ | ᠠᠮᠢ ᠠᠬᠤᠶ ᠶᠢᠨ ᠴᠡᠴᠡᠷᠯᠢᠭᠲᠦ ᠬᠤᠲᠠ ᠶᠢ ᠪᠦᠲᠦᠭᠡᠨ ᠪᠠᠶᠢᠭᠤᠯᠬᠤ᠂ ︽ᠠᠷᠤ ᠭᠠᠵᠠᠷ ᠤᠨ ᠵᠢᠶᠠᠩᠨᠠᠨ ᠪᠣᠬᠢᠷᠲᠤᠯ ᠦᠭᠡᠶ ᠪᠠᠷ ᠬᠥᠭᠵᠢᠨ ᠮᠠᠨᠳᠤᠬᠤ︾ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠶ | ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ | ᠭᠤᠤᠯᠳᠠᠯᠭ᠎ᠠ ᠪᠣᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ | ᠬᠠᠷᠠᠯᠲᠠ ᠪᠠᠨ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠵᠢᠷᠭᠤᠭ᠎ᠠ ᠶᠢ | ᠲᠤᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠨ᠎ᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% | ᠣᠷᠴᠢᠮ ᠨᠡᠮᠡᠭᠳᠡᠭᠦᠯᠵᠦ᠂ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠭᠢ ᠶᠢᠨ ᠬᠤᠷᠣᠭᠳᠠᠯ ᠢ ᠪᠦᠲᠦᠮᠵᠢᠲᠡᠶ ᠪᠠᠷ | ᠪᠠᠭᠤᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠮᠢ ᠠᠬᠤᠶ ᠣᠷᠴᠢᠨ ᠲᠤᠭᠤᠷᠢᠨ ᠤ ᠶᠠᠰᠤ | ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠤ ᠳᠤᠮᠳᠠ ᠨᠡᠮᠡᠭᠳᠡᠭᠦᠯᠦᠨ᠎ᠡ᠃ ᠡᠭᠦᠨ ᠳᠤ᠂ ᠳᠣᠣᠷᠠᠬᠢ | ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠳᠤᠲᠠᠭᠤᠳᠠᠯ ᠢ ᠰᠢᠪᠲᠤᠯᠤᠨ | ᠳᠠᠪᠠᠨ᠎ᠠ | ᠣᠨᠴᠠᠯᠢᠭ ᠢᠶᠠᠨ ᠳᠣᠪᠤᠶᠢᠯᠭᠠᠨ ᠰᠢᠨ᠎ᠡ ᠶᠢ ᠡᠭᠦᠳᠦᠨ᠎ᠡ᠃ ᠣᠳᠣ ᠦᠶ᠎ᠡ ᠶᠢᠨ ᠦᠷ᠎ᠡ ᠶᠢᠨ ᠦᠢᠯᠡᠰ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ | ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠤᠰᠤ ᠠᠷᠪᠢᠯᠠᠵᠤ ᠤᠰᠤᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠤᠨᠢᠯᠠᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠢᠰᠲ᠋ᠧᠮ ᠲᠠᠢ ᠰᠤᠳᠤᠯᠭᠠᠨ ᠪᠠ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ ᠥᠷᠨᠢᠭᠦᠯᠵᠦ᠂ ᠮᠠᠨ ᠤ ᠬᠤᠲᠠ ᠶᠢᠨ | ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠨᠢᠭᠡ ᠪᠦᠯᠦᠭ ᠮᠡᠷᠭᠡᠵᠢᠯ ᠤᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠨᠢᠭᠡ | ᠪᠦᠯᠦᠭ ᠨᠥᠯᠥᠭᠡᠯᠡᠬᠦ ᠬᠦᠴᠦᠨ ᠲᠠᠢ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠷᠪᠠᠨ ᠶᠡᠭᠡ ᠠᠵᠢᠯᠯᠠᠭ᠎ᠠ ᠶᠢ ᠥᠷᠨᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠬᠡᠷᠡᠭᠴᠡᠭᠡ ᠪᠠ ᠬᠡᠷᠡᠭᠯᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ᠎ᠡ᠃ | ᠨᠡᠬᠡᠬᠡᠯᠳᠡ ᠬᠢᠵᠦ ᠬᠠᠮᠲᠤᠷᠠᠯᠴᠠᠵᠤ ᠰᠢᠨ᠎ᠡ ᠶᠢ ᠡᠭᠦᠳᠦᠨ᠎ᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠤᠷᠤᠨ ᠤ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠠᠴᠢᠶᠠᠯᠠᠪᠤᠷᠢ | ᠪᠣᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 10 ᠠᠴᠠ | ᠳᠡᠭᠡᠭᠰᠢ ᠪᠤᠶᠢᠵᠢᠭᠤᠯᠵᠤ ᠤᠷᠢᠨ ᠣᠷᠣᠭᠤᠯᠵᠤ᠂ ᠤᠶᠤᠨᠲᠤ ᠲᠠᠷᠢᠶᠠᠯᠠᠩ ᠤᠨ ᠲᠤᠮᠤ ᠳ᠋ᠠᠶᠢᠲ᠋ᠠ ᠶᠢᠨ ᠬᠡᠷᠡᠭᠯᠡᠯᠲᠡ ᠶᠢ ᠲᠥᠯᠬᠢᠨ ᠠᠬᠢᠭᠤᠯᠵᠤ᠂ ᠬᠠᠲᠠᠭᠤ ᠴᠢᠨᠠᠷ ᠤᠨ | ᠪᠤᠭᠤᠳᠠᠢ᠂ ᠠᠯᠠᠰᠢᠨ ᠬᠤᠨᠢ ᠬᠤᠶᠠᠷ ᠶᠡᠭᠡ ᠭᠤᠣᠯᠯᠠᠬᠤ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠴᠣᠭᠴᠠᠯᠠᠨ᠎ᠠ᠃ ︽ᠵᠠᠭᠤᠨ ᠬᠤᠲᠠ ᠵᠠᠭᠤᠨ | ᠬᠦᠷᠢᠶᠡᠯᠡᠩ︾ ᠤᠨ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠤ ᠰᠢᠨ᠎ᠡ ᠡᠭᠦᠳᠦᠯᠲᠡ ᠲᠠᠢ ᠳᠤᠮᠳᠠᠳᠤ ᠤᠯᠤᠰ︾ ᠤᠨ | ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ | ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ | ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠬᠤᠲᠠ ᠳᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ | ᠪᠠᠶᠢᠭᠤᠯᠬᠤ ᠶᠢ ᠳᠡᠮᠵᠢᠵᠦ᠂ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠠᠩᠭᠢᠯᠠᠭ᠎ᠠ ᠶᠢ ᠠᠳᠬᠤᠵᠤ ᠰᠢᠨ᠎ᠡ ᠶᠢ ᠡᠭᠦᠳᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠨᠡᠶᠢᠲᠡᠯᠢᠭ ᠴᠢᠨᠠᠷᠲᠠᠶ ᠮᠡᠷᠭᠡᠵᠢᠯ ᠤᠨ | ᠲᠠᠪᠴᠠᠩ ᠢ ᠪᠠᠶᠢᠭᠤᠯᠤᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠡᠭᠦᠷᠭᠡᠯᠡᠨ᠎ᠡ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠪᠡᠷᠬᠡ ᠰᠡᠳᠦᠪ ᠢ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠳᠤ | ᠣᠷᠣᠭᠤᠯᠤᠯᠲᠠ ᠬᠢᠬᠦ ᠪᠠᠲᠤᠯᠠᠭᠠᠲᠤ ᠨᠡᠮᠡᠭᠳᠡᠯ ᠤᠨ ᠲᠣᠭᠲᠠᠴᠠ ᠪᠠ ᠨᠡᠶᠢᠭᠡᠮ ᠤᠨ ᠤᠯᠠᠨ ᠠᠷᠭ᠎ᠠ ᠵᠠᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠮᠠᠰᠢᠭᠤᠯᠬᠤ ᠲᠣᠭᠲᠠᠴᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠭᠦᠢᠴᠡᠳ | ᠠᠰᠢᠭᠯᠠᠵᠤ ᠂ ᠨᠢᠭᠡ ᠯᠠ ᠬᠡᠪᠰᠢᠯ ᠳᠤ ᠪᠠᠷᠢᠭᠳᠠᠬᠤ ᠦᠭᠡᠢ ᠪᠠᠷ ᠡᠯ᠎ᠡ ᠲᠦᠷᠦᠯ ᠤᠨ ᠴᠢᠳᠠᠪᠤᠷᠢᠲᠠᠨ ᠢ ᠵᠣᠷᠢᠭᠲᠠᠢ ᠪᠠᠷ ᠤᠷᠢᠨ ᠤᠷᠤᠭᠤᠯᠵᠤ ᠰᠠᠶᠢᠲᠤᠷ ᠬᠡᠷᠡᠭᠯᠡᠨ᠂ | ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ | ᠭᠤᠣᠯᠳᠠᠯᠭ᠎ᠠ ᠲᠠᠢ ᠠᠮᠢ ᠠᠬᠤᠶ ᠶᠢᠨ ᠣᠷᠣᠨ ᠪᠦᠰᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠰᠢᠨ᠎ᠡ ᠨᠢᠭᠡ ᠡᠭᠡᠯᠵᠢ ᠶᠢᠨ ᠤᠯᠠᠭᠠᠨᠰᠤᠬᠠᠢ | ᠨᠠᠭᠤᠷ ᠤᠨ ᠪᠦᠬᠦ ᠰᠠᠪᠠ ᠭᠠᠵᠠᠷ ᠢ ᠴᠢᠨᠠᠷ ᠰᠠᠶᠢᠲᠠᠢ ᠵᠠᠰᠠᠯᠲᠠ ᠪᠠ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠰᠢᠰᠲ᠋ᠧᠮ ᠢ ᠰᠦᠯᠵᠢᠶᠡᠵᠢᠭᠦᠯᠦᠨ ᠵᠠᠰᠠᠬᠤ ᠵᠡᠷᠭᠡ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ︽ᠵᠢᠷᠭᠤᠭᠠᠨ ᠰᠠᠶᠢᠨ︾ ᠤ ᠪᠠᠷᠢᠮᠵᠢᠶ᠎ᠠ ᠶᠣᠰᠣᠭᠠᠷ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ | ᠤᠰᠤ ᠣᠶ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠡᠶᠡᠯᠡᠭᠦᠯᠵᠦ᠂ | ᠤᠯᠤᠰ ᠤᠨ ᠴᠢᠨᠠᠷ ᠰᠠᠶᠢᠲᠠᠶ ᠢᠨᠵᠧᠨᠧᠷᠢᠩ ᠢ ᠴᠢᠷᠮᠠᠶᠢᠨ ᠪᠠᠶᠢᠭᠤᠯᠤᠨ᠎ᠠ᠃ ᠤᠯᠤᠰ ᠤᠨ ᠳᠡᠮᠵᠢᠯᠭᠡ ᠪᠠ ᠨᠡᠶᠢᠭᠡᠮᠴᠢᠯᠡᠭᠰᠡᠨ ᠠᠵᠢᠯᠯᠠᠭᠠᠨ ᠢ ᠬᠠᠷᠢᠯᠴᠠᠨ | ᠤᠶᠠᠯᠳᠤᠭᠤᠯᠬᠤ ᠪᠠᠷ ᠴᠢᠷᠮᠠᠶᠢᠵᠤ᠂ ᠤᠯᠠᠭᠠᠨᠰᠤᠬᠠᠢ ᠨᠠᠭᠤᠷ ᠤᠨ ᠠᠮᠢ ᠠᠬᠤᠶ ᠶᠢ ᠰᠡᠷᠭᠦᠭᠡᠬᠦ ᠤᠰᠤ ᠨᠥᠬᠦᠪᠥᠷᠢᠯᠡᠬᠦ ᠰᠤᠪᠠᠭ ᠤᠨ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠦᠨ᠎ᠡ᠃ ᠹᠷᠠᠨᠼᠢ ᠶᠢᠨ ᠨᠡᠭᠡᠭᠡᠨ ᠬᠥᠭᠵᠢᠭᠦᠯᠬᠦ ᠵᠠᠬᠢᠷᠭ᠎ᠠ᠂ ᠭᠧᠷᠮᠠᠨ ᠤ ᠬᠥᠭᠵᠢᠭᠦᠯᠬᠦ ᠪᠠᠩᠬᠢ ᠶᠢᠨ ᠵᠢᠭᠡᠯᠡᠯᠭᠡ ᠶᠢᠨ ᠤᠯᠠᠭᠠᠨᠰᠤᠬᠠᠢ ᠨᠠᠭᠤᠷ ᠤᠨ ᠠᠮᠢ | ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠬᠡᠨ᠎ᠡ᠃ ᠤᠯᠠᠭᠠᠨᠰᠤᠬᠠᠢ ᠨᠠᠭᠤᠷ ᠤᠨ ︽ | ᠵᠢᠭᠠᠰᠤᠴᠢᠨ ᠡᠷᠭᠢ ᠳᠤ ᠭᠠᠷᠬᠤ︾ ᠶᠢ ᠯᠠᠪᠳᠠᠭᠤᠨ ᠢᠶᠠᠷ ᠠᠬᠢᠭᠤᠯᠵᠤ᠂ ᠵᠢᠭᠠᠰᠤ ᠠᠩᠨᠠᠬᠤ ᠶᠢ ᠵᠣᠭᠰᠣᠭᠠᠵᠤ ᠨᠠᠭᠤᠷ ᠴᠥᠭᠦᠷᠥᠮ ᠢ ᠰᠡᠷᠭᠦᠭᠡᠬᠦ᠂ ᠪᠠᠶᠢᠭᠠᠯᠢ ᠶᠢᠨ | ᠰᠡᠷᠭᠦᠭᠡᠯᠲᠡ ᠶᠢ ᠪᠡᠶᠡᠯᠡᠭᠦᠯᠦᠨ᠎ᠡ᠃ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠪᠠ ᠭᠠᠵᠠᠷ ᠤᠨ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠤᠨ ᠠᠮᠢ ᠠᠬᠤᠶ ᠶᠢᠨ ᠨᠥᠬᠦᠪᠥᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠶ ᠶᠢᠨ ᠳᠠᠷᠤᠭ᠎ᠠ᠂ ᠪᠡᠯᠴᠢᠭᠡᠷ ᠨᠤᠲᠤᠭ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠠᠵᠤ ᠠᠬᠤᠶ ᠶᠢᠨ | ᠤᠢ ᠮᠣᠳᠣ ᠲᠠᠷᠢᠬᠤ ᠲᠠᠯᠠᠪᠠᠢ ᠶᠢ ᠠᠯᠬᠤᠮ ᠠᠯᠬᠤᠮ ᠢᠶᠠᠷ ᠥᠷᠭᠡᠳᠬᠡᠵᠦ᠂ ᠨᠢᠭᠡ ᠪᠦᠯᠦᠭ ᠠᠵᠤ ᠠᠬᠤᠢ ᠶᠢᠨ ᠣᠢ ᠶᠢᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ | ᠬᠦᠷᠢᠶᠡᠯᠡᠩ ᠢ ᠪᠠᠶᠢᠭᠤᠯᠤᠨ᠎ᠠ᠃ ᠪᠥᠬᠦ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ᠂ | ᠲᠤᠮᠳᠠᠳᠤ ᠢᠰᠷᠧᠯ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠧᠦ᠋ᠷᠣᠫᠠ ᠶᠢᠨ ᠪᠠᠯᠠ | ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢᠨ ᠬᠠᠲᠤᠨ ᠭᠤᠤᠯ ᠤᠨ ᠰᠠᠪᠠ ᠭᠠᠵᠠᠷ ᠤᠨ ᠪᠠᠶᠠᠨᠨᠠᠭᠤᠷ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠦᠷᠭᠦᠯᠵᠢᠯᠡᠬᠦ | ᠵᠠᠰᠠᠯᠲᠠ ᠶᠢᠨ ᠲᠥᠷᠥᠯ ᠵᠦᠢᠯ᠂ ᠬᠡᠪᠴᠢᠶᠡᠵᠢᠭᠰᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠬᠠᠲᠤᠨ ᠭᠤᠣᠯ ᠤᠨ ᠭᠤᠯᠳᠤᠷᠢᠯ ᠢ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠪᠠᠶᠢᠭᠤᠯᠤᠭᠰᠠᠨ ᠠᠰᠠᠭᠤᠳᠠᠯ ᠢ | ᠴᠡᠭᠴᠡᠯᠡᠨ ᠵᠠᠰᠠᠬᠤ ᠪᠠ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠭᠤᠤᠯᠳᠠᠯᠭ᠎ᠠ ᠲᠠᠢ ᠭᠠᠵᠠᠷ ᠣᠷᠣᠨ ᠤ | ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠳᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠵᠤ᠂ ᠴᠠᠭ ᠤᠨ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠵᠤ ᠳᠠᠩᠰᠠ ᠠᠴᠠ ᠬᠠᠰᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠭᠠᠷ ᠤᠨ ᠪᠣᠬᠢᠷᠲᠤᠯ ᠢ | ᠬᠠᠮᠢᠶᠠᠷᠤᠨ ᠡᠵᠡᠮᠳᠡᠬᠦ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠯᠢᠨ ᠾᠧ ᠶᠢᠨ ᠭᠤᠣᠯ ᠬᠤᠲᠠ ᠶᠢᠨ ᠲᠣᠭᠤᠷᠢᠭ ᠤᠨ ᠬᠠᠵᠠᠭᠤ ᠬᠠᠪᠢ ᠶᠢᠨ | ᠪᠣᠬᠢᠷᠲᠤᠯ ᠦᠭᠡᠢ ᠳᠤᠯᠠᠭᠠᠯᠠᠭ᠎ᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠭᠠᠷ ᠤᠨ ᠶᠠᠰᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠦᠨᠡᠨ | ᠬᠦ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠠᠵᠢᠯ ᠢ ᠰᠠᠶᠢᠲᠤᠷ ᠠᠳᠬᠤᠵᠤ᠂ ᠤᠤᠭᠤᠬᠤ ᠤᠰᠤᠨ ᠤ ᠡᠬᠢ | ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠯᠢᠨ ᠾᠧ ᠶᠢᠨ ᠬᠤᠭᠤᠯᠠᠨ ᠭᠡᠷ ᠤᠨ ᠬᠤᠭ ᠨᠣᠪᠰᠢ ᠶᠢ | ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠤᠸᠠᠨ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠬᠡᠪᠴᠢᠶ᠎ᠡ ᠶᠢ ᠥᠷᠭᠡᠳᠬᠡᠨ᠎ᠡ᠃ ᠠᠮᠢ ᠠᠬᠤᠶ ᠶᠢᠨ ᠣᠷᠴᠢᠨ | ᠲᠤᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠦᠷᠢᠮ ᠤᠨ ᠦᠭᠡᠷᠡᠴᠢᠯᠡᠯᠲᠡ ᠬᠢᠨ᠎ᠡ᠃ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠴᠢᠩᠭᠠᠳᠬᠠᠨ᠎ᠠ᠃ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠲᠠᠶᠠᠭᠳᠠᠬᠤ᠂ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ᠂ ᠲᠣᠭᠲᠠᠭᠠᠯ ᠠᠴᠠ ᠵᠥᠷᠢᠴᠡᠭᠰᠡᠨ ᠲᠥᠷᠥᠯ ᠵᠦᠢᠯ ᠢ ᠢᠯᠭᠠᠷᠠᠭᠤᠯᠤᠨ ᠴᠡᠭᠴᠡᠯᠡᠬᠦ᠂ ᠴᠡᠪᠡᠷ | ᠡᠨᠧᠷᠭᠢ ᠪᠠᠷ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠨᠧᠷᠭᠢ ᠬᠡᠷᠡᠭᠯᠡᠬᠦ ᠣᠷᠣᠨ ᠵᠠᠶ ᠶᠢ ᠭᠠᠷᠭᠠᠵᠤ ᠥᠭᠭᠦᠨ᠎ᠡ᠃ ᠰᠢᠨ᠎ᠡ ᠪᠠᠷ ᠪᠠᠶᠢᠭᠤᠯᠬᠤ | ᠲᠥᠷᠥᠯ ᠵᠦᠢᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠦᠭᠦᠯᠵᠦ᠂ ᠡᠨᠧᠷᠭᠢ ᠬᠡᠷᠡᠭᠯᠡᠬᠦ | ᠲᠥᠰᠦᠪ ᠤᠨ ᠬᠠᠮᠢᠶᠠᠷᠤᠯᠲᠠ ᠪᠠ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ | ︵ᠭᠤᠷᠪᠠ︶ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠤᠨ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ︽ᠳᠥᠷᠪᠡ ᠶᠢ ᠠᠪᠴᠤ ᠬᠠᠶᠠᠬᠤ ᠦᠭᠡᠢ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠬᠢᠨ | ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠰ ᠢᠶᠠᠷ | ᠬᠠᠪᠰᠤᠷᠤᠨ ᠲᠡᠳᠬᠦᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠦᠨ᠂ ︽ᠡᠷᠤᠭᠡ ᠨᠢ ᠠᠵᠤ ᠠᠬᠤᠶᠢᠯᠠᠯ ᠢᠶᠠᠨ ᠲᠦᠰᠢᠭᠯᠡᠬᠦ︾᠂ ︽ᠠᠵᠢᠯ ᠦᠢᠯᠡᠰ ᠢ ᠬᠡᠯᠬᠢᠶᠡᠵᠢᠭᠦᠯᠬᠦ︾ ᠶᠢ ᠲᠦᠯᠬᠢᠨ ᠠᠬᠢᠭᠤᠯᠵᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ | ᠲᠡᠳᠬᠦᠮᠵᠢ ᠶᠢ ᠦᠷᠭᠦᠯᠵᠢᠯᠡᠨ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠦᠷ᠎ᠡ ᠠᠰᠢᠭ ᠢᠶᠠᠨ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠨᠢᠭᠡ ᠥᠨᠳᠥᠷ | ᠪᠠᠷᠢᠮᠵᠢᠶᠠᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠵᠢᠷᠭᠤᠭᠠᠨ ᠶᠡᠭᠡ ᠳᠠᠪᠠᠭᠤᠯᠢᠭ | ᠤᠨᠴᠠᠯᠢᠭᠳᠤ ᠠᠵᠤ ᠦᠢᠯᠡᠰ ᠤᠨ ᠲᠣᠭᠤᠷᠢᠨ ᠳᠤ ᠨᠢᠭᠡ ᠪᠦᠯᠦᠭ ᠲᠦᠮᠡᠨ ᠮᠥ ᠶᠢᠨ ᠵᠠᠬᠢᠶᠠᠯᠠᠭ᠎ᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠪᠣᠬᠢᠷᠲᠤᠯ | ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 200 ᠲᠦᠮᠡᠨ ᠮᠥ ᠠᠴᠠ ᠳᠡᠭᠡᠭᠰᠢ | ᠪᠠᠶᠢᠯᠭᠠᠬᠤ ᠶᠢ ᠪᠠᠲᠤᠯᠠᠨ᠎ᠠ᠃ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ | ᠂ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠵᠦ ᠪᠣᠯᠬᠤᠶᠢᠴᠠ | ᠰᠢᠰᠲ᠋ᠧᠮᠵᠢ᠂ ᠶᠠᠰᠤ ᠴᠢᠨᠠᠷ ᠤᠨ ᠪᠠᠲᠤᠯᠠᠭ᠎ᠠ ᠶᠢᠨ ᠳᠠᠭᠠᠳᠬᠠᠯ ᠤᠨ ᠰᠢᠰᠲ᠋ᠧᠮᠵᠢ ᠶᠢ ᠪᠦᠷᠢᠨᠰᠢᠬᠦᠯᠵᠦ᠂ ᠨᠠᠷᠠᠲᠤ ᠲᠡᠮᠳᠡᠭ ᠤᠨ ᠶᠡᠷᠦᠩᠬᠡᠶᠢᠯᠡᠨ ᠵᠢᠯᠣᠭᠤᠳᠴᠤ | ᠨᠡᠶᠢᠳᠬᠡᠬᠦ ᠴᠢᠳᠠᠪᠤᠷᠢ ᠶᠢ ᠨᠡᠮᠡᠭᠳᠡᠭᠦᠯᠦᠨ᠎ᠡ︔ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠡᠷᠬᠡ ᠣᠯᠭᠤᠭᠰᠠᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ | ᠲᠡᠳᠬᠦᠨ ᠳᠡᠮᠵᠢᠵᠦ᠂ ᠡᠷᠬᠡ ᠣᠯᠭᠤᠭᠰᠠᠨ ᠦᠢᠯᠡᠳᠬᠦᠨ ᠤ ᠪᠣᠷᠣᠯᠠᠭᠤᠯᠭ᠎ᠠ ᠶᠢᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠱᠦᠨ ᠹᠧᠩ ᠪᠥᠬᠦ | ᠪᠠᠷᠠᠭᠠᠨ ᠤ ᠠᠭᠠᠷ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠴᠢᠨᠠᠷ ᠰᠠᠶᠢᠲᠠᠶ ᠮᠠᠯ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ | ᠡᠯ᠎ᠡ ᠭᠠᠵᠠᠷ ᠲᠤ ᠲᠦᠷᠭᠡᠨ ᠬᠦᠷᠭᠡᠨ᠎ᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠢᠯᠢ᠂ ᠮᠧᠩ ᠨᠢᠦ ᠦᠨᠳᠦᠷ ᠲᠠᠰ ᠤᠨ | ᠣᠷᠭᠠᠨᠢᠭ ᠰᠦ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠮᠠᠯ ᠤᠨ ᠠᠰᠢᠭ | ᠰᠢᠮ᠎ᠡ ᠶᠢᠨ ᠠᠷᠠᠯᠵᠢᠶ᠎ᠠ ᠶᠢᠨ ᠲᠥᠪ ᠤᠨ ᠠᠰᠢᠭᠯᠠᠯᠲᠠ ᠳᠤ ᠤᠷᠤᠭᠤᠯᠬᠤ ᠶᠢ ᠲᠦᠯᠬᠢᠨ ᠠᠬᠢᠭᠤᠯᠤᠨ᠎ᠠ᠃ ᠳᠤᠮᠳᠠᠳᠤ - ᠠᠮᠧᠷᠢᠺᠠ᠂ ᠳᠤᠮᠳᠠᠳᠤ -ᠢᠰᠷᠧᠯ ᠵᠡᠷᠭᠡ | ᠳᠤᠮᠳᠠᠳᠤ ᠭᠠᠳᠠᠭᠠᠳᠤ ᠶᠢᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ | ᠠᠳᠬᠤᠨ᠎ᠠ᠃ ᠵᠦᠩ ᠬᠤᠸᠠ ᠪᠦᠯᠦᠭᠯᠡᠯ ᠤᠨ ᠰᠢᠶᠠᠨ ᠵᠧᠩ ᠳ᠋ᠠ ᠯᠤᠭ᠎ᠠ ᠬᠠᠮᠲᠤᠷᠠᠨ ᠲᠠᠷᠢᠶᠠᠯᠠᠩ ᠤᠨ MAP ᠲᠥᠪ ᠢ ᠪᠠᠶᠢᠭᠤᠯᠵᠤ᠂ ᠳᠠᠪᠠᠭᠤᠯᠢᠭ ᠲᠠᠷᠢᠮᠠᠯ ᠢ | ᠠᠵᠤ ᠦᠢᠯᠡᠰᠵᠢᠭᠦᠯᠬᠦ᠂ ᠤᠳᠤ ᠦᠶ᠎ᠡ ᠶᠢᠨ ᠲᠠᠷᠢᠶᠠᠯᠠᠩ ᠢ ᠤᠶᠤᠨᠴᠢᠯᠠᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠭᠡᠯ ᠣᠯᠣᠨ᠎ᠠ᠃ ︽ ᠪᠣᠷᠣᠲᠣᠬᠤᠢ· ᠲᠦᠩ | ᠯᠦᠸᠧ ᠸᠠᠨ︾ ᠵᠡᠷᠭᠡ ᠣᠳᠣ ᠦᠶ᠎ᠡ ᠶᠢᠨ ᠲᠠᠷᠢᠶᠠᠯᠠᠩ ᠤᠨ ᠣᠨᠴᠠᠯᠢᠭᠲᠤ ᠵᠢᠵᠢᠭ ᠪᠠᠯᠭᠠᠰᠤ ᠶᠢᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠦᠶᠤᠸᠠᠨ ᠰᠢᠶᠠᠨ᠂ | ᠯᠢᠨ ᠾᠧ ᠲᠣᠭᠤᠷᠢᠭ ᠤᠨ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ | ᠬᠤᠳᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠨ᠎ᠠ᠃ ᠪᠥᠬᠦ ᠤᠯᠤᠰ ᠤᠨ ᠨᠡᠷᠡᠨ ᠬᠤᠸᠠᠷ ᠤᠨ ᠶᠡᠭᠡ ᠬᠤᠷᠠᠯ᠂ ᠳᠤᠮᠳᠠᠳᠤ ᠤᠯᠤᠰ ᠤᠨ ᠬᠤᠨᠢᠨ ᠤ ᠦᠢᠯᠡᠰ ᠤᠨ | ᠬᠥᠭᠵᠢᠯᠲᠡ ᠶᠢᠨ ᠶᠡᠭᠡ ᠬᠤᠷᠠᠯ ᠢ ᠡᠷᠭᠢᠯᠡᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ | ᠪᠠᠷᠢᠮᠲᠠᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠬᠦ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠵᠦᠢᠯ ᠳᠤ ᠬᠡᠷᠡᠭᠯᠡᠬᠦ︾ | ᠶᠢ ᠰᠡᠷᠭᠡᠶᠢᠯᠡᠨ ᠬᠤᠷᠢᠭᠯᠠᠨ᠎ᠠ᠃ ᠭᠠᠵᠠᠷ ᠰᠢᠷᠣᠶ ᠪᠠᠷ ᠠᠮᠤ ᠪᠤᠳᠠᠭ᠎ᠠ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠪᠠᠨ ᠳᠡᠭᠡᠭᠰᠢᠯᠡᠭᠦᠯᠬᠦ | ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠬᠤᠵᠢᠷᠯᠢᠬ ᠭᠠᠵᠠᠷ ᠢ ᠰᠠᠶᠢᠵᠢᠷᠠᠭᠤᠯᠬᠤ ᠡᠷᠴᠢᠮ ᠢ | ᠴᠢᠩᠭᠠᠷᠠᠭᠤᠯᠵᠤ᠂ ᠤᠰᠤ ᠠᠷᠪᠢᠯᠠᠵᠤ ᠤᠰᠤᠯᠠᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠡᠭᠡᠯᠵᠢᠯᠡᠨ | ᠲᠠᠷᠢᠵᠤ ᠭᠦᠨ ᠬᠠᠭᠠᠯᠪᠤᠷᠢᠯᠠᠬᠤ ᠵᠡᠷᠭᠡ ᠮᠡᠷᠭᠡᠵᠢᠯ ᠢ ᠲᠥᠪᠯᠡᠷᠡᠭᠦᠯᠦᠨ ᠢᠵᠢ ᠪᠦᠷᠢᠳᠦᠭᠦᠯᠵᠦ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢ ᠰᠢᠯᠵᠢᠭᠦᠯᠬᠦ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠨ᠎ᠡ ᠪᠠᠷ 50 ᠲᠦᠮᠡᠨ ᠮᠦ ᠣᠷᠴᠢᠮ | ᠭᠠᠵᠠᠷ ᠰᠢᠷᠣᠢ ᠶᠢ ᠰᠢᠯᠵᠢᠭᠦᠯᠵᠦ᠂ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠤᠷᠤᠯᠠᠨ ᠬᠠᠭᠠᠯᠪᠤᠷᠢᠯᠠᠵᠤ ᠣᠷᠣᠯᠠᠨ ᠲᠠᠷᠢᠵᠤ ᠣᠷᠣᠯᠠᠨ ᠬᠤᠷᠢᠶᠠᠬᠤ | ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠵᠤ ᠬᠠᠭᠠᠰ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ | ᠬᠠᠲᠤᠨ ᠭᠤᠤᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠶᠢᠨ ᠭᠧᠨ ᠤ ᠬᠥᠮᠥᠷᠭᠡ ᠪᠠ ᠣᠲᠣ ᠦᠶ᠎ᠡ ᠶᠢᠨ ᠦᠷ᠎ᠡ ᠶᠢᠨ ᠦᠢᠯᠡᠰ ᠤᠨ ᠠᠵᠤ | ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠪᠠᠶᠠᠨᠨᠠᠭᠤᠷ ᠮᠧᠷᠨᠣᠰ ᠬᠤᠨᠢ ᠂ ᠬᠤ᠋ ᠶᠠᠩ ᠬᠤᠨᠢ᠂ ᠪᠣᠷᠣᠲᠣᠬᠤᠢ ᠶᠢᠨ ᠲᠣᠮᠣ ᠴᠢᠬᠢᠲᠦ ᠭᠠᠭ᠋ᠠᠢ᠂ | ᠭᠤᠪᠢ ᠶᠢᠨ ᠤᠯᠠᠭᠠᠨ ᠲᠡᠮᠡᠭᠡ᠂ ᠬᠤᠶᠠᠷ ᠪᠤᠭᠳᠠ ᠠᠭᠤᠯᠠᠨ ᠤ ᠴᠠᠭᠠᠨ ᠨᠣᠯᠤᠤᠷ ᠤᠨ ᠢᠮᠠᠭ᠎ᠠ᠂ ᠪᠣᠷᠣᠲᠣᠬᠤᠢ ᠶᠢᠨ ᠠᠯᠮᠤᠷᠠᠳᠯᠢᠭ ᠠᠯᠢᠮ᠎ᠠ᠂ ᠬᠤᠸᠠᠯᠠᠶᠢᠱᠢ ᠵᠡᠷᠭᠡ | ᠦᠷ᠎ᠡ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠥᠷᠨᠢᠭᠦᠯᠵᠦ᠂ ᠦᠷ᠎ᠡ ᠡᠭᠦᠯᠳᠡᠷ ᠤᠨ ᠦᠢᠯᠡᠰ ᠤᠨ ᠪᠤᠶᠢᠵᠢᠭᠤᠯᠤᠨ ᠦᠷᠡᠵᠢᠭᠦᠯᠵᠦ | ᠳᠡᠯᠭᠡᠷᠡᠭᠦᠯᠬᠦ ᠶᠢ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠶᠤᠸᠠᠨ ᠰᠢᠶᠠᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠭᠢᠨ 30 ᠵᠢᠯ ᠤᠷᠲᠤᠳᠬᠠᠬᠤ ᠪᠠ ᠰᠢᠨ᠎ᠡ ᠨᠢᠭᠡᠨ ᠡᠭᠡᠯᠵᠢ ᠶᠢᠨ ᠬᠥᠳᠡᠭᠡ ᠲᠣᠰᠬᠤᠨ ᠤ | ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠥᠷᠨᠢᠭᠦᠯᠬᠦ ᠶᠢ ᠳᠡᠮᠵᠢᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠨᠠᠷᠢᠯᠢᠭ ᠣᠨᠣᠴᠠᠲᠠᠶ ᠪᠠᠷ ᠤᠰᠤᠯᠠᠬᠤ ᠪᠠ ᠤᠰᠤ ᠠᠷᠪᠢᠯᠠᠬᠤ ᠶᠢ ᠱᠠᠩᠨᠠᠨ ᠬᠥᠬᠢᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠂ ᠶᠡᠭᠡ ᠪᠠᠷ ᠤᠰᠤ ᠠᠷᠪᠢᠯᠠᠬᠤ ᠶᠢ ᠠᠬᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯᠲᠦ ᠥᠭᠡᠷᠡᠴᠢᠯᠡᠯᠲᠡ ᠪᠠ ᠬᠠᠩᠭᠠᠯᠭ᠎ᠠ ᠶᠢᠨ ᠬᠤᠷᠰᠢᠶᠠᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠮᠠᠯᠴᠢᠨ ᠲᠠᠷᠢᠶᠠᠴᠢᠳ ᠤᠨ ᠬᠤᠷᠰᠢᠶᠠᠵᠢᠯ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ 3000 ᠬᠥᠮᠦᠨ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠠᠮᠢᠳᠤ ᠮᠠᠯ ᠤᠨ ᠪᠠᠷᠢᠴᠠᠭ᠎ᠠ + ᠳᠠᠭᠠᠳᠬᠠᠯ︾᠂ ᠢᠲᠡᠭᠡᠮᠵᠢ ᠶᠢᠨ | ᠪᠠᠲᠤᠯᠠᠭ᠎ᠠ ᠶᠢᠨ ᠳᠠᠭᠠᠳᠬᠠᠯ᠂ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠳᠤ ᠵᠢᠭᠡᠯᠡᠯᠭᠡ ᠵᠡᠷᠭᠡ | ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠦᠬᠡᠷ ᠤᠨ ᠬᠠᠰᠢᠶ᠎ᠠ᠂ ᠬᠤᠨᠢᠨ ᠤ ᠬᠠᠰᠢᠶ᠎ᠠ ᠶᠢᠨ ᠪᠠᠷᠢᠴᠠᠭᠠᠳᠤ ᠵᠢᠭᠡᠯᠡᠯᠭᠡ ᠶᠢ ᠰᠦᠪᠡᠭᠴᠢᠯᠡᠨ | ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃ ᠤᠷᠠᠳ ᠤᠨ ᠳᠤᠮᠳᠠᠳᠤ | ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ᠂ ᠦᠶᠤᠸᠠᠨ ᠰᠢᠶᠠᠨ ᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠪᠥᠬᠦ ᠣᠷᠣᠨ ᠳᠤ ᠲᠤᠷᠰᠢᠯᠭ᠎ᠠ ᠬᠤᠷᠠᠮᠳᠤᠭᠤᠯᠵᠤ᠂ ᠵᠢᠱᠢᠶ᠎ᠡ ᠦᠵᠡᠭᠦᠯᠦᠨ᠎ᠡ᠃ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠶᠠᠨ ᠤ ᠬᠤᠳᠠ ᠪᠠ ᠭᠤᠣᠯ ᠴᠤᠭᠯᠠᠭ᠎ᠠ ᠪᠠᠯᠭᠠᠰᠤ ᠶᠢ ᠬᠤᠳᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠦᠬᠦ ᠣᠷᠣᠨ ᠪᠦᠰᠡ ᠪᠦᠬᠦ ᠡᠯᠧᠮᠧᠨ᠋ᠲ ᠢᠶᠠᠷ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠰᠢᠶᠠᠨ ᠰᠢᠶᠠᠩ ᠲᠣᠰᠬᠤᠨ ᠤ ᠴᠢᠳᠠᠮᠵᠢ ᠶᠢ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ | ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠠ ᠪᠣᠬᠢᠷ ᠤᠰᠤ ᠶᠢ ᠵᠠᠰᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠢᠶᠠᠨ᠂ ᠵᠢᠱᠢᠶ᠎ᠡ ᠦᠵᠡᠭᠦᠯᠬᠦ ᠪᠠᠯᠭᠠᠰᠤ ᠶᠢ ᠪᠥᠲᠥᠭᠡᠨ ᠪᠠᠶᠢᠭᠤᠯᠵᠤ᠂ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ | ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ︽ᠳᠥᠷᠪᠡᠨ ᠰᠠᠶᠢᠨ︾ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | 500 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ 10 ᠲᠦᠮᠡᠨ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠶᠠᠰᠤ ᠴᠢᠨᠠᠷ ᠢ ᠰᠠᠶᠢᠵᠢᠷᠠᠭᠤᠯᠵᠤ᠂ ᠣᠢ | ᠰᠢᠭᠤᠶᠢᠵᠢᠭᠤᠯᠤᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠠᠰᠠᠭ ᠵᠠᠬᠢᠷᠭᠠᠨ ᠤ ᠲᠣᠰᠬᠤᠨ ᠳᠤ ᠨᠢᠭᠡ ᠪᠦᠯᠦᠭ 5G ᠰᠠᠭᠤᠷᠢ | ᠥᠷᠲᠡᠭᠡ ᠪᠠᠶᠢᠷᠢᠯᠠᠭᠤᠯᠤᠨ᠎ᠠ᠃ ᠬᠥᠳᠡᠭᠡ ᠠᠶᠢᠯ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ | ᠦᠢᠯᠡᠳᠦᠯ ᠢ ᠪᠠᠳᠠᠷᠠᠭᠤᠯᠤᠨ᠂ ︽ᠤᠶᠤᠨᠲᠤ ᠷᠠᠳᠢᠣ᠋ ᠲᠧᠯᠸᠢᠰ︾ ᠢᠶᠠᠷ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠮᠠᠯᠴᠢᠨ | ᠲᠠᠷᠢᠶᠠᠴᠢᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠲᠣᠰᠬᠤᠨ | ᠪᠠᠯᠭᠠᠰᠤ᠂ ᠪᠣᠬᠢᠷᠲᠤᠯ ᠥᠬᠡᠶ ᠠᠶᠢᠯ ᠲᠣᠰᠬᠤᠨ᠂ ᠠᠷᠠᠳᠴᠢᠯᠠᠯ ᠪᠠ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠰᠠᠶᠢᠲᠤᠷ ᠠᠳᠬᠤᠨ᠎ᠠ᠃ | ︵ᠳᠥᠷᠪᠡ︶ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠪᠠ ᠬᠢᠷᠢ | ᠲᠦᠪᠰᠢᠨ ᠢ ᠳᠡᠭᠡᠭᠰᠢᠯᠡᠭᠦᠯᠦᠨ᠎ᠡ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠰᠢᠨ᠎ᠡ ᠮᠡᠷᠭᠡᠵᠢᠯ᠂ ᠰᠢᠨ᠎ᠡ ᠤᠷᠠᠯᠠᠯ ᠪᠠ ᠰᠢᠨ᠎ᠡ ᠲᠣᠨᠤᠭ | ᠲᠥᠬᠦᠭᠡᠷᠦᠮᠵᠢ ᠶᠢ ᠬᠡᠷᠡᠭᠯᠡᠬᠦ ᠶᠢ ᠪᠠᠷᠢᠮᠲᠠᠯᠠᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ᠂ ᠠᠭᠤᠷᠬᠠᠶ ᠶᠢᠨ ᠲᠡᠮᠦᠷᠯᠢᠭ ᠪᠣᠯᠪᠠᠰᠤᠷᠠᠭᠤᠯᠬᠤ᠂ | ᠡᠨᠧᠷᠭᠢ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠢ | ᠳᠠᠬᠢᠨ ᠵᠣᠬᠢᠶᠠᠨ ᠪᠠᠶᠢᠭᠤᠯᠬᠤ ᠪᠠ ᠴᠢᠬᠤᠯᠠ ᠬᠦᠴᠦᠨ ᠵᠦᠢᠯ ᠪᠣᠯᠬᠤ ᠡᠬᠢ ᠪᠠᠶᠠᠯᠢᠭ ᠢ ᠨᠡᠶᠢᠳᠬᠡᠬᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ | ᠬᠡᠯᠬᠢᠶᠡᠰᠦ ᠶᠢ ᠴᠢᠩᠭᠠᠳᠬᠠᠬᠤ ᠶᠢ ᠠᠬᠢᠭᠤᠯᠵᠤ᠂ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠷᠦᠨ | ᠬᠠᠶ ᠶᠤᠸᠠᠨ ᠢᠳᠡᠰᠢᠨ ᠲᠠᠬᠢᠶ᠎ᠠ ᠶᠢᠨ ᠬᠤᠶᠠᠳᠤᠭᠠᠷ ᠬᠤᠭᠤᠴᠠᠭ᠎ᠠ᠂ ᠾᠧ ᠰᠢᠩ ᠯᠢ ᠱᠢᠷᠦᠨ ᠤᠨᠵᠢᠯᠭ᠎ᠠ ᠶᠢᠨ ᠤᠮᠳᠠᠭᠠᠨ᠂ ᠵᠣᠣ ᠴᠦᠨ ᠮᠢᠺᠷᠣᠪ ᠤᠨ ᠣᠷᠭᠠᠨᠢᠭ | ᠪᠠᠺᠲ᠋ᠧᠷᠢᠲᠤ ᠪᠣᠷᠲᠣᠭᠤᠷ ᠵᠡᠷᠭᠡ ᠲᠥᠷᠥᠯ ᠵᠦᠢᠯ ᠢ ᠬᠡᠷᠡᠭᠵᠢᠭᠦᠯᠵᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ | ᠾᠧᠢ ᠮᠣᠣ ᠬᠤᠶᠠᠳᠤᠭᠠᠷ ᠬᠤᠭᠤᠴᠠᠭ᠎ᠠ᠂ ᠭᠦᠸᠧ ᠴᠧᠩ ᠬᠦᠬᠦᠷᠲᠦ ᠲᠡᠮᠦᠷ ᠲᠢᠲ᠋ᠠᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠬᠤᠸᠠ ᠲᠦᠸᠧ | ᠠᠭᠤᠷᠬᠠᠶ ᠶᠢᠨ ᠦᠢᠯᠡᠰ ᠤᠨ ᠲᠡᠮᠦᠷ ᠤᠨ ᠠᠭᠤᠷᠬᠠᠶ ᠶᠢ ᠮᠠᠯᠲᠠᠵᠤ ᠰᠣᠩᠭᠤᠬᠤ᠂ ᠵᠦᠩ ᠨᠧᠩ ᠠᠮᠢᠳᠤ ᠪᠣᠳᠠᠰ ᠤᠨ ᠲᠦᠯᠡᠰᠢ ᠶᠢᠨ ᠡᠲ᠋ᠢᠯ ᠠᠯᠺᠣᠣᠯ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠦᠨᠡᠬᠢ | ᠬᠤᠭᠤᠴᠠᠭᠠᠨ ᠤ ᠭᠠᠷᠳᠠᠮ ᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠰᠢᠨ᠎ᠡ ᠪᠠᠷ ᠨᠡᠮᠡᠭᠳᠡᠭᠰᠡᠨ | ᠡᠨᠧᠷᠭᠢ ᠶᠢᠨ ᠬᠤᠷᠣᠭᠳᠠᠯ ᠢ ᠰᠢᠢᠳᠪᠦᠷᠢᠯᠡᠭᠰᠡᠨ ᠤᠷᠢᠲᠠᠯ ᠳᠣᠤᠷ᠎ᠠ᠂ ᠾᠧᠢ ᠮᠣᠣ ᠬᠤᠶᠠᠳᠤᠭᠠᠷ ᠬᠤᠭᠤᠴᠠᠭᠠᠨ ᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ | ᠢᠳᠡᠪᠬᠢᠲᠡᠶ ᠪᠠᠷ ᠠᠬᠢᠭᠤᠯᠤᠨ᠎ᠠ᠃ ᠭᠤᠸᠠᠩᠳᠦ᠋ᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠬᠢᠭᠡᠳ ᠰᠢᠤᠢ ᠢ ᠮᠠᠯ ᠠᠵᠤ ᠠᠬᠤᠶ᠂ ᠯᠦ ᠵᠧᠤ ᠶᠢᠨ ᠯᠣᠤ | ᠵᠢᠶᠤᠤ ᠪᠦᠯᠦᠭᠯᠡᠯ ᠬᠢᠭᠡᠳ ᠪᠣᠷᠣᠲᠣᠬᠤᠶ ᠶᠢᠨ ᠠᠷᠢᠬᠢᠨ ᠤ ᠦᠢᠯᠡᠰ᠂ ᠱᠠᠨᠳᠦ᠋ᠩ ᠤᠨ ᠱᠦᠶ ᠹᠠ ᠪᠦᠯᠦᠭᠯᠡᠯ ᠬᠢᠭᠡᠳ ᠷᠦᠨ ᠬᠠᠶ ᠶᠤᠸᠠᠨ ᠪᠣᠯᠤᠨ ᠴᠢᠩ ᠴᠢᠩ | ᠽᠣᠣ ᠶᠤᠸᠠᠨ ᠵᠡᠷᠭᠡ ᠠᠵᠤ ᠠᠬᠤᠶᠢᠯᠠᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠤᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠭᠦᠸᠧ ᠨᠧᠩ᠂ ᠶᠤᠸᠠᠨ ᠵᠢᠩ᠂ ᠵᠦᠩ ᠴᠤᠸᠠᠨ ᠵᠡᠷᠭᠡ ᠠᠵᠤ | ᠠᠬᠤᠶᠢᠯᠠᠯ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠵᠤ᠂ ᠴᠡᠪᠡᠷ ᠡᠨᠧᠷᠭᠢ ᠶᠢᠨ ᠰᠤᠷᠪᠤᠯᠵᠢ᠂ ᠶᠡᠭᠡ | ᠬᠡᠪᠴᠢᠶᠡᠨ ᠤ ᠡᠨᠧᠷᠭᠢ ᠬᠠᠳᠠᠭᠠᠯᠠᠬᠤ᠂ ᠡᠨᠧᠷᠭᠢ ᠶᠢᠨ ᠰᠤᠷᠪᠤᠯᠵᠢ ᠶᠢᠨ ᠲᠣᠨᠣᠭᠯᠠᠯ᠂ ᠤᠰᠤᠲᠥ᠋ᠷᠥᠭᠴᠢ ᠡᠨᠧᠷᠭᠢ᠂ ᠠᠮᠢ ᠠᠬᠤᠶ ᠶᠢᠨ ᠣᠷᠴᠢᠨ ᠲᠤᠭᠤᠷᠢᠨ ᠤ | ᠬᠠᠮᠠᠭᠠᠯᠠᠯᠲᠠ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ ᠢ | ᠬᠡᠷᠡᠭᠵᠢᠭᠦᠯᠦᠨ᠎ᠡ᠃ ᠱᠠᠩᠬᠠᠶ ᠰᠦᠮ᠎ᠡ ᠠᠴᠠ ᠱᠠᠨᠳᠦ᠋ᠩ ᠬᠥᠷᠬᠦ ᠣᠨᠴᠠ ᠥᠨᠳᠥᠷ ᠳᠠᠷᠤᠯᠲᠠᠲᠤ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠢᠵᠢ ᠪᠥᠷᠢᠳᠦᠭᠰᠡᠨ 160 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠭᠦᠸᠧ ᠬᠤᠸᠠ ᠶᠢᠨ ᠨᠠᠷᠠᠨ ᠤ | ᠢᠯᠴᠢ ᠪᠠᠷ ᠡᠯᠡᠰᠦ ᠶᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠤᠯᠤᠰ᠂ ᠮᠣᠩᠭᠤᠯ ᠤᠯᠤᠰ ᠤᠨ ᠬᠢᠯᠢ | ᠠᠯᠤᠰᠯᠠᠭᠰᠠᠨ ︽ᠢᠯᠴᠢ᠂ ᠰᠠᠯᠬᠢ᠂ ᠭᠡᠷᠡᠯᠴᠢ ᠴᠡᠨᠡᠭ ᠨᠥᠭᠡᠴᠡ︾ ᠶᠢᠨ ᠮᠢᠩᠭᠠᠨ ᠲᠦᠮᠡᠨ ᠺᠢᠯᠣᠸᠠᠲ ᠤᠨ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ᠂ | ︽ᠴᠠᠬᠢᠯᠭᠠᠨ ᠤ ᠰᠤᠷᠪᠤᠯᠵᠢ ᠪᠠ ᠲᠣᠣᠷ ᠳᠠᠭᠠᠭᠠᠴᠠ ᠨᠥᠭᠡᠴᠡ︾ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ᠂ ᠪᠢ ᠭᠦᠢ ᠶᠤᠸᠠᠨ ᠭᠡᠷᠡᠯ | ᠢᠯᠴᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠵᠡᠷᠭᠡ ᠲᠦᠷᠦᠯ ᠵᠦᠢᠯ ᠵᠡᠷᠭᠡ ᠶᠢ ᠬᠡᠷᠡᠭᠵᠢᠭᠦᠯᠦᠨ᠎ᠡ︔ ᠶᠤᠸᠠᠨ ᠵᠢᠩ᠂ ᠱᠸᠤ ᠰᠢᠨ ᠰᠠᠯᠬᠢᠨ ᠬᠦᠴᠦᠨ ᠤ ᠮᠠᠰᠢᠨ | ᠦᠢᠯᠡᠳᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠳ᠋ᠦᠩ ᠹᠠᠩ ᠿᠢ ᠱᠧᠩ ᠳᠡᠭᠡᠳᠤ ᠴᠡᠪᠡᠷᠴᠡ ᠲᠠᠯᠠᠰᠲᠤ ᠴᠠᠬᠢᠭᠤᠷ᠂ ᠳ᠋ᠢᠶᠠᠨ ᠤᠤᠢ ᠶᠢᠨ ᠲᠣᠨᠣᠭᠯᠠᠭᠠᠰᠤ᠂ ᠺᠧ ᠱᠧᠩ | ᠲᠠᠩ ᠲᠠᠯᠠᠰᠲᠤ ᠴᠠᠬᠢᠭᠤᠷ᠂ ᠾᠧᠩ ᠵᠢᠶᠠ ᠪᠢᠳᠤᠷᠢᠶ᠎ᠠ ᠶᠢᠨ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ | ᠪᠠᠯ ᠴᠢᠯᠠᠭᠤᠨ ᠤ ᠠᠵᠤ ᠦᠢᠯᠡᠰ ᠤᠨ ᠬᠥᠭᠵᠢᠯᠲᠡ᠂ ᠪᠠᠯ ᠴᠢᠯᠠᠭᠤᠨ ᠤ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠵᠦᠩ ᠴᠤᠸᠠᠨ ᠬᠦᠨᠳᠦ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ᠂ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ᠂ ᠬᠤᠳᠠ | ᠬᠥᠳᠡᠭᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠪᠣᠳᠠᠲᠠᠶ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢᠨ ᠴᠡᠭ ᠢ | ᠢᠳᠡᠪᠬᠢᠲᠡᠢ ᠲᠡᠮᠡᠴᠡᠨ ᠤᠯᠵᠤ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠶᠢᠨ ᠪᠠᠷᠢᠮᠵᠢᠶ᠎ᠠ ᠶᠢ ᠲᠤᠭᠤᠰᠢᠯᠠᠭᠤᠯᠬᠤ | ᠲᠤᠷᠰᠢᠯᠲᠠ ᠶᠢᠨ ᠴᠡᠭ᠂ ︽ᠲᠦᠮᠡᠨ ᠠᠵᠤ ᠠᠬᠤᠶᠢᠯᠠᠯ ᠢ ᠡᠭᠦᠯᠡᠨ ᠪᠤᠳᠤᠯᠲᠠ ᠳᠤ ᠤᠷᠤᠭᠤᠯᠬᠤ︾ ᠠᠵᠢᠯᠯᠠᠭ᠎ᠠ ᠶᠢ ᠠᠬᠢᠭᠤᠯᠵᠤ᠂ ᠠᠵᠤ ᠦᠢᠯᠡᠳᠪᠦᠷᠢ ᠶᠢᠨ | ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ | ᠢᠳᠡᠪᠬᠢᠲᠡᠶ ᠬᠥᠭᠵᠢᠭᠦᠯᠵᠦ᠂ ᠳ᠋ᠠ ᠵᠦᠩ ᠠᠭᠤᠷᠬᠠᠶ ᠶᠢᠨ ᠦᠢᠯᠡᠰ ᠤᠨ ᠭᠤᠣᠯ ᠬᠤᠪᠢᠴᠠᠭᠠᠨ ᠳᠤ ᠭᠠᠷᠭᠠᠬᠤ ᠶᠢ ᠪᠡᠶᠡᠯᠡᠭᠦᠯᠦᠨ᠂ ᠰᠢᠩ ᠯᠢᠶᠠᠨ ᠰᠢᠩ᠂ ᠾᠧᠩ | ᠹᠧᠩ᠂ ᠲᠢᠶᠠᠨ ᠾᠧᠩ᠂ ᠶᠢᠨ ᠼᠤᠤ ᠶᠤᠸᠠᠨ᠂ ᠰᠠᠨ ᠷᠦᠢ ᠵᠡᠷᠭᠡ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠠᠬᠢᠴᠠ ᠶᠢ ᠲᠦᠷᠭᠡᠳᠬᠡᠵᠦ | ᠂ ᠨᠡᠷᠡᠨ ᠬᠤᠸᠠᠷ ᠤᠨ ᠦᠷ᠎ᠡ ᠶᠢᠨ ᠬᠤᠭᠤᠴᠠᠭᠠᠲᠤ ᠪᠠᠷᠠᠭ᠎ᠠ ᠶᠢ ᠫᠠᠶᠢᠰᠠ ᠡᠯᠭᠦᠨ ᠰᠲ᠋ᠣᠺ ᠤᠨ ᠵᠠᠬ᠎ᠠ ᠳᠤ ᠭᠠᠷᠭᠠᠬᠤ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯᠳᠤ | ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡ ᠶᠢ ᠪᠤᠶᠢᠵᠢᠭᠤᠯᠤᠨ ᠬᠥᠭᠵᠢᠭᠦᠯᠦᠨ᠎ᠡ᠃ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠠᠰᠢᠭᠯᠠᠨ ᠳᠤᠮᠳᠠ ᠵᠢᠵᠢᠭ ᠪᠠᠩᠬᠢ ᠳᠤ ᠬᠦᠷᠦᠩᠭᠡ ᠨᠥᠬᠦᠪᠥᠷᠢᠯᠡᠬᠦ ᠠᠵᠢᠯ ᠢ ᠰᠠᠶᠢᠲᠤᠷ ᠠᠳᠬᠤᠵᠤ᠂ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ | ᠠᠷᠢᠯᠭᠠᠵᠤ᠂ ᠣᠨ ᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ | ᠬᠠᠲᠤᠨ ᠭᠤᠤᠯ ᠤᠨ ︽ᠵᠢᠢ︾ ᠥᠰᠥᠭ ᠤᠨ ᠰᠣᠶᠣᠯ ᠵᠢᠭᠤᠯᠴᠢᠯᠠᠯ ᠤᠨ ᠪᠦᠰᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠲᠤᠨ ᠭᠤᠤᠯ ᠤᠨ | ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠮᠤᠨᠠ ᠠᠭᠤᠯᠠ ᠶᠢᠨ ᠵᠢᠭᠤᠯᠴᠢᠯᠠᠯ᠂ ᠣᠷᠳᠣ ᠴᠠᠭᠠᠨ ᠬᠡᠷᠡᠮ ᠤᠨ ᠵᠢᠭᠤᠯᠴᠢᠯᠠᠯ᠂ ᠲᠠᠯ᠎ᠠ ᠨᠤᠲᠤᠭ ᠤᠨ | ᠵᠢᠭᠤᠯᠴᠢᠯᠠᠯ ᠵᠡᠷᠭᠡ ᠤᠨᠴᠠᠯᠢᠭᠳᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠨᠢᠭᠡ ᠪᠦᠯᠦᠭ ᠰᠣᠶᠣᠯ ᠵᠢᠭᠤᠯᠴᠢᠯᠠᠯ ᠤᠨ ᠴᠢᠬᠤᠯᠠ ᠶᠡᠭᠡ ᠲᠥᠷᠥᠯ ᠵᠦᠢᠯ ᠢ | ᠣᠷᠣᠭᠤᠯᠤᠨ ᠠᠪᠴᠢᠷᠠᠵᠤ ᠬᠡᠷᠡᠭᠵᠢᠭᠦᠯᠦᠨ᠂ ᠪᠣᠷᠣᠲᠣᠬᠤᠶ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠬᠠᠲᠤᠨ ᠭᠤᠤᠯ ᠤᠨ ᠰᠤᠶᠤᠯ | ᠢᠷᠭᠡᠨᠰᠢᠯ ᠤᠨ ᠤᠨᠴᠠᠯᠢᠭᠳᠤ ᠵᠢᠵᠢᠭ ᠪᠠᠯᠭᠠᠰᠤ᠂ ᠦᠶᠤᠸᠠᠨ ᠤ ᠶᠢᠨ ᠰᠢᠶᠠᠩ ᠰᠣᠶᠣᠯ ᠤᠨ ᠵᠢᠭᠤᠯᠴᠢᠯᠠᠯ ᠤᠨ ᠪᠦᠲᠦᠭᠡᠯᠴᠢ ᠲᠥᠰᠦᠪᠯᠡᠯ ᠤᠨ ᠬᠦᠷᠢᠶᠡᠯᠡᠩ ᠬᠤᠸᠠ | ᠵᠧᠩ ᠰᠣᠶᠣᠯ ᠵᠢᠭᠤᠯᠴᠢᠯᠠᠯ ᠤᠨ ᠬᠥᠳᠡᠭᠡ ᠲᠣᠰᠬᠤᠨ ᠤ ᠠᠷᠠᠳ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠳᠤᠮᠳᠠᠳᠤ ᠤᠯᠤᠰ᠂ ᠮᠣᠩᠭᠤᠯ ᠤᠯᠤᠰ ᠤᠨ ᠬᠢᠯᠢ ᠠᠯᠤᠰᠯᠠᠭᠰᠠᠨ ᠵᠢᠭᠤᠯᠴᠢᠯᠠᠯ ᠢ ᠢᠳᠡᠪᠬᠢᠲᠡᠶ ᠬᠥᠭᠵᠢᠭᠦᠯᠵᠦ᠂ ᠤᠯᠤᠰ ᠤᠨ ᠬᠢᠯᠢ ᠶᠢᠨ ᠵᠢᠭᠤᠯᠴᠢᠯᠠᠯ ᠤᠨ | ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃ ︽ᠠᠶᠠᠯᠠᠯ ᠨᠡᠪᠲᠡᠷᠡᠬᠦ + ᠵᠢᠭᠤᠯᠴᠢᠯᠠᠯ︾ ︽ᠠᠶᠠᠯᠠᠯ ᠨᠡᠪᠲᠡᠷᠡᠬᠦ + ᠪᠡᠶ᠎ᠡ ᠶᠢᠨ ᠲᠠᠮᠢᠷ︾ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠲᠦᠷᠭᠡᠳᠬᠡᠨ᠎ᠡ᠃ ᠤᠯᠠᠭᠠᠨᠰᠤᠬᠠᠢ ᠶᠢ ᠲᠤᠭᠤᠷᠢᠭᠰᠠᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ᠂ ᠪᠥᠬᠦ | ᠤᠯᠤᠰ ᠤᠨ ᠪᠣᠬᠢᠷᠲᠤᠯ ᠥᠬᠡᠶ ᠬᠤᠲᠠ ᠶᠢᠨ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠭᠤᠪᠢ ᠶᠢᠨ ᠰᠣᠶᠣᠯ ᠤᠨ ᠪᠦᠲᠦᠭᠡᠯᠴᠢ | ᠲᠥᠰᠦᠪᠯᠡᠯ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠨ᠎ᠡ︔ ᠭᠠᠶᠢᠯᠢ ᠪᠠᠲᠤᠯᠠᠬᠤ ᠡᠳ᠋ ᠪᠠᠷᠠᠭᠠᠨ ᠤ ᠭᠦᠢᠯᠭᠡᠭᠡᠨ ᠤ ᠲᠥᠪ ᠤᠨ ᠴᠢᠳᠠᠮᠵᠢ ᠶᠢ ᠪᠣᠳᠠᠲᠠᠢ ᠥᠷᠭᠡᠳᠬᠡᠨ᠂ | ᠵᠡᠰ ᠤᠨ ᠪᠠᠶᠠᠵᠢᠮᠠᠯ᠂ ᠵᠢᠮᠢᠰ ᠨᠣᠭᠤᠭ᠎ᠠ ᠵᠡᠷᠭᠡ ᠪᠦᠲᠦᠭᠡᠭᠳᠡᠬᠦᠨ ᠤ ᠭᠠᠶᠢᠯᠢ ᠶᠢᠨ ᠪᠠᠲᠤᠯᠠᠭᠠᠲᠤ ᠬᠥᠮᠥᠷᠭᠡᠯᠡᠨ ᠬᠠᠳᠠᠭᠠᠯᠠᠬᠤ ᠲᠤᠬᠠᠶᠢᠯᠠᠭᠰᠠᠨ ᠠᠵᠢᠯ ᠢ | ᠥᠷᠭᠡᠳᠬᠡᠨ᠎ᠡ᠃ ᠯᠢᠨ ᠾᠧ ᠲᠣᠭᠤᠷᠢᠭ ᠤᠨ ᠳᠡᠮᠤᠷ ᠵᠠᠮ ᠤᠨ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠤᠨ ᠳᠦᠷᠦᠯ ᠵᠦᠢᠯ ᠤᠨ ᠪᠦᠳᠦᠬᠡᠨ | ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠳᠠᠭᠠᠭᠠᠴᠠ ᠲᠠᠢ ᠬᠤᠲᠠ ᠪᠠ ᠬᠠᠭᠤᠷᠠᠶ ᠳᠡᠭᠡᠷᠡᠬᠢ | ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠣᠯᠭᠠᠬᠤ ᠪᠠᠷ ᠭᠤᠶᠤᠴᠢᠯᠠᠨ ᠮᠡᠳᠡᠭᠦᠯᠦᠨ᠎ᠡ ᠃ | ︵ᠳᠠᠪᠤ︶ ᠪᠦᠳᠦᠮᠵᠢᠳᠠᠢ ᠬᠡᠷᠡᠭᠴᠡᠭᠡ ᠶᠢ ᠬᠦᠴᠦᠯᠡᠨ ᠦᠷᠭᠡᠳᠬᠡᠵᠦ᠂ ᠠᠵᠤ ᠠᠬᠤᠢ ᠶᠢᠨ ᠳᠤᠭᠳᠠᠭᠤᠨ ᠨᠡᠮᠡᠭᠳᠡᠯ ᠢ ᠲᠦᠯᠬᠢᠨ ᠠᠬᠢᠭᠤᠯᠤᠨ᠎ᠠ | ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠦᠬᠦ ᠵᠢᠯ ᠳᠤ ᠭᠤᠤᠯᠳᠠᠯᠭ᠎ᠠ ᠲᠠᠢ ᠲᠦᠷᠦᠯ ᠵᠦᠢᠯ ᠢ 188 | ᠬᠡᠷᠡᠭᠵᠢᠭᠦᠯᠬᠦ ᠪᠠᠷ ᠲᠦᠯᠦᠪᠯᠡᠵᠦ᠂ 280 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠎ᠠ᠃ ᠪᠤᠭᠤᠳᠤ ᠠᠴᠠ ᠢᠷᠭᠠᠢ ᠬᠦᠷᠬᠦ ᠲᠦᠷᠭᠡᠨ ᠤ | ᠳᠡᠮᠤᠷ ᠵᠠᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠪᠡᠭᠡᠵᠢᠩ ᠠᠴᠠ ᠯᠢᠨ ᠾᠧ ᠬᠦᠷᠬᠦ ᠬᠥᠳᠡᠯᠭᠡᠬᠦ ᠬᠦᠴᠦᠨᠲᠦ ᠭᠠᠯᠲᠤ ᠲᠡᠷᠭᠡ ᠶᠢ ᠨᠡᠪᠳᠡᠷᠡᠭᠦᠯᠵᠦ᠂ | ᠠᠶᠠᠯᠠᠯ ᠤᠨ ᠴᠠᠭ ᠢ ᠤᠳᠤ ᠶᠢᠨ 13 ᠴᠠᠭ ᠠᠴᠠ 6 ᠴᠠᠭ ᠪᠤᠯᠳᠠᠯ᠎ᠠ ᠪᠤᠭᠤᠨᠢᠰᠬᠠᠨ᠎ᠠ᠃ S39 ᠭᠠᠭᠴᠠᠮᠤᠳᠤ ᠠᠴᠠ ᠬᠠᠯᠢᠭᠤᠳᠤ ᠬᠦᠷᠬᠦ ᠬᠡᠰᠡᠭ᠂ 110 | ᠤᠯᠤᠰ ᠤᠨ ᠵᠠᠮ ᠤᠨ ᠬᠤᠶᠠᠷ ᠬᠤᠳᠳᠤᠭ ᠠᠴᠠ ᠳᠡᠨᠵᠢᠲᠡᠢ ᠬᠦᠷᠬᠦ ᠵᠢᠴᠢ ᠬᠤᠶᠠᠷᠮᠤᠳᠤ ᠠᠴᠠ ᠳ᠋ᠧᠩᠺᠸᠤ ᠬᠦᠷᠬᠦ ᠬᠡᠰᠡᠭ ᠵᠢᠴᠢ ᠳ᠋ᠧᠩᠺᠸᠤ ᠶᠢᠨ ᠬᠠᠳᠤᠨ | ᠭᠤᠤᠯ ᠤᠨ ᠳᠤᠮᠤ ᠬᠦᠬᠦᠷᠭᠡ᠂ 242 ᠤᠯᠤᠰ ᠤᠨ ᠵᠠᠮ ᠤᠨ ᠯᠢᠨ ᠾᠧ ᠪᠠᠷ ᠦᠩᠭᠡᠷᠡᠬᠦ ᠬᠡᠰᠡᠭ᠂ 335 ᠤᠯᠤᠰ ᠤᠨ ᠵᠠᠮ ᠤᠨ ᠤᠷᠠᠳ ᠤᠨ ᠳᠤᠮᠳᠠᠳᠤ | ᠬᠤᠰᠢᠭᠤᠨ ᠤ ᠬᠡᠰᠡᠭ᠂ 311 ᠮᠤᠵᠢ ᠶᠢᠨ ᠵᠠᠮ ᠤᠨ ᠤᠷᠠᠳ ᠤᠨ ᠡᠮᠦᠨᠡᠳᠦ ᠬᠤᠰᠢᠭᠤᠨ ᠤ ᠬᠡᠰᠡᠭ᠂ 215 ᠮᠤᠵᠢ ᠶᠢᠨ ᠵᠠᠮ ᠤᠨ ᠤᠤᠪᠤᠯᠠᠭ ᠤᠨ ᠠᠮᠠ ᠠᠴᠠ | ᠰᠢᠨ ᠠᠨ ᠬᠦᠷᠬᠦ ᠬᠡᠰᠡᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ 628 ᠤᠯᠤᠰ ᠤᠨ ᠵᠠᠮ ᠤᠨ ᠬᠠᠳᠤᠨ ᠭᠤᠤᠯ ᠳᠠᠭᠠᠤ ᠶᠢᠨ | ᠵᠠᠰᠠᠮᠠᠯ ᠵᠠᠮ ᠤᠨ ᠳᠡᠰ ᠳᠡᠪᠰᠢᠭᠦᠯᠬᠦ ᠦᠭᠡᠷᠡᠴᠢᠯᠡᠯᠳᠡ ᠶᠢᠨ ᠲᠦᠷᠦᠯ ᠵᠦᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠪᠤᠷᠤᠳᠤᠬᠤᠢ ᠶᠢᠨ | ᠤᠰᠤᠯᠠᠯᠳᠠ ᠶᠢᠨ ᠤᠷᠤᠨ ᠤ ᠦᠷᠭᠦᠯᠵᠢᠯᠡᠨ ᠪᠦᠳᠦᠭᠡᠨ ᠪᠠᠶᠢᠭᠤᠯᠬᠤ ᠲᠦᠬᠦᠷᠴᠢᠯᠡᠯᠳᠡ ᠪᠠ ᠤᠳᠤᠬᠢᠴᠢᠯᠠᠯᠳᠠ ᠶᠢᠨ ᠦᠭᠡᠷᠡᠴᠢᠯᠡᠯᠳᠡ᠂ ᠦᠶᠡᠷ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠵᠢᠴᠢ ᠤᠰᠤᠨ ᠤ ᠰᠤᠷᠪᠤᠯᠵᠢ ᠶᠢᠨ ᠪᠠᠭᠳᠠᠭᠠᠮᠵᠢ᠂ ᠤᠰᠤ ᠬᠦᠷᠦᠰᠦ ᠶᠢ ᠬᠠᠮᠠᠭᠠᠯᠠᠬᠤ ᠵᠠᠰᠠᠯᠳᠠ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ | ︽ᠤᠶᠤᠨᠳᠤ ᠤᠰᠤᠯᠠᠯᠳᠠ ᠶᠢᠨ ᠤᠷᠤᠨ︾ ᠤ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠬᠡᠨ᠋ᠡᠦ᠋ᠨᠳᠦᠷ ᠤᠨ 220 ᠺᠢᠯᠦᠸᠤᠯᠲ᠂ | ᠵᠢᠶᠠᠨ ᠨᠠᠨ ᠤ 110 ᠺᠢᠯᠦᠸᠤᠯᠲ ᠵᠡᠷᠭᠡ ᠴᠠᠬᠢᠯᠭᠠᠨ ᠳᠠᠮᠵᠢᠭᠤᠯᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠰᠦᠯᠵᠢᠶ᠎ᠡ ᠶᠢ | ᠦᠭᠡᠷᠡᠴᠢᠯᠡᠵᠦ ᠳᠡᠰ ᠳᠡᠪᠰᠢᠭᠦᠯᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ︽ᠬᠤᠶᠠᠷ ᠰᠢᠨ᠎ᠡ ᠨᠢᠭᠡ ᠭᠤᠤᠯᠳᠠᠯᠭ᠎ᠠ︾ ᠶᠢᠨ | ᠳᠤᠭᠤᠷᠢᠨ ᠳᠤ᠂ ᠨᠢᠭᠡ ᠪᠦᠯᠦᠭ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠰᠦᠪᠡᠭᠴᠢᠯᠡᠵᠦ᠂ ᠬᠤᠰᠢᠭᠤ | ᠰᠢᠶᠠᠨ ᠳᠤᠭᠤᠷᠢᠭ ᠲᠤ 5G ᠶᠢ ᠨᠡᠶᠢᠳᠡᠮ ᠪᠦᠷᠬᠦᠬᠦᠯᠬᠦ ᠶᠢ ᠲᠦᠯᠬᠢᠨ ᠠᠬᠢᠭᠤᠯᠤᠨ᠎ᠠ᠃ ᠰᠠᠭᠤᠷᠢ ᠲᠦᠬᠦᠭᠡᠷᠦᠮᠵᠢ ᠶᠢᠨ ᠬᠦᠷᠢᠶ᠎ᠡ ᠴᠠᠷᠠᠭ᠎ᠠ ᠳᠠᠬᠢ ᠦᠯᠦ ᠬᠦᠳᠡᠯᠬᠦ | ᠬᠦᠷᠦᠩᠭᠡ ᠶᠢᠨ ᠪᠡᠯᠡ ᠤᠷᠤᠭᠤᠯᠤᠯᠳᠠ ᠶᠢᠨ ᠢᠲᠡᠭᠡᠮᠵᠢ ᠶᠢᠨ ᠰᠠᠭᠤᠷᠢ ᠮᠥᠩᠭᠦᠨ ᠤ ᠳᠤᠷᠰᠢᠯᠳᠠ ᠶᠢᠨ ᠴᠡᠭ ᠤᠨ ᠲᠦᠷᠦᠯ ᠵᠦᠢᠯ ᠢ ᠭᠤᠶᠤᠴᠢᠯᠡᠨ ᠮᠡᠳᠡᠭᠦᠯᠬᠦ | ᠠᠵᠢᠯ ᠢ ᠰᠦᠪᠡᠭᠴᠢᠯᠡᠨ ᠦᠷᠨᠢᠭᠦᠯᠦᠨ᠎ᠡ᠃ ᠬᠤᠳᠠ ᠶᠢᠨ ᠡᠳ᠋ ᠤᠨ ᠵᠠᠰᠠᠭ ᠤᠨ ᠲᠦᠰᠦᠪ ᠲᠤ ᠴᠢᠬᠤᠯᠠ ᠶᠡᠭᠡ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ | ᠵᠠᠷᠤᠳᠠᠯ ᠢ ᠳᠤᠬᠢᠷᠠᠭᠤᠯᠤᠨ᠎ᠠ᠃ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠ ᠶᠢᠨ ᠪᠦᠳᠦᠭᠡᠨ | ᠪᠠᠶᠢᠭᠤᠯᠤᠯᠳᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶ᠎ᠡ ᠴᠠᠷᠠᠭᠠᠨ ᠤ ᠴᠢᠬᠤᠯᠠ ᠲᠦᠷᠦᠯ ᠵᠦᠢᠯ ᠢ ᠨᠢᠭᠡᠳᠦᠯᠳᠠᠢ ᠲᠦᠯᠦᠪᠵᠢᠭᠦᠯᠦᠨ | ᠲᠦᠯᠬᠢᠨ ᠠᠬᠢᠭᠤᠯᠤᠨ᠎ᠠ᠃ | ᠶᠡᠭᠡ ᠪᠠᠷ ᠨᠡᠭᠡᠭᠡᠯᠲᠡ ᠬᠢᠵᠦ ᠬᠠᠮᠲᠤᠷᠠᠨ ᠠᠵᠢᠯᠯᠠᠵᠤ ᠠᠷᠠᠯᠵᠢᠶᠠᠴᠢᠨ ᠤᠷᠢᠵᠤ ᠪᠡᠯᠡ ᠳᠠᠳᠠᠨ ᠤᠷᠤᠭᠤᠯᠬᠤ ᠶᠢ ᠰᠠᠶᠢᠳᠤᠷ ᠠᠳᠬᠤᠨ᠎ᠠ᠃ | ᠬᠦᠭᠵᠢᠭᠦᠯᠦᠯᠳᠡ ᠨᠢ ᠪᠡᠯᠡ ᠤᠷᠤᠭᠤᠯᠤᠯᠳᠠ ᠳᠤ ᠲᠦᠰᠢᠭᠯᠡᠵᠦ᠂ ᠪᠡᠯᠡ ᠤᠷᠤᠭᠤᠯᠤᠯᠳᠠ ᠨᠢ ᠲᠦᠷᠦᠯ ᠵᠦᠢᠯ ᠳᠤ ᠲᠦᠰᠢᠭᠯᠡᠵᠦ᠂ ᠲᠦᠷᠦᠯ ᠵᠦᠢᠯ ᠨᠢ | ᠠᠷᠠᠯᠵᠢᠶᠠᠴᠢᠨ ᠤᠷᠢᠬᠤ ᠳᠤ ᠲᠦᠰᠢᠭᠯᠡᠬᠦ ᠤᠢᠢᠯᠠᠭᠠᠭᠳᠠᠬᠤᠨ ᠢ ᠪᠠᠳᠤ ᠪᠤᠢ ᠪᠤᠯᠭᠠᠵᠤ᠂ ᠠᠵᠤ ᠦᠢᠯᠡᠰ ᠤᠨ ᠪᠠᠶᠢᠷᠢᠰᠢᠭᠤᠯᠤᠯᠳᠠ ᠪᠠ ᠬᠦᠭᠵᠢᠯᠳᠡ ᠶᠢᠨ ᠪᠠᠶᠢᠷᠢ | ᠳᠤᠭᠳᠠᠭᠠᠯᠳᠠ ᠳᠤ ᠰᠠᠭᠤᠷᠢᠯᠠᠨ᠂ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠦᠨ ᠥᠭᠡᠷᠡᠴᠢᠯᠡᠬᠦ᠂ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ᠂ ᠬᠢᠯᠢ ᠶᠢᠨ | ᠪᠤᠭᠤᠮᠳᠠ ᠶᠢᠨ ᠠᠵᠤ ᠠᠬᠤᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠠ ᠴᠠᠷᠠᠭᠠᠨ ᠤ ᠳᠤᠭᠤᠷᠢᠨ ᠳᠤ᠂ ᠨᠡᠩ ᠤᠯᠠᠨ ᠳᠤᠮᠤ ᠲᠦᠷᠦᠯ ᠵᠦᠢᠯ | ᠂ ᠰᠠᠶᠢᠨ ᠲᠦᠷᠦᠯ ᠵᠦᠢᠯ ᠢ ᠳᠠᠳᠠᠨ ᠤᠷᠤᠭᠤᠯᠬᠤ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠳᠠᠳᠠᠨ ᠤᠷᠤᠭᠤᠯᠬᠤ ᠠᠷᠭ᠎ᠠ ᠬᠡᠯᠪᠡᠷᠢ ᠳᠤ ᠰᠢᠨ᠎ᠡ ᠶᠢ | ᠡᠭᠦᠳᠴᠦ᠂ ᠳᠤᠭᠤᠢᠢᠯᠠᠩ ᠬᠤᠪᠢᠶᠠᠨ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠭᠤᠯᠬᠤ᠂ ᠠᠵᠤ ᠦᠢᠯᠡᠰ ᠤᠨ ᠬᠡᠯᠬᠢᠶ᠎ᠡ ᠪᠠᠷ | ᠠᠷᠠᠯᠵᠢᠶᠠᠴᠢᠨ ᠤᠷᠢᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠠᠷᠠᠯᠵᠢᠶᠠᠴᠢᠨ ᠤᠷᠢᠵᠤ ᠪᠡᠯᠡ ᠳᠠᠳᠠᠨ ᠤᠷᠤᠭᠤᠯᠬᠤ ᠵᠠᠮ ᠮᠦᠷ ᠢ ᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠳᠠᠳᠠᠨ ᠤᠷᠤᠭᠤᠯᠬᠤ | ᠠᠵᠢᠯ ᠤᠨ ᠨᠠᠷᠢᠨ ᠤᠨᠤᠪᠴᠢᠳᠤ ᠴᠢᠨᠠᠷ ᠪᠠ ᠪᠤᠳᠠᠳᠠᠢ ᠪᠦᠳᠦᠮᠵᠢᠳᠤ ᠴᠢᠨᠠᠷ ᠢ ᠴᠢᠩᠭᠠᠳᠬᠠᠨ᠎ᠠ᠃ ᠲᠦᠷᠦᠯ ᠵᠦᠢᠯ ᠢ ᠮᠦᠷᠳᠡᠨ ᠵᠠᠯᠭᠠᠯᠳᠤᠭᠤᠯᠬᠤ ᠶᠢ ᠴᠢᠩᠭ᠎ᠠ | ᠠᠳᠬᠤᠵᠤ᠂ ᠪᠡᠯᠡ ᠮᠦᠩᠬᠦ ᠶᠢᠨ ᠱᠠᠩᠨᠠᠯ ᠤᠨ ᠬᠦᠴᠦᠯᠡᠴᠡ ᠶᠢ ᠶᠡᠬᠡᠰᠬᠡᠵᠦ᠂ ᠲᠦᠷᠦᠯ ᠵᠦᠢᠯ ᠤᠨ ᠭᠡᠷ᠎ᠡ ᠪᠠᠨ ᠪᠡᠶᠡᠯᠡᠭᠦᠯᠬᠦ ᠨᠤᠷᠮ᠎ᠠ ᠪᠠ ᠪᠡᠯᠡ ᠮᠦᠩᠬᠦ ᠶᠢᠨ | ᠪᠠᠶᠢᠷᠢᠨ ᠳᠤ ᠬᠦᠷᠬᠦ ᠨᠤᠷᠮ᠎ᠠ ᠶᠢ ᠳᠡᠭᠡᠭᠰᠢᠯᠡᠭᠦᠯᠦᠨ᠎ᠡ᠃ | ᠬᠡᠷᠡᠭᠯᠡᠭᠡᠨ ᠤ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠡᠷᠡᠭᠯᠡᠭᠡᠨ ᠤ ᠪᠦᠳᠦᠴᠡ ᠶᠢᠨ ᠳᠡᠰ ᠳᠡᠪᠰᠢᠬᠦ ᠬᠠᠨᠳᠤᠰᠢ ᠪᠠ ᠠᠳᠠᠯᠢ ᠪᠤᠰᠤ | ᠤᠷᠤᠯᠭ᠎ᠠ ᠲᠠᠢ ᠬᠦᠮᠦᠰ ᠤᠨ ᠬᠡᠷᠡᠭᠴᠡᠭᠡ ᠳᠤ ᠵᠤᠬᠢᠴᠠᠵᠤ᠂ ᠰᠤᠷᠠᠭ ᠵᠠᠩᠬᠢ ᠶᠢᠨ ᠬᠡᠷᠡᠭᠯᠡᠭᠡ᠂ ᠪᠡᠶᠡᠳᠡᠨ ᠤᠢᠢᠯᠠᠭᠠᠬᠤ ᠬᠡᠷᠡᠭᠯᠡᠭᠡ ᠶᠢ ᠪᠤᠶᠢᠵᠢᠭᠤᠯᠵᠤ᠂ ᠲᠥᠰᠦᠷ | ᠳᠡᠯᠭᠡᠭᠦᠷ᠂ ᠨᠡᠶᠢᠭᠡᠮ ᠳᠤᠭᠤᠷᠢᠭ ᠤᠨ ᠨᠤᠭᠤᠭ᠎ᠠ ᠶᠢᠨ ᠳᠡᠯᠭᠡᠭᠦᠷ᠂ ᠬᠤᠲᠠ ᠶᠢᠨ ᠰᠥᠨᠢ ᠶᠢᠨ ᠵᠠᠬ᠎ᠠ ᠵᠡᠷᠭᠡ ᠨᠡᠶᠢᠭᠡᠮ ᠳᠤᠭᠤᠷᠢᠭ ᠤᠨ ᠬᠤᠳᠠᠯᠳᠤᠭᠠᠨ ᠤ ᠵᠠᠭᠪᠤᠷ ᠢ | ᠬᠦᠭᠵᠢᠭᠦᠯᠵᠦ᠂ ᠰᠤᠷᠭᠠᠨ ᠬᠦᠮᠦᠵᠢᠯ᠂ ᠡᠮ ᠡᠮᠨᠡᠯᠭᠡ᠂ ᠵᠤᠭᠠᠴᠠᠯ ᠵᠡᠷᠭᠡ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠤ ᠳᠣᠣᠷᠠᠬᠢ ᠬᠦᠨᠵᠡᠭᠡᠢ ᠠᠭᠤᠰᠤᠯᠴᠠᠯ ᠢ | ᠲᠦᠯᠬᠢᠨ ᠠᠬᠢᠭᠤᠯᠵᠤ᠂ ᠬᠡᠷᠡᠭᠯᠡᠭᠡᠨ ᠤ ᠲᠦᠷᠭᠡᠨ ᠪᠤᠴᠠᠯᠳᠠ᠂ ᠳᠤᠭᠳᠠᠭᠤᠨ ᠳᠡᠭᠡᠭᠰᠢᠯᠡᠯᠳᠡ ᠶᠢ ᠠᠬᠢᠭᠤᠯᠤᠨ᠎ᠠ᠃ ᠪᠡᠭᠡᠵᠢᠩ ᠤᠨ ᠪᠤᠰᠢᠭᠤ ᠭᠠᠷ ᠺᠤᠮᠫᠠᠨᠢ ᠯᠤᠭ᠎ᠠ ᠶᠢᠨ | ᠪᠦᠬᠦ ᠳᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠰᠦᠯᠵᠢᠶ᠎ᠡ ᠶᠢᠨ ᠰᠢᠭᠤᠳ ᠨᠡᠪᠳᠡᠷᠡᠭᠦᠯᠭᠡ ᠪᠠᠷ ᠪᠠᠷᠠᠭ᠎ᠠ ᠬᠤᠳᠠᠯᠳᠤᠬᠤ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢ ᠦᠷᠨᠢᠭᠦᠯᠵᠦ᠂ ᠰᠦᠯᠵᠢᠶᠡᠨ ᠤᠳᠤᠨ ᠤ ᠠᠵᠤ ᠠᠬᠤᠢ ᠶᠢᠨ ᠴᠤᠭᠯᠠᠷᠠᠯ ᠤᠷᠤᠨ ᠢ ᠡᠭᠦᠳᠦᠨ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠤᠨ ᠬᠦᠷᠢᠶᠡᠯᠡᠩ ᠳᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠲᠦᠷᠭᠡᠨ ᠬᠦᠷᠭᠡᠯᠳᠡ ᠶᠢ | ᠳᠤᠰᠬᠤᠨ ᠳᠤ ᠤᠷᠤᠭᠤᠯᠬᠤ︾ ᠢᠨᠵᠧᠨᠧᠷᠢᠩ ᠢ ᠲᠦᠯᠬᠢᠨ ᠠᠬᠢᠭᠤᠯᠵᠤ᠂ ᠵᠢᠯ ᠤᠨ ᠳᠤᠳᠤᠷ᠎ᠠ ᠵᠠᠰᠠᠭ ᠵᠠᠬᠢᠷᠭᠠᠨ ᠤ ᠳᠤᠰᠬᠤᠨ ᠳᠤ ᠲᠦᠷᠭᠡᠨ ᠬᠦᠷᠭᠡᠯᠳᠡ ᠶᠢᠨ | ᠦᠢᠯᠡᠴᠢᠯᠡᠭᠡ ᠨᠡᠪᠳᠡᠷᠡᠬᠦ ᠨᠤᠷᠮ᠎ᠠ ᠶᠢ 75% ᠳᠤ ᠬᠦᠷᠭᠡᠨ᠎ᠡ᠃ | ᠭᠠᠳᠠᠭᠠᠳᠤ ᠨᠡᠭᠡᠭᠡᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠯᠢ ᠶᠢᠨ ᠪᠤᠭᠤᠮᠳᠠ ᠶᠢᠨ ᠰᠠᠭᠤᠷᠢ ᠲᠦᠬᠦᠭᠡᠷᠦᠮᠵᠢ ᠶᠢ ᠳᠡᠭᠦᠯᠳᠡᠷᠵᠢᠭᠦᠯᠵᠦ᠂ ︽ | ᠳᠤᠯᠤᠭ᠎ᠠ ᠤᠷᠤᠵᠤ ᠳᠤᠯᠤᠭ᠎ᠠ ᠭᠠᠷᠬᠤ︾ ᠨᠡᠭᠦᠷᠡᠰᠦ ᠲᠡᠭᠡᠭᠡᠪᠦᠷᠢᠯᠡᠬᠦ ᠵᠠᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠤᠤᠢ ᠾᠧᠩ ᠤᠷᠴᠢᠨ ᠳᠤᠭᠤᠷᠢᠨ ᠢ | ᠬᠠᠮᠠᠭᠠᠯᠠᠬᠤ ᠬᠢᠨᠠᠨ ᠬᠠᠮᠢᠶᠠᠷᠤᠯᠳᠠ ᠶᠢᠨ ᠤᠷᠤᠨ᠂ ᠬᠢᠯᠢ ᠪᠠᠷ ᠤᠷᠤᠬᠤ ᠬᠦᠨᠳᠦ ᠠᠴᠢᠶᠠᠨ ᠤ ᠵᠠᠰᠠᠮᠠᠯ ᠵᠠᠮ ᠢ ᠦᠷᠭᠡᠳᠬᠡᠬᠦ ᠵᠡᠷᠭᠡ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠪᠡᠶᠡᠯᠡᠭᠦᠯᠵᠦ᠂ ᠨᠡᠭᠦᠷᠡᠰᠦ ᠶᠢ ᠴᠢᠩᠭᠡᠯᠢᠭ ᠢᠶᠠᠷ ᠳᠡᠭᠡᠭᠡᠪᠤᠷᠢᠯᠡᠬᠦ᠂ ᠴᠢᠷᠦᠭᠦᠯ ᠳᠡᠷᠭᠡ ᠪᠠᠷ ᠳᠡᠭᠡᠭᠡᠪᠤᠷᠢᠯᠡᠬᠦ ᠶᠢ ᠳᠡᠯᠭᠡᠷᠡᠭᠦᠯᠦᠨ᠎ᠡ᠃ ᠭᠠᠭᠴᠠᠮᠤᠳᠤ | — ᠭᠠᠰᠢᠭᠤᠨᠰᠤᠬᠠᠢᠢᠳᠤ ᠶᠢᠨ ᠳᠡᠮᠤᠷ ᠵᠠᠮ ᠤᠨ ᠬᠢᠯᠢ ᠶᠢᠨ ᠪᠤᠭᠤᠮᠳᠠ ᠶᠢ ᠭᠤᠶᠤᠴᠢᠯᠡᠨ ᠪᠦᠳᠦᠭᠡᠨ ᠪᠠᠶᠢᠭᠤᠯᠬᠤ ᠠᠵᠢᠯ ᠢ ᠲᠦᠷᠭᠡᠳᠬᠡᠨ᠎ᠡ᠃ ᠮᠤᠩᠭᠤᠯ | ᠤᠯᠤᠰ ᠯᠤᠭ᠎ᠠ ᠶᠢᠨ ᠬᠠᠮᠵᠢᠯᠴᠠᠭᠠᠨ ᠤ ᠳᠤᠭᠳᠠᠴᠠ ᠶᠢ ᠳᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠨᠦᠬᠦᠴᠡᠯ | ᠳᠤᠤᠷᠠᠬᠢ ᠪᠤᠭᠤᠮᠳᠠ ᠪᠠᠷ ᠨᠡᠪᠳᠡᠷᠡᠬᠦ ᠪᠠᠳᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠳᠤᠭᠤᠷᠢᠭ ᠢ | ᠡᠬᠢᠯᠡᠨ ᠪᠦᠳᠦᠭᠡᠨ ᠪᠠᠶᠢᠭᠤᠯᠤᠨ᠎ᠠ᠃ ᠨᠦᠬᠦᠴᠡᠯ ᠲᠠᠢ ᠭᠠᠳᠠᠭᠠᠳᠤ ᠠᠷᠠᠯᠵᠢᠶᠠᠨ ᠤ ᠠᠵᠤ ᠠᠬᠤᠢᠢᠯᠠᠯ ᠤᠯᠠᠨ ᠨᠡᠶᠢᠳᠡ ᠶᠢᠨ ︽ᠭᠠᠳᠠᠭᠠᠳᠤ ᠳᠠᠬᠢ ᠬᠦᠮᠦᠷᠭᠡ︾ | ᠪᠠᠶᠢᠭᠤᠯᠬᠤ ᠶᠢ ᠳᠡᠮᠵᠢᠵᠦ᠂ ᠪᠠᠷᠠᠭᠠᠨ ᠤ ᠭᠦᠢᠯᠭᠡᠭᠡᠨ ᠤ ᠦᠪᠡᠷ ᠤᠨ ᠦᠷᠳᠡᠭ ᠢ ᠪᠠᠭᠤᠷᠠᠭᠤᠯᠤᠨ᠂ ᠤᠯᠠᠨ ᠤᠯᠤᠰ ᠤᠨ ᠵᠠᠬ᠎ᠠ ᠳᠡᠯᠭᠡᠭᠦᠷ ᠲᠠᠬᠢ ᠦᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠨᠦᠬᠦᠷᠰᠡᠭ ᠬᠤᠳᠠ ᠶᠢᠨ ᠬᠠᠷᠢᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠬᠦᠷᠢᠶ᠎ᠡ ᠴᠠᠷᠠᠭ᠎ᠠ᠂ ᠤᠯᠠᠨ ᠭᠠᠵᠠᠷ | ᠤᠷᠤᠨ ᠤ ᠰᠤᠯᠢᠯᠴᠠᠭ᠎ᠠ ᠬᠠᠮᠵᠢᠯᠴᠠᠭ᠎ᠠ ᠶᠢ ᠦᠷᠭᠡᠳᠬᠡᠨ᠎ᠡ᠃ ᠬᠠᠳᠤᠨ ᠭᠤᠤᠯ ᠤᠨ ᠰᠠᠪᠠ ᠭᠠᠵᠠᠷ ᠤᠨ ᠪᠤᠷᠤᠳᠤᠬᠤᠢ ᠶᠢᠨ ᠤᠰᠤᠯᠠᠯᠳᠠ ᠶᠢᠨ ᠤᠷᠤᠨ᠂ ᠹᠧᠨ ᠾᠧ | ᠭᠤᠤᠯ ᠸᠧᠢ ᠾᠧ ᠭᠤᠤᠯ ᠤᠨ ᠳᠠᠯ᠎ᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠰᠤᠯᠢᠯᠴᠠᠭ᠎ᠠ ᠬᠠᠮᠵᠢᠯᠴᠠᠭ᠎ᠠ ᠶᠢ | ᠬᠦᠨᠵᠡᠭᠡᠶᠢᠷᠡᠭᠦᠯᠵᠦ᠂ ᠪᠡᠭᠡᠵᠢᠩ ᠳᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠭᠠᠵᠠᠷ | ᠤᠷᠤᠨ ᠯᠤᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠦᠨᠳᠦᠷ ᠲᠦᠪᠰᠢᠨ ᠪᠦᠬᠦᠢ ᠨᠡᠭᠡᠭᠡᠯᠳᠡ ᠪᠠᠷ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ | ᠬᠤᠳᠠ ᠪᠠᠨ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠭᠤᠴᠢᠨ ᠪᠠᠶᠢᠰᠢᠩᠳᠤ ᠤᠷᠤᠨ᠂ ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠤᠨ | ᠦᠭᠡᠷᠡᠴᠢᠯᠡᠯᠳᠡ ᠶᠢᠨ ᠬᠦᠴᠦᠯᠡᠴᠡ ᠶᠢ ᠶᠡᠬᠡᠰᠬᠡᠵᠦ᠂ ᠭᠠᠵᠠᠷ ᠳᠤᠤᠷᠠᠬᠢ ᠬᠤᠭᠤᠯᠠᠢ ᠲᠣᠣᠷ᠂ ᠤᠰᠤ ᠬᠠᠩᠭᠠᠵᠤ ᠳᠠᠳᠠᠪᠤᠷᠢᠯᠠᠬᠤ᠂ ᠢᠯᠴᠢ ᠬᠡᠢ ᠬᠠᠩᠭᠠᠬᠤ᠂ | ᠳᠡᠷᠭᠡᠨ ᠤ ᠵᠤᠭᠰᠤᠭᠠᠯ᠂ ᠴᠡᠴᠡᠷᠯᠢᠭ ᠠᠭᠤᠳᠠᠮ ᠳᠠᠯᠠᠪᠠᠢ ᠵᠡᠷᠭᠡ ᠲᠥᠬᠦᠷ ᠲᠦᠬᠦᠭᠡᠷᠦᠮᠵᠢ ᠶᠢ ᠳᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠬᠦ ᠳᠤᠭᠳᠠᠴᠠ ᠶᠢ | ᠰᠦᠪᠡᠭᠴᠢᠯᠡᠨ ᠤᠷᠤᠭᠤᠯᠵᠤ᠂ ᠪᠤᠷᠤ ᠭᠡᠷᠳᠤ ᠳᠤᠭᠤᠷᠢᠭ ᠤᠨ ᠦᠭᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠲᠦᠮᠡᠨ ᠢ ᠲᠦᠪᠬᠢᠨᠡᠭᠦᠯᠬᠦ | ᠠᠵᠢᠯ ᠢ ᠢᠵᠢᠯᠢ ᠠᠯᠬᠤᠮ ᠢᠶᠠᠷ ᠰᠠᠶᠢᠳᠤᠷ ᠬᠢᠵᠦ᠂ ᠰᠢᠨ᠎ᠡ ︽ᠪᠤᠴᠠᠵᠤ ᠨᠡᠬᠦᠬᠦ ᠳᠤ ᠬᠦᠴᠢᠷ︾ ᠠᠰᠠᠭᠤᠳᠠᠯ ᠡᠭᠦᠰᠬᠦ ᠶᠢ ᠰᠡᠷᠭᠡᠶᠢᠯᠡᠨ᠎ᠡ᠃ ᠯᠢᠨ ᠾᠧ | ᠳᠤᠭᠤᠷᠢᠭ ᠤᠨ ᠪᠸᠢ ᠪᠢᠶᠠᠨ ᠴᠢᠤᠢ ᠰᠤᠪᠠᠭ ᠤᠨ ᠦᠭᠡᠷᠡᠴᠢᠯᠡᠯᠳᠡ ᠶᠢ ᠦᠨᠳᠦᠷ ᠪᠠᠷᠢᠮᠵᠢᠶ᠎ᠡ ᠪᠠᠷ ᠲᠦᠯᠬᠢᠨ ᠠᠬᠢᠭᠤᠯᠤᠨ᠎ᠠ᠃ ᠱᠤᠸᠠᠩ ᠾᠧ ᠳᠤᠭᠤᠷᠢᠭ ᠤᠨ | ᠨᠡᠭᠡᠭᠡᠯᠳᠡ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠬᠠᠳᠤᠨ ᠭᠤᠤᠯ ᠤᠨ ᠪᠦᠬᠦ ᠰᠠᠪᠠ ᠭᠠᠵᠠᠷ ᠤᠨ ᠰᠤᠶᠤᠯ ᠤᠨ ᠮᠦᠽᠸᠢ᠂ ᠤᠷᠠᠳ ᠰᠤᠶᠤᠯ ᠤᠨ | ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ᠂ ᠳᠡᠯᠡᠬᠡᠢ ᠶᠢᠨ ᠬᠠᠳᠠᠨ ᠰᠡᠶᠢᠯᠦᠮᠡᠯ ᠤᠨ ᠮᠦᠽᠸᠢ ᠵᠡᠷᠭᠡ ᠲᠦᠷᠦᠯ ᠵᠦᠢᠯ ᠢ ᠪᠤᠳᠠᠳᠠᠢ ᠳᠤ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠳᠠ ᠶᠢᠨ ᠨᠠᠷᠢᠯᠢᠬᠵᠢᠭᠰᠠᠨ ᠬᠠᠮᠢᠶᠠᠷᠤᠯᠳᠠ ᠶᠢ ᠴᠢᠩᠭᠠᠳᠬᠠᠵᠤ᠂ ︽ ᠦᠶᠡᠷ ᠤᠰᠤᠲᠤᠯ | ᠦᠭᠡᠢ ᠬᠤᠲᠠ︾᠂ ᠤᠶᠤᠨᠳᠤ ᠬᠤᠳᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠡᠨᠡ ᠵᠢᠯ ᠤᠨ ᠳᠣᠲᠣᠷ᠎ᠠ ᠯᠢᠨ ᠾᠧ ᠠᠴᠠ ᠪᠡᠭᠡᠵᠢᠩ | ᠬᠦᠷᠬᠦ ᠲᠡᠮᠦᠷ ᠵᠠᠮ ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠶᠢ ᠨᠡᠪᠲᠡᠷᠡᠭᠦᠯᠦᠨ᠎ᠡ᠂ ᠢᠩᠭᠢᠪᠡᠯ ᠯᠢᠨ ᠾᠧ ᠠᠴᠠ ᠪᠡᠭᠡᠵᠢᠩ ᠬᠦᠷᠬᠦ ᠠᠶᠠᠯᠠᠯ ᠤᠨ ᠴᠠᠭ ᠢ | ᠣᠲᠣ ᠶᠢᠨ 13 ᠴᠠᠭ ᠪᠠᠶᠢᠭᠰᠠᠨ ᠠᠴᠠ 5 ᠴᠠᠭ ᠬᠠᠭᠠᠰ ᠪᠣᠯᠭᠠᠨ ᠪᠣᠭᠤᠨᠢᠰᠬᠠᠨ᠎ᠠ᠃ | ︵ᠵᠢᠷᠭᠤᠭ᠎ᠠ︶ ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ | ᠠᠮᠢᠵᠢᠷᠠᠯ ᠤᠨ ᠬᠦᠴᠦᠨ ᠢ ᠭᠦᠢᠴᠡᠳ ᠬᠦᠭᠵᠢᠭᠡᠨ᠎ᠡ | ᠠᠷᠠᠳ ᠲᠤ ᠲᠦᠬᠦᠮ ᠠᠵᠤ ᠠᠬᠤᠢᠢᠯᠠᠯ ᠳᠤ ᠠᠰᠢᠭᠳᠠᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠨ᠎ᠠ᠃ ︽ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠳᠡᠭᠵᠢᠭᠦᠯᠬᠦ ᠳᠡᠭᠡᠭᠰᠢᠯᠡᠯᠳᠡ ᠶᠢᠨ ᠤᠨ︾ ᠤ ᠠᠵᠢᠯᠯᠠᠭ᠎ᠠ ᠶᠢ ᠦᠷᠨᠢᠭᠦᠯᠵᠦ᠂ | ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠤᠨ ᠶᠡᠷᠦᠩᠬᠡᠶᠢᠯᠡᠭᠰᠡᠨ ᠦᠨᠡᠯᠡᠯᠳᠡ ᠪᠦᠬᠦ ᠤᠷᠤᠨ ᠤ ᠳᠡᠷᠢᠭᠦᠨ ᠳᠤ ᠤᠷᠤᠬᠤ ᠬᠢᠷᠢ ᠲᠦᠪᠰᠢᠨ ᠢ ᠪᠠᠳᠤᠯᠠᠨ᠎ᠠ᠃ ︽ | ᠳᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂ ᠨᠢᠭᠡ | ᠤᠳᠠᠭ᠎ᠠ ᠳᠤ ᠮᠡᠳᠡᠭᠳᠡᠬᠦ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠳ᠋ᠤᠭᠠᠷ ᠢᠶᠠᠷ ᠬᠠᠷᠢᠭᠤᠯᠲᠠ ᠥᠭᠬᠦ ᠵᠡᠷᠭᠡ ᠦᠢᠯᠡᠴᠢᠯᠡᠭᠡᠨ ᠤ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠬᠠᠮᠢᠶ᠎ᠠ ᠪᠥᠬᠦᠶ ᠵᠦᠢᠯᠡᠰ ᠲᠤ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠶᠢ ᠰᠦᠪᠡᠭᠴᠢᠯᠡᠨ | ᠪᠡᠶᠡᠯᠡᠭᠦᠯᠦᠨ᠎ᠡ᠃ ︽ᠪᠠᠶᠠᠨᠨᠠᠭᠤᠷ ᠤᠨ ᠬᠡᠷᠡᠭ ᠶᠠᠪᠤᠳᠠᠯ ᠢ ᠲᠦᠷᠭᠡᠨ ᠰᠢᠢᠳᠪᠦᠷᠢᠯᠡᠬᠦ︾ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨᠯᠢᠭ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠯᠭᠡᠷᠡᠭᠦᠯᠦᠨ ᠬᠡᠷᠡᠭᠯᠡᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠶᠡᠭᠡ ᠪᠠᠷ ᠳᠡᠮᠵᠢᠵᠦ᠂ | ᠠᠷᠭ᠎ᠠ ᠪᠦᠬᠦᠨ ᠢ ᠰᠦᠪᠡᠭᠴᠢᠯᠡᠨ ᠥᠪᠡᠷ ᠤᠨ ᠦᠷᠳᠡᠭ ᠢ ᠪᠠᠭᠤᠷᠠᠭᠤᠯᠵᠤ᠂ ᠤᠯᠤᠰ ᠤᠨ ᠨᠡᠩ ᠶᠡᠭᠡ ᠬᠡᠪᠴᠢᠶ᠎ᠡ ᠪᠠᠷ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠯᠡ ᠲᠣᠬᠢᠷᠠᠭᠤᠯᠬᠤ ᠳᠤ ᠬᠦᠴᠢᠷᠲᠡᠶ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ | ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠪᠠ ᠢᠵᠢ ᠪᠦᠷᠢᠳᠦᠭᠦᠯᠬᠦ ᠦᠢᠯᠡᠴᠢᠯᠡᠭᠡᠨ ᠤ ᠳᠤᠲᠠᠭᠤᠳᠠᠯ ᠢ ᠲᠦᠷᠭᠡᠪᠴᠢᠯᠡᠨ | ᠨᠥᠬᠦᠪᠥᠷᠢᠯᠡᠵᠦ᠂ ᠠᠵᠤ ᠠᠬᠤᠶᠢᠯᠠᠯ ᠳᠤ ᠦᠨᠡᠨ ᠪᠣᠳᠠᠲᠤ ᠠᠰᠢᠭ ᠬᠦᠷᠲᠡᠭᠡᠨ᠎ᠡ᠃ ᠤᠯᠤᠰ ᠤᠨ ᠦᠮᠴᠢᠯᠡᠯᠳᠦ ᠠᠵᠤ ᠠᠬᠤᠢᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠴᠠᠯᠢᠩ ᠣᠯᠭᠤᠮᠵᠢ ᠶᠢᠨ ᠵᠤᠷᠢᠬᠵᠢᠭᠤᠯᠤᠯ᠂ ᠰᠢᠯᠭᠠᠨ ᠦᠨᠡᠯᠡᠯᠳᠡ | ᠵᠡᠷᠭᠡ ᠳᠤᠭᠳᠠᠴᠠ ᠶᠢ ᠳᠡᠭᠦᠯᠳᠡᠷᠵᠢᠭᠦᠯᠵᠦ᠂ ᠤᠳᠤ ᠦᠶ᠎ᠡ ᠶᠢᠨ ᠠᠵᠤ ᠠᠬᠤᠢᠢᠯᠠᠯ ᠤᠨ ᠲᠦᠷᠢᠮ ᠢ ᠲᠦᠷᠭᠡᠳᠬᠡᠨ ᠪᠠᠶᠢᠭᠤᠯᠤᠨ᠎ᠠ᠃ ᠭᠤᠷᠪᠠᠳᠤᠭᠠᠷ | ᠬᠤᠭᠤᠴᠠᠭᠠᠨ ᠤ ︽ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ︾ ᠢ ᠰᠢᠯᠭᠠᠷᠠᠭᠤᠯᠬᠤ ᠠᠵᠢᠯ ᠢ ᠦᠷᠨᠢᠭᠦᠯᠦᠨ᠎ᠡ᠃ | ᠡᠷᠬᠡ ᠳᠡᠭᠰᠢ ᠬᠠᠤᠯᠢ ᠪᠠᠷ ᠵᠠᠰᠠᠬᠤ ᠤᠷᠴᠢᠨ ᠳᠤᠭᠤᠷᠢᠨ ᠢ ᠪᠤᠢ ᠪᠤᠯᠭᠠᠨ᠎ᠠ᠃ ᠵᠠᠰᠠᠭ ᠤᠨ ᠤᠷᠳᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠳᠤ ᠳᠤᠭᠳᠠᠭᠰᠠᠨ ᠡᠷᠬᠡ ᠮᠡᠳᠡᠯ ᠢᠶᠠᠷ ᠳᠤᠰᠢᠶᠠᠯ ᠢᠶᠠᠨ ᠭᠦᠢᠴᠡᠳᠬᠡᠨ᠂ ᠡᠷᠬᠡ ᠪᠠᠨ ᠬᠡᠷᠡᠭᠯᠡᠨ᠎ᠡ᠃ ︽ᠬᠤᠶᠠᠷ ᠢ | ᠳᠠᠰᠢᠷᠠᠮ ᠢᠶᠠᠷ᠂ ᠨᠢᠭᠡ ᠶᠢ ᠢᠯᠡ ᠪᠤᠯᠭᠠᠬᠤ︾ ᠬᠢᠨᠠᠨ ᠬᠠᠮᠢᠶᠠᠷᠤᠯᠳᠠ᠂ ᠢᠳᠡᠭᠡᠮᠵᠢ ᠶᠢᠨ ᠬᠢᠨᠠᠨ ᠬᠠᠮᠢᠶᠠᠷᠤᠯᠳᠠ ᠪᠠ ᠰᠠᠯᠠᠭ᠎ᠠ ᠮᠦᠴᠢᠷ ᠠᠯᠤᠰᠯᠠᠨ ᠬᠠᠮᠳᠤ ᠪᠠᠷ ᠬᠢᠨᠠᠨ | ᠬᠠᠮᠢᠶᠠᠷᠬᠤ ᠶᠢ ᠪᠦᠬᠦ ᠳᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠶᠢᠨ ︽ᠭᠤᠷᠪᠠᠨ ᠲᠦᠷᠦᠯ ᠤᠨ ᠲᠦᠷᠢᠮ︾ ᠢ ᠡᠷᠡᠰ | ᠨᠠᠶᠢᠳᠠᠪᠤᠷᠢᠵᠢᠭᠤᠯᠵᠤ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ︽ ᠨᠢᠭᠡ ᠯᠡ ᠠᠳᠠᠯᠢ ᠪᠠᠷ ︾ ᠬᠠᠤᠯᠢ | ᠬᠡᠷᠡᠭᠵᠢᠭᠦᠯᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠠ ᠪᠦᠲᠦᠮᠵᠢᠲᠡᠶ ᠪᠠᠷ ᠰᠡᠷᠭᠡᠶᠢᠯᠡᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠤ ᠨᠥᠯᠥᠭᠡ ᠪᠣᠯᠬᠤ ᠠᠴᠠ ᠵᠠᠶᠢᠯᠠᠰᠬᠢᠨ᠎ᠡ᠃ ᠢᠳᠡᠭᠡᠮᠵᠢ ᠶᠢᠨ ᠰᠤᠷᠠᠭ ᠵᠠᠩᠬᠢ ᠶᠢᠨ ᠳᠠᠪᠴᠠᠩ ᠤᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠪᠦᠳᠦᠭᠡᠨ ᠪᠠᠶᠢᠭᠤᠯᠵᠤ᠂ ᠡᠷᠬᠡ ᠳᠡᠭᠰᠢ ᠪᠠᠷ ᠦᠷᠢᠰᠦᠯᠳᠦᠬᠦ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠂ ᠢᠲᠡᠭᠡᠯ ᠲᠠᠢ | ᠶᠠᠪᠤᠭᠰᠠᠳ ᠲᠤ ᠡᠯ᠎ᠡ ᠳᠠᠯ᠎ᠠ ᠠᠴᠠ ᠠᠰᠢᠭ ᠬᠦᠷᠳᠡᠭᠦᠯᠵᠦ᠂ ᠢᠳᠡᠭᠡᠯ ᠠᠯᠳᠠᠭᠰᠠᠳ ᠢ ᠨᠢᠭᠡ ᠠᠯᠬᠤᠮ ᠴᠤ ᠤᠷᠤᠭᠰᠢᠯᠠᠬᠤᠶ᠎ᠠ ᠪᠡᠷᠬᠡ ᠪᠤᠯᠭᠠᠨ᠎ᠠ᠃ | ᠳᠣᠲᠣᠨᠣ ᠪᠥᠭᠡᠳ ᠲᠣᠳᠣᠷᠬᠠᠢ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠦᠵᠡᠯ ᠤᠬᠠᠮᠰᠠᠷ᠂ | ᠦᠢᠯᠡᠴᠢᠯᠡᠭᠡᠨ ᠤ ᠦᠵᠡᠯ ᠤᠬᠠᠮᠰᠠᠷ᠂ ᠬᠠᠤᠯᠢᠵᠢᠯ ᠤᠨ ᠦᠵᠡᠯ ᠤᠬᠠᠮᠰᠠᠷ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ | ᠤᠬᠠᠮᠰᠠᠷ ᠠᠴᠠ ᠪᠠᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠᠷ ᠠᠵᠢᠯᠯᠠᠨ᠎ᠠ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠤᠨ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠶᠢᠯᠠᠯᠲᠠᠨ ᠢ ᠪᠠᠶᠠᠨᠨᠠᠭᠤᠷ ᠲᠤ ᠰᠠᠨᠠᠭ᠎ᠠ | ᠠᠮᠤᠷ ᠪᠠᠯᠠ ᠣᠷᠣᠭᠤᠯᠤᠨ᠂ ᠰᠡᠳᠬᠢᠯ ᠠᠮᠤᠷ ᠠᠳᠠᠯ ᠦᠢᠯᠡᠰ ᠴᠣᠭᠴᠠᠯᠠᠵᠤ᠂ ᠰᠠᠨᠠᠭ᠎ᠠ ᠠᠮᠤᠷ ᠬᠥᠭᠵᠢᠭᠦᠯᠦᠨ᠎ᠡ᠃ | ︵ᠳᠤᠯᠤᠭ᠎ᠠ︶ ᠦᠨᠳᠦᠰᠦᠨ ᠠᠷᠠᠳ ᠤᠨ ᠠᠮᠢᠳᠤᠷᠠᠯ ᠤᠨ ᠬᠠᠮᠤᠭ ᠤᠨ ᠳᠤᠤᠷ᠎ᠠ ᠱᠤᠭᠤᠮ ᠢ ᠪᠠᠳᠤᠯᠠᠵᠤ᠂ ᠨᠡᠶᠢᠭᠡᠮ ᠤᠨ ᠪᠠᠶᠢᠭᠤᠯᠤᠯᠳᠠ ᠶᠢ ᠬᠦᠴᠦᠯᠡᠨ | ᠴᠢᠩᠭᠠᠳᠬᠠᠨ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠰᠢ ᠦᠭᠡᠢ ᠰᠠᠶᠢᠳᠤᠷ ᠠᠳᠬᠤᠨ᠎ᠠ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ︽ᠲᠦᠷᠪᠡᠨ ᠳᠠᠯ᠎ᠠ ᠶᠢᠨ ᠬᠠᠷᠢᠭᠤᠴᠠᠯᠭ᠎ᠠ︾ | ᠶᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠮᠦᠨ᠂ ᠪᠤᠳᠠᠰ᠂ ᠤᠷᠴᠢᠨ ᠳᠤᠭᠤᠷᠢᠨ ᠢ | ᠵᠡᠷᠬᠡ ᠪᠠᠷ ᠰᠡᠷᠭᠡᠶᠢᠯᠡᠬᠦ ᠶᠢ ᠪᠠᠷᠢᠮᠳᠠᠯᠠᠵᠤ᠂ ᠭᠤᠤᠯᠳᠠᠯᠭ᠎ᠠ ᠲᠠᠢ ᠳᠠᠯᠠᠪᠤᠷ ᠭᠠᠵᠠᠷ᠂ ᠭᠤᠤᠯᠳᠠᠯᠭ᠎ᠠ ᠲᠠᠢ ᠤᠷᠤᠨ ᠪᠠᠶᠢᠷᠢ᠂ ᠭᠤᠤᠯᠳᠠᠯᠭ᠎ᠠ ᠲᠠᠢ ᠬᠦᠮᠦᠰ ᠤᠨ | ᠬᠠᠮᠢᠶᠠᠷᠤᠯᠳᠠ ᠡᠵᠡᠮᠳᠡᠯ ᠢ ᠰᠠᠶᠢᠳᠤᠷ ᠠᠳᠬᠤᠵᠤ᠂ ᠬᠢᠵᠢᠭ ᠤᠨ ᠪᠠᠶᠢᠳᠠᠯ ᠢ ᠤᠯᠠᠨ ᠴᠡᠭ ᠠᠴᠠ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠭᠦᠯᠬᠦ ᠶᠢ ᠴᠢᠩᠭᠠᠳᠬᠠᠵᠤ᠂ | ᠡᠯ᠎ᠡ ᠲᠦᠷᠦᠯ ᠤᠨ ᠠᠷᠭᠠᠴᠠᠭᠠᠬᠤ ᠪᠡᠯᠡᠳᠬᠡᠯ ᠢ ᠴᠢᠩᠭᠠᠳᠬᠠᠵᠤ᠂ ᠸᠠᠺᠼᠢᠨ ᠤ ᠳᠠᠷᠢᠯᠭ᠎ᠠ ᠶᠢᠨ ᠠᠵᠢᠯ ᠢ ᠰᠠᠶᠢᠳᠤᠷ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠡᠯ᠎ᠡ ᠭᠤᠭᠴᠤᠭᠠᠨ ᠤ ᠠᠵᠢᠯ ᠢ ᠰᠠᠶᠢᠳᠤᠷ ᠬᠢᠵᠦ᠂ ᠰᠡᠷᠭᠡᠶᠢᠯᠡᠨ | ᠡᠵᠡᠮᠳᠡᠭᠰᠡᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠮᠦᠨ ᠤ | ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠬᠦ ᠦᠭᠡᠢ ᠪᠠᠶᠢᠬᠤ ᠶᠢ ᠪᠠᠳᠤᠯᠠᠨ᠎ᠠ᠃ | ᠡᠷᠡᠭᠦᠯ ᠮᠡᠨᠳᠦ ᠪᠠᠶᠠᠨᠨᠠᠭᠤᠷ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠡᠮᠨᠡᠯᠭᠡ ᠰᠡᠷᠭᠡᠶᠢᠯᠡᠯᠳᠡ ᠶᠢ ᠠᠭᠤᠰᠤᠯᠴᠠᠭᠤᠯᠬᠤ ᠠᠯᠬᠤᠴᠠ ᠶᠢ | ᠲᠦᠷᠭᠡᠳᠬᠡᠵᠦ᠂ ︽ᠭᠤᠷᠪᠠᠨ ᠡᠮᠨᠡᠯᠭᠡ︾ ᠶᠢᠨ ᠬᠠᠮᠳᠤᠷᠠᠭᠰᠠᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ | ᠳᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠪᠦᠬᠦ ᠳᠠᠯ᠎ᠠ ᠪᠠᠷ | ᠬᠡᠷᠡᠭᠵᠢᠭᠦᠯᠦᠨ᠎ᠠ᠃ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠭᠡᠨ ᠢ | ᠳᠡᠯᠭᠡᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠭᠦᠯᠡᠨ ᠳ᠋ᠠᠶᠢᠲ᠋ᠠ ᠶᠢᠨ ᠲᠦᠪ ᠤᠨ ᠪᠠᠶᠢᠭᠤᠯᠤᠯᠳᠠ ᠶᠢ ᠲᠦᠷᠭᠡᠳᠬᠡᠨ᠎ᠡ᠃ ᠮᠤᠩᠭᠤᠯ ᠬᠢᠳᠠᠳ ᠡᠮ ᠡᠮᠨᠡᠯᠭᠡ | ᠶᠢ ᠵᠠᠯᠭᠠᠮᠵᠢᠯᠠᠵᠦ ᠰᠢᠨ᠎ᠡ ᠶᠢ ᠡᠭᠦᠳᠬᠦ ᠳᠤᠮᠳᠠ ᠴᠢᠨᠠᠷ ᠰᠠᠶᠢᠳᠠᠢ ᠬᠦᠭᠵᠢᠬᠦ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠭᠠᠬᠤ ᠳᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠳᠤ | ᠡᠪᠡᠳᠴᠢᠨ ᠢ ᠠᠪᠤᠷᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠴᠦᠮ | ᠠᠮᠢᠰᠬᠤᠯ ᠤᠨ ᠰᠠᠯᠠᠭ᠎ᠠ ᠳᠤᠬᠢᠷᠠᠭᠤᠯᠵᠤ᠂ ᠬᠠᠯᠳᠠᠪᠤᠷᠢᠳᠤ ᠡᠪᠡᠳᠴᠢᠨ ᠤ ᠳᠤᠭᠤᠷᠢᠭ ᠢ ᠳᠡᠰ ᠳᠡᠪᠰᠢᠭᠦᠯᠬᠦ ᠦᠭᠡᠷᠡᠴᠢᠯᠡᠯᠳᠡ ᠶᠢ ᠪᠡᠶᠡᠯᠡᠭᠦᠯᠦᠨ᠎ᠡ᠃ ᠪᠦᠬᠦ | ᠠᠷᠠᠳ ᠤᠨ ᠡᠷᠡᠭᠦᠯ ᠮᠡᠨᠳᠦ ᠶᠢᠨ ᠬᠠᠮᠢᠶᠠᠷᠤᠯᠳᠠ ᠶᠢ ᠴᠢᠩᠭᠠᠳᠬᠠᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠨ᠂ ᠡᠷᠡᠭᠦᠯ ᠮᠡᠨᠳᠦ | ᠠᠮᠢᠳᠤᠷᠠᠯ ᠤᠨ ᠬᠡᠯᠪᠡᠷᠢ ᠶᠢ ᠰᠤᠷᠲᠠᠯᠴᠢᠯᠠᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠶᠢ ᠨᠡᠷ᠎ᠡ ᠶᠢᠨ ᠲᠡᠳᠦᠢ ᠪᠠᠶᠢᠭᠰᠠᠨ ᠠᠴᠠ ᠪᠣᠳᠠᠲᠠᠢ | ᠪᠣᠯᠭᠠᠬᠤ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠡᠷᠡᠭᠦᠯ ᠮᠡᠨᠳᠦ ᠶᠢᠨ ᠬᠤᠳᠠ ᠶᠢ ᠢᠳᠡᠪᠬᠢᠳᠠᠢ ᠡᠭᠦᠳᠦᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠬᠦᠨᠵᠡᠭᠡᠢ ᠦᠷᠨᠢᠭᠦᠯᠵᠦ᠂ ᠤᠯᠤᠰ ᠤᠨ ᠡᠷᠡᠭᠦᠯ ᠮᠡᠨᠳᠦ ᠶᠢᠨ ᠬᠤᠳᠠ ᠶᠢ ᠡᠭᠦᠳᠦᠨ ᠪᠠᠶᠢᠭᠤᠯᠬᠤ ᠦᠷ᠎ᠡ ᠪᠦᠳᠦᠭᠡᠯ ᠢ | ᠪᠠᠳᠤᠳᠬᠠᠨ᠎ᠠ᠃ | ᠤᠯᠠᠨ ᠠᠷᠭ᠎ᠠ ᠪᠠᠷ ᠠᠵᠢᠯ ᠤᠯᠭᠤᠯᠳᠠ ᠶᠢ ᠳᠤᠭᠳᠠᠪᠤᠷᠢᠵᠢᠭᠤᠯᠤᠨ ᠦᠷᠭᠡᠳᠬᠡᠨ᠎ᠡ᠃ ᠳᠡᠭᠡᠳᠦ ᠰᠤᠷᠭᠠᠭᠤᠯᠢ ᠠᠴᠠ ᠳᠡᠭᠦᠰᠦᠭᠰᠡᠨ ᠰᠤᠷᠤᠭᠴᠢ᠂ | ᠬᠠᠯᠠᠭᠳᠠᠭᠰᠠᠨ ᠴᠡᠷᠢᠭ᠂ ᠮᠠᠯᠴᠢᠨ ᠳᠠᠷᠢᠶᠠᠴᠢᠨ ᠠᠵᠢᠯᠴᠢᠨ᠂ ᠠᠵᠢᠯ ᠤᠯᠬᠤ ᠳᠤ ᠬᠦᠴᠢᠷᠳᠡᠢ ᠬᠦᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ | ᠤᠯᠭᠤᠯᠳᠠ ᠶᠢ ᠰᠠᠶᠢᠳᠤᠷ ᠠᠳᠬᠤᠵᠤ᠂ ᠠᠵᠤ ᠠᠬᠤᠢᠢᠯᠠᠯ ᠢ ᠳᠤᠰᠠᠯᠠᠨ ᠠᠵᠢᠯ ᠤᠨ ᠪᠠᠶᠢᠷᠢ ᠶᠢ ᠳᠤᠭᠳᠠᠪᠤᠷᠢᠵᠢᠭᠤᠯᠬᠤ ᠠᠵᠢᠯᠯᠠᠭ᠎ᠠ ᠪᠠ ᠠᠵᠢᠯ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠬᠦᠮᠦᠰ ᠲᠤ ᠬᠠᠨᠳᠤᠭᠤᠯᠤᠨ ᠳᠤᠰᠬᠠᠢ ᠲᠦᠷᠦᠯ ᠤᠨ ᠪᠤᠯᠪᠠᠰᠤᠷᠠᠯ ᠤᠨ | ᠲᠦᠯᠦᠪᠯᠡᠭᠡ ᠬᠢᠵᠦ᠂ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠳᠠᠶᠢᠴᠢᠯᠠᠬᠤ᠂ ᠠᠮᠢᠳᠤᠯᠢᠭ ᠢᠶᠠᠷ ᠠᠵᠢᠯ ᠤᠯᠬᠤ ᠶᠢ ᠳᠡᠮᠵᠢᠵᠦ᠂ ᠣᠳᠣᠬᠢᠴᠢᠯᠠᠭᠰᠠᠨ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠦᠢᠯᠡᠰ ᠪᠦᠲᠦᠭᠡᠬᠦ ᠴᠢᠳᠠᠪᠤᠷᠢᠲᠠᠨ ᠢ ᠪᠣᠶᠢᠵᠢᠭᠤᠯᠬᠤ ᠬᠦᠷᠢᠶᠡᠯᠡᠩ ᠢ ᠪᠠᠶᠢᠭᠤᠯᠤᠨ᠎ᠠ᠃ ᠪᠦᠬᠦ ᠵᠢᠯ ᠳᠤ | ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠣᠭᠰᠠᠳ ᠢ 12.5 ᠲᠦᠮᠡᠨ ᠬᠦᠮᠦᠨ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤ ᠶᠢᠨ 9500 | ᠬᠦᠮᠦᠨ ᠳᠤ ᠠᠵᠢᠯ ᠤᠯᠭᠤᠵᠤ᠂ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ 5% ᠳᠤᠳᠤᠷ᠎ᠠ ᠬᠢᠵᠠᠭᠠᠷᠯᠠᠨ᠎ᠠ᠃ | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠳᠡᠭᠦᠯᠳᠡᠷᠵᠢᠭᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠦᠩᠬᠦ ᠪᠠ | ᠬᠦᠴᠢᠷᠳᠡᠯᠳᠠᠢ ᠤᠯᠠᠨ ᠲᠦᠮᠡᠨ ᠢ ᠠᠪᠤᠷᠠᠨ ᠳᠤᠰᠠᠯᠠᠬᠤ ᠪᠠᠳᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠦᠩᠬᠦ ᠶᠢ ᠬᠢᠨᠠᠨ ᠬᠠᠮᠢᠶᠠᠷᠬᠤ ᠶᠠᠰᠤ ᠴᠢᠨᠠᠷ ᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠨᠡᠶᠢᠭᠡᠮ ᠳᠤᠭᠤᠷᠢᠭ ᠤᠨ ᠨᠠᠰᠤᠳᠠᠨ ᠢ ᠠᠰᠠᠷᠠᠬᠤ ᠦᠢᠯᠡᠴᠢᠯᠡᠭᠡᠨ ᠤ ᠦᠢᠯᠡᠰ ᠢ ᠬᠦᠴᠦᠳᠠᠢ ᠬᠦᠭᠵᠢᠭᠦᠯᠵᠦ᠂ ᠰᠢᠨ᠎ᠡ ᠪᠠᠷ ᠪᠠᠶᠢᠭᠤᠯᠬᠤ ᠤᠷᠤᠨ | ᠰᠠᠭᠤᠴᠠ ᠶᠢᠨ ᠳᠤᠭᠤᠷᠢᠭ ᠲᠤ ᠪᠠᠷᠢᠮᠵᠢᠶ᠎ᠠ ᠶᠤᠰᠤᠭᠠᠷ ᠨᠡᠶᠢᠭᠡᠮ ᠳᠤᠭᠤᠷᠢᠭ ᠤᠨ ᠨᠠᠰᠤᠳᠠᠨ ᠢ ᠠᠰᠠᠷᠠᠬᠤ ᠳᠤᠨᠤᠭ ᠲᠦᠬᠦᠭᠡᠷᠦᠮᠵᠢ ᠲᠦᠬᠦᠷᠴᠢᠯᠡᠵᠦ᠂ ᠨᠢᠭᠡᠨᠳᠡ | ᠪᠠᠶᠢᠭᠤᠯᠤᠭᠳᠠᠭᠰᠠᠨ ᠤᠷᠤᠨ ᠰᠠᠭᠤᠴᠠ ᠶᠢᠨ ᠳᠤᠭᠤᠷᠢᠭ ᠤᠨ ᠨᠡᠶᠢᠭᠡᠮ ᠳᠤᠭᠤᠷᠢᠭ ᠤᠨ ᠨᠠᠰᠤᠳᠠᠨ ᠢ ᠠᠰᠠᠷᠠᠬᠤ ᠦᠢᠯᠡᠴᠢᠯᠡᠭᠡᠨ ᠤ ᠳᠤᠨᠤᠭ ᠲᠦᠬᠦᠭᠡᠷᠦᠮᠵᠢ ᠶᠢᠨ | ᠳᠤᠳᠠᠭᠤᠳᠠᠯ ᠢ ᠲᠦᠷᠭᠡᠨ ᠨᠦᠬᠦᠪᠤᠷᠢᠯᠡᠨ᠎ᠡ᠃ ᠬᠤᠳᠠ ᠶᠢᠨ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠳᠤᠭᠤᠷᠢᠭ ᠢ ᠨᠡᠶᠢᠳᠬᠡᠵᠦ | ᠳᠡᠭᠡᠭᠰᠢᠯᠡᠭᠦᠯᠬᠦ ᠠᠵᠢᠯ ᠢ ᠪᠡᠶᠡᠯᠡᠭᠦᠯᠦᠨ᠎ᠡ᠃ ᠬᠠᠯᠠᠭᠳᠠᠭᠰᠠᠨ ᠴᠡᠷᠢᠭ ᠤᠨ ᠪᠠᠳᠤᠯᠠᠭ᠎ᠠ ᠶᠢᠨ ᠬᠠᠤᠯᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠯᠠᠭᠳᠠᠭᠰᠠᠨ | ᠴᠡᠷᠢᠭ ᠤᠨ ᠠᠵᠢᠯ ᠤᠨ ᠳᠤᠭᠳᠠᠯᠴᠠᠭ᠎ᠠ ᠪᠠ ᠪᠠᠳᠤᠯᠠᠭ᠎ᠠ ᠶᠢᠨ ᠲᠦᠷᠢᠮ ᠢ ᠳᠡᠭᠦᠯᠳᠡᠷᠵᠢᠭᠦᠯᠦᠨ᠎ᠡ᠃ ᠮᠠᠯᠴᠢᠨ ᠳᠠᠷᠢᠶᠠᠴᠢᠨ ᠠᠵᠢᠯᠴᠢᠨ ᠤ ᠴᠠᠯᠢᠩ ᠤᠨ ᠦᠷᠢᠳᠦᠬᠦ ᠶᠢ | ᠰᠢᠢᠳᠪᠦᠷᠢᠯᠡᠵᠦ ᠤᠯᠭᠤᠬᠤ ᠶᠢ ᠪᠠᠳᠤᠯᠠᠬᠤ ᠠᠵᠢᠯ ᠢ ᠰᠠᠶᠢᠳᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ | ᠦᠢᠯᠡᠰ ᠤᠨ ᠬᠥᠭᠵᠢᠯᠲᠡ ᠶᠢ ᠲᠡᠮᠵᠢᠨ᠎ᠠ᠃ | ᠨᠡᠩ ᠡᠷᠬᠡ ᠳᠡᠭᠰᠢ ᠰᠢᠯᠢᠳᠡᠭ ᠴᠢᠨᠠᠷ ᠤᠨ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ | ᠪᠠᠶᠢᠭᠤᠯᠤᠮᠵᠢ ᠳᠤᠭᠳᠠᠴᠠ ᠶᠢ ᠳᠡᠭᠦᠯᠳᠡᠷᠵᠢᠭᠦᠯᠵᠦ᠂ ᠰᠤᠷᠤᠭᠴᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠪᠠ ᠪᠠᠭᠰᠢ ᠶᠢᠨ ᠮᠤᠷᠠᠯ ᠪᠠᠭᠰᠢ ᠶᠢᠨ | ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠵᠤ᠂ ᠨᠢᠭᠡ ᠪᠦᠯᠦᠭ ᠬᠡᠦᠬᠡᠳ ᠤᠨ | ᠴᠡᠴᠡᠷᠯᠢᠭ ᠪᠠ ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠠᠷᠠᠳ ᠠᠴᠠ ᠡᠷᠭᠢᠯᠡᠭᠰᠡᠨ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠢᠳᠡᠪᠬᠢᠲᠡᠶ ᠪᠠᠷ ᠣᠷᠣᠭᠤᠯᠤᠨ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠳᠠ ᠶᠢᠨ ᠲᠤᠰ | ᠱᠠᠲᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠬᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠪᠣᠳᠠᠲᠤ ᠬᠦᠴᠦᠨ ᠢ ᠨᠡᠮᠡᠭᠳᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠷᠣᠲᠣᠬᠤᠶ ᠳᠡᠭᠡᠳᠦ | ᠰᠤᠷᠭᠠᠭᠤᠯᠢ ᠶᠢᠨ ᠳᠠᠪᠠᠭᠤᠯᠢᠭ ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠳᠡᠮᠵᠢᠨ᠎ᠡ᠃ | ᠰᠤᠶᠤᠯ ᠤᠨ ᠦᠢᠯᠡᠰ ᠤᠨ ᠴᠡᠴᠡᠭᠯᠡᠯ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠭᠤᠤᠯ | ᠰᠡᠳᠤᠪᠳᠤ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠰᠠᠶᠢᠳᠤᠷ ᠠᠳᠬᠤᠨ᠎ᠠ᠃ ᠬᠠᠳᠤᠨ ᠭᠤᠤᠯ ᠤᠨ ᠰᠤᠶᠤᠯ ᠤᠨ ᠰᠡᠳᠤᠪ ᠤᠨ | ᠳᠤᠭᠤᠷᠢᠨ ᠳᠤ᠂ ᠨᠢᠭᠡ ᠪᠦᠯᠦᠭ ᠰᠤᠳᠤᠨ ᠵᠦᠴᠦᠭᠡ ᠶᠢ ᠵᠤᠬᠢᠶᠠᠨ ᠪᠦᠳᠦᠭᠡᠨᠠ᠃ ᠪᠤᠷᠤᠳᠤᠬᠤᠢ ᠰᠤᠶᠤᠯ ᠤᠷᠠᠯᠢᠭ ᠤᠨ ᠨᠠᠶᠢᠷ ᠵᠢᠴᠢ ᠲᠦᠷᠪᠡᠳᠦᠭᠡᠷ | ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ᠂ ᠤᠯᠠᠨ ᠤᠯᠤᠰ ᠤᠨ ᠨᠠᠷᠠᠨ ᠬᠤᠸᠠᠷ ᠤᠨ ᠤᠷᠠᠨ ᠵᠢᠷᠤᠭ ᠤᠨ ᠪᠦᠳᠦᠭᠡᠯ ᠤᠨ ᠤᠷᠢᠯᠭ᠎ᠠ ᠶᠢᠨ | ᠦᠵᠡᠭᠦᠯᠭᠡ ᠵᠡᠷᠭᠡ ᠠᠵᠢᠯᠯᠠᠭ᠎ᠠ ᠶᠢ ᠰᠠᠶᠢᠳᠤᠷ ᠡᠷᠬᠢᠯᠡᠨ᠎ᠠ᠃ ᠤᠯᠠᠨ ᠨᠡᠶᠢᠳᠡ ᠶᠢᠨ ᠨᠤᠮ ᠤᠨ ᠰᠠᠩ᠂ ᠰᠤᠶᠤᠯ ᠤᠨ ᠤᠷᠳᠤᠨ᠂ ᠤᠷᠠᠨ ᠵᠢᠷᠤᠭ ᠤᠨ ᠤᠷᠳᠤᠨ᠂ | ᠪᠡᠶ᠎ᠡ ᠶᠢᠨ ᠲᠠᠮᠢᠷ ᠤᠨ ᠣᠷᠳᠣᠨ ᠵᠡᠷᠭᠡ ᠶᠢᠨ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ᠃ ᠪᠠᠭ᠎ᠠ ᠰᠢᠭᠡᠳᠠᠢ ᠶᠢᠨ ᠴᠢᠩ ᠤᠯᠤᠰ ᠤᠨ ᠤᠷᠳᠤ ᠴᠠᠭᠠᠨ | ᠬᠡᠷᠡᠮ ᠢ ᠵᠠᠪᠳᠤᠨ ᠠᠪᠤᠷᠠᠵᠤ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠤᠨᠠ ᠠᠭᠤᠯᠠ ᠶᠢᠨ ᠬᠠᠳᠠᠨ ᠰᠡᠶᠢᠯᠦᠮᠡᠯ ᠢ ᠪᠤᠳᠠᠰ ᠤᠨ ᠪᠤᠰᠤ ᠰᠤᠶᠤᠯ ᠤᠨ | ᠦᠪ ᠢᠶᠠᠷ ᠭᠤᠶᠤᠴᠢᠯᠠᠨ ᠮᠡᠳᠡᠭᠦᠯᠬᠦ ᠪᠠ ᠭᠤᠪᠢ ᠶᠢᠨ ᠤᠯᠠᠭᠠᠨ ᠳᠡᠮᠡᠭᠡ ᠶᠢ ᠪᠦᠬᠦ ᠪᠦᠮᠪᠦᠷᠴᠡᠭ ᠤᠨ ᠴᠢᠬᠤᠯᠠ ᠳᠠᠷᠢᠶᠠᠯᠠᠩ ᠤᠨ ᠰᠤᠶᠤᠯ ᠤᠨ ᠦᠪ ᠤᠨ ᠨᠡᠷᠡᠰ ᠲᠤ | ᠭᠤᠶᠤᠴᠢᠯᠠᠨ ᠮᠡᠳᠡᠭᠦᠯᠬᠦ ᠠᠵᠢᠯ ᠢ ᠦᠷᠭᠦᠯᠵᠢᠯᠡᠨ ᠰᠠᠶᠢᠳᠤᠷ ᠠᠳᠬᠤᠨ᠎ᠠ᠃ ᠬᠤᠳᠠ ᠶᠢᠨ ᠳᠠᠮᠢᠷ ᠤᠨ ᠰᠤᠷᠭᠠᠭᠤᠯᠢ ᠶᠢᠨ ᠮᠤᠷᠢᠨ ᠮᠡᠷᠭᠡᠵᠢᠯ ᠤᠨ ᠬᠦᠳᠡᠯᠭᠡᠭᠡᠨ ᠤ | ᠲᠦᠪ ᠢ ᠪᠠᠶᠢᠭᠤᠯᠵᠤ᠂ ᠮᠤᠷᠢᠨ ᠮᠡᠷᠭᠡᠵᠢᠯ ᠤᠨ ᠤᠨᠴᠠᠯᠢᠭᠳᠤ ᠵᠢᠵᠢᠭ ᠪᠠᠯᠭᠠᠰᠤ ᠶᠢ ᠪᠦᠳᠦᠭᠡᠨ ᠪᠠᠶᠢᠭᠤᠯᠤᠨ᠎ᠠ᠃ | ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠵᠥᠪ ᠣᠨᠣᠪᠴᠢᠲᠠᠶ ᠡᠵᠡᠮᠰᠢᠨ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠶ︾ ︽ᠲᠠᠪᠤᠨ ᠬᠠᠮᠲᠤ ᠶᠢᠨ ᠲᠠᠨᠢᠯᠲᠠ︾ ᠶᠢ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠶ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ | ᠳᠡᠯᠭᠡᠷᠡᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠰᠠᠶᠢᠲᠤᠷ ᠬᠢᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠨ ᠬᠥᠮᠦᠵᠢᠯ ᠤᠨ ᠬᠠᠮᠢᠶᠠᠷᠤᠯᠲᠠ᠂ | ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠠᠵᠢᠯ ᠢ ᠢᠳᠡᠪᠬᠢᠲᠡᠶ ᠯᠠᠪᠳᠠᠭᠤᠨ ᠢᠶᠠᠷ ᠰᠠᠶᠢᠲᠤᠷ ᠬᠢᠨ᠎ᠡ᠃ ᠬᠤᠳᠠ ᠭᠠᠵᠠᠷ ᠤᠨ ᠦᠨᠳᠦᠰᠦᠲᠡᠨ ᠤ ᠠᠵᠢᠯ ᠢ | ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠥᠭᠡᠨ | ᠲᠣᠭᠠᠲᠤ ᠦᠨᠳᠦᠰᠦᠲᠡᠨ ᠤ ᠭᠠᠷ ᠤᠷᠠᠯᠠᠯ᠂ ᠢᠳᠡᠭᠡᠨ ᠤᠮᠳᠠᠭᠠᠨ᠂ ᠤᠯᠠᠮᠵᠢᠯᠠᠯᠲᠤ ᠴᠠᠭᠠᠨ ᠢᠳᠡᠭᠡ᠂ ᠲᠠᠯ᠎ᠠ ᠨᠤᠲᠤᠭ ᠤᠨ ᠵᠢᠭᠤᠯᠴᠢᠯᠠᠯ ᠵᠡᠷᠭᠡ ᠤᠨᠴᠠᠯᠢᠬᠳᠤ ᠠᠵᠤ | ᠦᠢᠯᠡᠰ ᠢ ᠬᠥᠭᠵᠢᠭᠦᠯᠦᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ | ᠦᠨᠳᠦᠰᠦᠲᠡᠨ ᠨᠦᠭᠦᠳ ᠤᠨ ᠬᠠᠮᠲᠤᠪᠠᠷ ᠡᠬᠡ ᠤᠯᠤᠰ ᠤᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ᠂ ᠬᠠᠮᠲᠤᠪᠠᠷ ᠰᠠᠶᠢᠨ ᠰᠠᠶᠢᠬᠠᠨ ᠠᠮᠢᠳᠤᠷᠠᠯ ᠢᠶᠠᠨ | ᠴᠣᠭᠴᠠᠯᠠᠬᠤ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠦᠷᠢᠯᠡᠨ ᠵᠢᠯᠣᠭᠤᠳᠬᠤ | ᠲᠥᠪ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠷᠭᠤ ᠶᠢᠨ ᠪᠤᠰᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠵᠡᠷᠭᠡ ᠠᠷᠭ᠎ᠠ ᠪᠠᠷᠢᠯ ᠢ ᠭᠦᠢᠴᠡᠳ ᠬᠡᠷᠡᠭᠯᠡᠨ ᠨᠡᠶᠢᠭᠡᠮ ᠤᠨ | ᠵᠥᠷᠢᠴᠡᠯ ᠢ ᠠᠷᠢᠯᠭᠠᠨ᠎ᠠ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠳᠠᠬᠢᠨ ᠳᠠᠪᠳᠠᠨ ᠵᠠᠬᠢᠳᠠᠯ ᠰᠤᠷᠪᠤᠯᠵᠢᠯᠠᠭ᠎ᠠ ᠬᠢᠬᠦ ᠶᠢ ᠲᠦᠪᠯᠡᠷᠡᠭᠦᠯᠦᠨ ᠵᠠᠰᠠᠬᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠤᠷᠢᠯᠡᠬᠦ ᠳᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠤᠯᠠᠨ ᠲᠦᠮᠡᠨ ᠤ ᠵᠦᠢ ᠶᠤᠰᠤᠨ ᠤ | ᠬᠠᠤᠯᠢ ᠶᠤᠰᠤᠨ ᠤ ᠱᠠᠭᠠᠷᠳᠠᠯᠭ᠎ᠠ ᠶᠢ ᠰᠢᠢᠳᠪᠤᠷᠢᠯᠡᠨ᠎ᠡ᠃ ᠪᠤᠰᠤᠭᠠᠴᠢᠯᠠᠭᠰᠠᠨ ᠰᠤᠷᠠᠭ ᠵᠠᠩᠬᠢᠴᠢᠯᠠᠭᠰᠠᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠳᠡᠭᠦᠯᠳᠡᠷᠵᠢᠭᠦᠯᠵᠦ᠂ ᠤᠯᠤᠰ ᠤᠨ ᠬᠤᠲᠠ ᠶᠢᠨ ᠴᠠᠷᠠᠭᠠᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠢᠳᠡᠪᠬᠢᠲᠡᠢ | ᠪᠠᠶᠢᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢᠨ ᠠᠵᠢᠯ ᠢ ᠰᠠᠶᠢᠳᠤᠷ ᠬᠢᠵᠦ᠂ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠦᠷᠨᠢᠭᠦᠯᠵᠦ᠂ ︽ᠤᠮᠠᠷᠠᠳᠤ ᠬᠢᠯᠢ ᠶᠢᠨ ᠡᠭᠦᠯᠡ · ᠤᠶᠤᠨᠳᠤ ᠳᠤᠳᠤᠭᠠᠳᠤ ᠶᠢ ᠬᠠᠮᠠᠭᠠᠯᠠᠬᠤ︾ ᠬᠤᠶᠠᠳᠤᠭᠠᠷ | ᠬᠤᠭᠤᠴᠠᠭᠠᠨ ᠤ ᠢᠨᠵᠧᠨᠧᠷᠢᠩ᠂ ᠰᠦᠷᠳᠡᠭᠦᠯᠦᠯ ᠢ ᠡᠰᠡᠷᠭᠦᠴᠡᠨ ᠳᠤᠭᠳᠠᠭᠤᠨ ᠢ ᠬᠠᠮᠠᠭᠠᠯᠠᠬᠤ ᠰᠠᠭᠤᠷᠢᠨ ᠭᠠᠵᠠᠷ᠂ ᠮᠡᠷᠭᠡᠵᠢᠯ ᠤᠨ ᠳᠠᠩᠨᠠᠯᠳᠠ ᠶᠢᠨ ᠳᠤᠮᠤ | ᠳ᠋ᠠᠶᠢᠲ᠋ᠠ ᠶᠢᠨ ᠲᠦᠪ᠂ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ ᠲᠦᠪ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ ᠳᠤᠳᠤᠭᠠᠳᠤ ᠶᠢ ᠬᠠᠮᠠᠭᠠᠯᠠᠬᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ ᠃ ︽ᠤᠶᠤᠨᠳᠤ ᠪᠠᠴᠢᠮ ᠪᠠᠶᠢᠳᠠᠯ ᠢ ᠠᠷᠭᠠᠴᠠᠭᠠᠬᠤ︾ ᠬᠤᠶᠠᠳᠤᠭᠠᠷ ᠬᠤᠭᠤᠴᠠᠭᠠᠨ ᠤ | ᠢᠨᠵᠧᠨᠧᠷᠢᠩ᠂ ᠦᠪᠡᠷᠳᠡᠭᠡᠨ ᠵᠠᠰᠠᠬᠤ ᠤᠷᠤᠨ ᠤ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠳᠤᠰᠠᠯᠠᠬᠤ ᠲᠦᠪ ᠵᠡᠷᠭᠡ ᠲᠦᠷᠦᠯ ᠵᠦᠢᠯ ᠢ | ᠪᠦᠳᠦᠭᠡᠨ ᠪᠠᠶᠢᠭᠤᠯᠤᠨ᠎ᠠ᠃ ᠨᠢᠭᠡᠳᠦᠭᠡᠷ ᠤᠳᠠᠭ᠎ᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠳᠠ ᠶᠢ | ᠦᠷᠨᠢᠭᠦᠯᠦᠨ᠎ᠡ᠃ ᠬᠥᠭᠵᠢᠭᠦᠯᠬᠦ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠠᠮᠤᠷ ᠲᠦᠪᠰᠢᠨ ᠢᠶᠠᠷ ᠬᠥᠭᠵᠢᠭᠦᠯᠬᠦ ᠶᠢ ᠬᠥᠭᠵᠢᠯᠲᠡ ᠶᠢᠨ | ᠡᠯ᠎ᠡ ᠬᠦᠷᠢᠶ᠎ᠡ ᠪᠠ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠠᠮᠤ | ᠪᠤᠳᠠᠭ᠎ᠠ᠂ ᠡᠨᠧᠷᠭᠢ ᠶᠢᠨ ᠰᠤᠷᠪᠤᠯᠵᠢ᠂ ᠮᠥᠩᠭᠦᠨ ᠭᠦᠢᠯᠭᠡᠭᠡ᠂ ᠰᠠᠭᠤᠷᠢ ᠲᠥᠬᠦᠭᠡᠷᠦᠮᠵᠢ ᠵᠡᠷᠭᠡ ᠶᠢᠨ ᠠᠮᠤᠷ ᠲᠦᠪᠰᠢᠨ ᠢ ᠪᠠᠲᠤᠯᠠᠵᠤ᠂ ᠤᠯᠤᠰ ᠤᠨ ᠠᠮᠤᠷ | ᠲᠦᠪᠰᠢᠨ ᠢᠶᠠᠷ ᠬᠥᠭᠵᠢᠭᠦᠯᠬᠦ ᠵᠢᠱᠢᠶ᠎ᠡ ᠦᠵᠡᠭᠦᠯᠬᠦ ᠬᠤᠳᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠶ ᠪᠠᠷ | ᠡᠭᠦᠳᠦᠨ ᠪᠠᠶᠢᠭᠤᠯᠤᠨ᠎ᠠ᠃ | ︵ᠨᠠᠢᠮᠠ︶ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ | ᠪᠢᠳᠡ ᠳᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠰᠤᠷᠭᠠᠨ | ᠬᠥᠮᠦᠵᠢᠯ ᠢ ᠥᠷᠨᠢᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ | ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠳᠠᠳᠠᠢ ᠳᠤ | ᠨᠠᠶᠢᠳᠠᠪᠤᠷᠢᠵᠢᠭᠳᠠᠬᠤ ᠶᠢ ᠪᠠᠳᠤᠯᠠᠨ᠎ᠠ᠃ | ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠲᠦᠷᠭᠡᠳᠬᠡᠨ᠎ᠡ᠃ ︽ᠴᠢᠬᠤᠯᠠ ᠶᠡᠭᠡ ᠵᠠᠰᠠᠭ ᠵᠠᠬᠢᠷᠭᠠᠨ ᠤ ᠪᠤᠳᠤᠯᠭ᠎ᠠ | ᠳᠤᠭᠳᠠᠭᠠᠬᠤ ᠳᠠᠷᠠᠭᠠᠯᠠᠯ ᠤᠨ ᠲᠦᠷᠢᠮ︾ ᠢ ᠳᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠣᠳᠣᠯᠭ᠎ᠠ ᠳᠤᠭᠳᠠᠭᠠᠬᠤ᠂ ᠠᠷᠠᠳᠴᠢᠯᠠᠯ᠂ ᠬᠠᠤᠯᠢᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠵᠦᠪᠯᠡᠭᠴᠢ ᠵᠢᠴᠢ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ ᠴᠢᠬᠤᠯᠠ | ᠶᠡᠭᠡ ᠵᠠᠰᠠᠭ ᠵᠠᠬᠢᠷᠭᠠᠨ ᠤ ᠪᠤᠳᠤᠯᠭ᠎ᠠ ᠳᠤᠭᠳᠠᠭᠠᠬᠤ ᠶᠠᠪᠤᠳᠠᠯ ᠤᠨ ᠡᠮᠦᠨ᠎ᠡ ᠶᠠᠪᠤᠳᠠᠯ ᠤᠨ ᠳᠤᠮᠳᠠ ᠶᠠᠪᠤᠳᠠᠯ ᠤᠨ ᠬᠤᠶᠢᠨ᠎ᠠ ᠪᠦᠬᠦ ᠶᠠᠪᠤᠴᠠ ᠳᠤ ᠤᠷᠤᠯᠴᠠᠬᠤ | ᠳᠤᠭᠳᠠᠴᠠ ᠶᠢ ᠰᠦᠪᠡᠭᠴᠢᠯᠡᠨ ᠪᠠᠶᠢᠭᠤᠯᠤᠨ᠎ᠠ᠃ ᠵᠠᠰᠠᠭ ᠵᠠᠬᠢᠷᠭᠠᠨ ᠠᠴᠠ ᠳᠠᠬᠢᠨ ᠵᠥᠪᠯᠡᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠰᠢᠭᠦᠯᠳᠡ ᠳᠤ ᠤᠷᠤᠯᠴᠠᠵᠤ ᠵᠠᠷᠭᠤ ᠬᠦᠯᠢᠶᠡᠬᠦ ᠲᠦᠷᠢᠮ ᠢ ᠡᠷᠡᠰ ᠨᠠᠶᠢᠳᠠᠪᠤᠷᠢᠵᠢᠭᠤᠯᠤᠨ᠎ᠠ᠃ ︽ᠨᠠᠢᠮᠠ ᠳᠠᠪᠤ︾ | ᠶᠢᠨ ᠬᠠᠤᠯᠢ ᠲᠦᠬᠡᠮᠡᠯᠵᠢᠭᠦᠯᠦᠯᠳᠡ ᠶᠢ ᠪᠦᠬᠦ ᠳᠠᠯ᠎ᠠ ᠪᠠᠷ ᠦᠷᠨᠢᠭᠦᠯᠦᠨ᠎ᠡ᠃ ᠬᠤᠳᠠ ᠶᠢᠨ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠡᠷᠡᠰ ᠨᠠᠶᠢᠳᠠᠪᠤᠷᠢᠵᠢᠭᠤᠯᠵᠤ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠩᠭᠤ ᠶᠢᠨ ᠬᠤᠷᠢᠶᠠᠨ ᠤ | ᠬᠠᠤᠯᠢ ᠶᠤᠰᠤᠭᠠᠷ ᠬᠢᠨᠠᠯᠳᠠ ᠳᠠᠯᠪᠢᠬᠤ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠬᠠᠤᠯᠢ ᠶᠤᠰᠤᠭᠠᠷ | ᠬᠦᠯᠢᠶᠡᠵᠦ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠢ ᠳᠡᠮᠵᠢᠨ᠎ᠠ᠃ | ᠵᠤᠷᠢᠬᠳᠠᠢ ᠡᠭᠦᠷᠭᠡᠯᠡᠨ᠂ ᠦᠨᠡᠨ ᠬᠦ ᠠᠳᠬᠤᠨ ᠪᠤᠳᠠᠳᠠᠢ ᠠᠵᠢᠯᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ | ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠳᠤ ᠲᠦᠷᠦᠯ ᠵᠦᠢᠯᠳᠤ᠂ ᠨᠠᠷᠢᠨ ᠳᠠᠩᠰᠠᠳᠤ᠂ | ᠬᠠᠷᠢᠭᠤᠴᠠᠯᠭᠠᠳᠤ ᠬᠠᠮᠢᠶᠠᠷᠤᠯᠳᠠ᠂ ᠴᠠᠭᠠᠷᠢᠭ ᠬᠠᠮᠢᠶᠠᠷᠤᠯᠲᠠ ᠶᠢ ᠬᠡᠷᠡᠭᠵᠢᠭᠦᠯᠦᠨ᠂ ᠡᠷᠡᠰ ᠱᠠᠯᠠᠮᠠᠭᠠᠢ᠂ ᠬᠤᠶᠢᠰᠢ ᠲᠦᠯᠬᠢᠬᠦ ᠦᠭᠡᠢ᠂ ᠳᠠᠷᠤᠢ ᠲᠦᠷᠭᠡᠨ | ᠭᠦᠢᠴᠡᠳᠬᠡᠬᠦ ᠠᠵᠢᠯ ᠤᠨ ᠰᠤᠷᠳᠠᠯ ᠢ ᠪᠠᠳᠤ ᠪᠤᠢ ᠪᠤᠯᠭᠠᠵᠤ᠂ ᠵᠠᠰᠠᠭ ᠤᠨ ᠤᠷᠳᠤᠨ ᠤ ᠭᠦᠢᠴᠡᠳᠬᠡᠬᠦ ᠬᠦᠴᠦᠨ ᠪᠠ ᠠᠵᠢᠯ ᠤᠨ ᠪᠦᠳᠦᠮᠵᠢ ᠶᠢ ᠳᠡᠭᠡᠭᠰᠢᠯᠡᠭᠦᠯᠦᠨ᠎ᠡ᠃ | ᠬᠢᠴᠢᠶᠠᠯ ᠨᠦᠬᠦᠵᠦ ᠰᠢᠨ᠎ᠡ ᠮᠡᠳᠡᠯᠭᠡ ᠶᠢ ᠡᠵᠡᠮᠰᠢᠬᠦ ᠳᠤᠯᠭᠠᠮ ᠰᠡᠳᠬᠢᠯᠭᠡ ᠪᠠᠨ ᠴᠢᠩᠭᠠᠳᠬᠠᠵᠤ᠂ ᠳᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠪᠠ ᠳᠤᠰᠬᠠᠢ | ᠮᠡᠷᠭᠡᠵᠢᠯ ᠤᠨ ᠵᠤᠷᠢᠭ ᠰᠠᠨᠠᠭ᠎ᠠ ᠶᠢ ᠪᠤᠶᠢᠵᠢᠭᠤᠯᠵᠤ᠂ ᠰᠢᠨ᠎ᠡ ᠬᠦᠭᠵᠢᠯᠳᠡ ᠶᠢᠨ ᠱᠠᠳᠤ ᠶᠢ ᠡᠵᠡᠮᠳᠡᠬᠦ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠳᠤᠭᠤᠰᠢᠯᠠᠭᠤᠯᠬᠤ | ᠂ ᠰᠢᠨ᠎ᠡ ᠬᠦᠭᠵᠢᠯᠳᠡ ᠶᠢᠨ ᠪᠠᠶᠢᠷᠢᠰᠢᠭᠤᠯᠤᠯᠳᠠ ᠶᠢ ᠴᠤᠭᠴᠠᠯᠠᠨ ᠪᠠᠶᠢᠭᠤᠯᠬᠤ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠦᠪ ᠤᠨ ᠨᠠᠢᠮᠠᠨ ᠵᠤᠷᠪᠤᠰ ᠳᠤᠭᠳᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠤᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠤᠶᠠᠨᠴᠢ ᠦᠵᠡᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠳᠤᠨ ᠤ | ᠳᠠᠷᠤᠭᠠᠰᠤ ᠶᠢ ᠦᠷᠭᠦᠯᠵᠢᠯᠡᠨ ᠬᠦᠩᠭᠡᠷᠡᠭᠦᠯᠦᠨ᠎ᠡ᠃ ᠠᠷᠪᠢᠴᠢ ᠭᠠᠮᠳᠠᠢ ᠠᠮᠢᠳᠤᠷᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠠᠷᠪᠢᠯᠠᠨ ᠭᠠᠮᠨᠠᠬᠤ ᠶᠢ ᠴᠢᠩᠭ᠎ᠠ | ᠭᠦᠢᠴᠡᠳᠬᠡᠨ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠠᠯᠪᠠᠨ ᠤ ᠵᠠᠷᠤᠳᠠᠯ︾ ᠢ ᠦᠷᠭᠦᠯᠵᠢᠯᠡᠨ ᠪᠠᠭᠠᠰᠬᠠᠨ᠎ᠠ᠃ | ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠡᠷᠡᠰ ᠴᠢᠩᠭ᠎ᠠ ᠰᠠᠶᠢᠳᠤᠷ ᠠᠳᠬᠤᠵᠤ᠂ ᠬᠢᠨᠠᠨ ᠪᠤᠳᠤᠯᠳᠠ ᠪᠠᠷ | ᠬᠢᠨᠠᠯᠳᠠ ᠳᠠᠯᠪᠢᠬᠤ ᠶᠢ ᠴᠢᠩᠭᠠᠳᠬᠠᠵᠤ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠳᠡᠮᠵᠢᠵᠦ᠂ ᠲᠦᠪ ᠤᠨ ᠳᠤᠭᠤᠷᠢᠨ | ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠰᠠᠨᠠᠯ ᠢ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠵᠦ᠂ ᠬᠠᠩᠭᠠᠨ ᠪᠤᠷᠤᠯᠠᠭᠤᠯᠬᠤ ᠬᠤᠷᠰᠢᠶ᠎ᠡ ᠶᠢᠨ ᠰᠢᠰᠲ᠋ᠧᠮ ᠤᠨ | ᠢᠯᠵᠢᠷᠡᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ᠂ ᠨᠤᠳᠤᠭ ᠪᠡᠯᠴᠢᠭᠡᠷ ᠤᠢᠢᠳᠤ ᠭᠠᠵᠠᠷ ᠢ ᠡᠪᠳᠡᠭᠰᠡᠨ ᠲᠦᠷᠢᠮ ᠠᠴᠠ ᠵᠦᠷᠢᠴᠡᠵᠦ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠶᠢ ᠳᠤᠰᠬᠠᠢ ᠲᠦᠷᠦᠯ ᠢᠶᠠᠷ ᠴᠡᠭᠴᠡᠯᠡᠨ ᠵᠠᠰᠠᠬᠤ᠂ ᠠᠭᠤᠷᠬᠠᠢ ᠶᠢᠨ ᠡᠬᠢ ᠪᠠᠶᠠᠯᠢᠭ ᠤᠨ ᠬᠦᠷᠢᠶᠡᠨ ᠤ ᠳᠣᠪᠣᠶᠢᠮ᠎ᠠ ᠠᠰᠠᠭᠤᠳᠠᠯ ᠤᠨ | ᠲᠤᠰᠬᠠᠢ ᠵᠠᠰᠠᠨ ᠴᠡᠭᠴᠡᠯᠡᠯᠲᠡ᠂ ᠲᠦᠷᠢᠮ ᠠᠴᠠ ᠵᠦᠷᠢᠴᠡᠵᠦ ᠬᠠᠤᠯᠢ ᠠᠴᠠ ᠵᠦᠷᠢᠴᠡᠨ ᠡᠷᠡᠭᠦᠦ ᠰᠢᠢᠳᠬᠡᠯ ᠢ ᠬᠠᠰᠤᠬᠤ ᠲᠦᠷ ᠰᠤᠯᠠᠯᠠᠬᠤ ᠭᠢᠨᠳᠠᠨ ᠤ ᠭᠠᠳᠠᠨ᠎ᠠ | ᠭᠦᠢᠴᠡᠳᠬᠡᠬᠦ ᠶᠢ ᠳᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠳᠤᠷ ᠬᠢᠨ᠎ᠡ᠃ | ᠲᠦᠯᠦᠭᠡᠯᠡᠭᠴᠢᠳ ᠡ᠂ ᠳᠡᠮᠡᠴᠡᠯ ᠴᠢᠷᠮᠠᠶᠢᠯᠭ᠎ᠠ ᠳᠡᠤᠬᠡ ᠶᠢ ᠡᠭᠦᠳᠴᠦ᠂ ᠢᠷᠡᠭᠡᠳᠦᠢ ᠶᠢᠨ ᠵᠠᠮ ᠢ ᠨᠡᠭᠡᠭᠡᠳᠡᠭ᠃ ᠪᠢᠳᠡ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠤ ᠳᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠠ ᠬᠤᠳᠠ ᠶᠢᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠯ ᠤᠨ ᠱᠠᠷ᠂ ᠠᠮᠪᠠᠨ ᠱᠠᠷ ᠪᠠ ᠨᠣᠮᠣᠬᠠᠨ ᠱᠠᠷ ᠤᠨ ᠵᠣᠷᠢᠭ | ᠰᠠᠨᠠᠭ᠎ᠠ ᠶᠢ ᠪᠠᠳᠠᠷᠠᠭᠤᠯᠤᠨ ᠡᠷᠡᠯᠬᠡᠭᠯᠡᠨ ᠵᠠᠮ ᠨᠡᠭᠡᠭᠡᠨ ᠤᠷᠤᠭᠰᠢᠯᠠᠵᠤ᠂ ︽ᠠᠷᠤ ᠭᠠᠵᠠᠷ ᠤᠨ ᠵᠢᠶᠠᠩᠨᠠᠨ᠂ ᠪᠤᠬᠢᠷᠳᠤᠯ ᠦᠭᠡᠢ ᠪᠠᠷ ᠬᠦᠭᠵᠢᠨ ᠮᠠᠨᠳᠤᠬᠤ︾ ᠠᠤᠭ᠎ᠠ | ᠬᠠᠷᠠᠯᠳᠠ ᠶᠢ ᠪᠡᠶᠡᠯᠡᠭᠦᠯᠬᠦ ᠪᠠᠷ ᠴᠢᠷᠮᠠᠶᠢᠨ ᠳᠡᠮᠡᠴᠡᠵᠡᠭᠡᠶᠡ︕ | |