ᠬᠠᠩᠭᠢᠨ ᠬᠤᠶᠢᠲᠤ ᠬᠤᠰᠢᠭᠤ ᠨᠢ ᠪᠠᠶᠠᠨᠨᠠᠭᠤᠷ ᠬᠤᠲᠠ ᠶᠢᠨ ᠪᠠᠷᠠᠭᠤᠨ ᠬᠡᠰᠡᠭ᠂ ᠪᠣᠷᠥᠳᠤᠬᠤᠢ ᠶᠢᠨ ᠲᠠᠯ᠎ᠠ ᠭᠠᠵᠠᠷ ᠲᠤ ᠪᠠᠶᠢᠷᠢᠯᠠᠵᠤ ᠪᠠᠶᠢᠨ᠎ᠠ᠃ ᠵᠡᠭᠦᠨ ᠲᠠᠯ᠎ᠠ ᠨᠢ | ᠯᠢᠨ ᠾᠧ ᠣᠷᠣᠨ ᠲᠠᠢ ᠬᠢᠯᠢ ᠨᠡᠶᠢᠯᠡᠵᠦ᠂ ᠪᠠᠷᠠᠭᠤᠨ ᠲᠠᠯ᠎ᠠ ᠨᠢ ᠤᠯᠠᠭᠠᠨᠪᠤᠬ᠎ᠠ ᠡᠯᠡᠰᠦᠨ ᠴᠦᠯ ᠪᠣᠯᠤᠨ ᠳ᠋ᠧᠩᠺᠸᠤ ᠰᠢᠶᠠᠨ ᠲᠠᠢ ᠬᠢᠯᠢ ᠨᠡᠶᠢᠯᠡᠵᠦ᠂ ᠡᠮᠦᠨᠡᠰᠢ ᠬᠠᠳᠤᠨ | ᠭᠤᠤᠯ ᠪᠣᠯᠤᠨ ᠣᠷᠳᠣᠰ ᠬᠤᠲᠠ ᠶᠢᠨ ᠬᠠᠩᠭᠢᠨ ᠬᠤᠰᠢᠭᠤ ᠲᠠᠢ ᠵᠠᠬ᠎ᠠ ᠨᠡᠶᠢᠯᠡᠵᠦ᠂ ᠤᠮᠠᠷᠠᠰᠢ ᠮᠤᠨᠢ ᠠᠭᠤᠯᠠ ᠪᠣᠯᠤᠨ ᠤᠷᠠᠳ ᠤᠨ ᠬᠤᠶᠢᠲᠤ ᠬᠤᠰᠢᠭᠤ ᠲᠠᠢ ᠵᠠᠬ᠎ᠠ | ᠨᠡᠶᠢᠯᠡᠵᠦ ᠪᠠᠶᠢᠨ᠎ᠠ᠃ ᠡᠮᠦᠨᠡᠰᠢ ᠤᠮᠠᠷᠠᠰᠢ ᠪᠠᠷᠤᠭ 87 ᠺᠢᠯᠣᠮᠧᠲᠷ ᠤᠷᠲᠤ᠂ ᠵᠡᠭᠦᠨᠰᠢ ᠪᠠᠷᠠᠭᠤᠨᠰᠢ ᠪᠠᠷᠤᠭ 52 ᠺᠢᠯᠣᠮᠧᠲᠷ ᠥᠷᠭᠡᠨ᠂ ᠶᠡᠷᠦᠩᠬᠡᠶ ᠲᠠᠯᠠᠪᠠᠢ ᠨᠢ | 1790 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ | ᠠᠯᠢ ᠡᠷᠲᠡ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠲᠤᠮᠳᠠᠴᠢ ᠦᠶ᠎ᠡ ᠳᠤ᠂ ᠠᠳᠡ ᠳᠠᠷᠤᠶ ︽ ᠪᠣᠷᠥᠳᠤᠬᠤᠢ ᠶᠢᠨ ᠬᠥᠮᠦᠨ︾ ᠳᠡᠯᠭᠡᠷᠡᠵᠦ ᠪᠠᠶᠢᠵᠠᠶ᠃ | ᠬᠠᠩᠭᠢᠨ ᠪᠣᠯ ᠲᠦᠷᠺ ᠬᠡᠯᠡ ︽ᠺᠠᠩᠯᠢ︾ ︵ᠲᠥᠪ ᠳᠠᠭᠤᠳᠠᠯᠭ᠎ᠠ ︽ᠬᠠᠩᠭᠢᠨ︾︶ ᠠᠴᠠ ᠢᠷᠡᠭᠰᠡᠨ ᠶᠤᠮ᠂ ᠤᠤᠯ ᠨᠢ ᠲᠦᠷᠺ ᠤᠨ ᠳᠣᠲᠣᠭᠠᠳᠤ ᠶᠢᠨ ᠨᠢᠭᠡ | ᠬᠦᠴᠦᠨ ᠤ ᠪᠦᠯᠦᠭᠯᠡᠯ ᠤᠨ ᠨᠡᠷ᠎ᠡ ᠪᠠᠶᠢᠵᠤ᠂ ᠬᠤᠵᠢᠮ ᠨᠢ ᠠᠶᠢᠮᠠᠭ ᠤᠨ ᠨᠡᠷ᠎ᠡ ᠪᠣᠯᠪᠠ᠃ ᠴᠢᠩᠭᠢᠰ ᠬᠠᠭᠠᠨ ᠪᠠᠷᠠᠭᠤᠨᠰᠢ ᠳᠠᠶᠢᠯᠠᠬᠤ ᠦᠶ᠎ᠡ ᠳᠤ ᠲᠡᠭᠦᠨ ᠤ ᠨᠢᠭᠡ ᠪᠦᠯᠦᠭ | ᠬᠥᠮᠦᠰ ᠨᠢ ᠮᠣᠩᠭᠤᠯ ᠳᠤ ᠣᠷᠣᠵᠤ᠂ ᠰᠡᠭᠦᠯᠡᠷ ᠨᠢ ᠠᠭᠠᠵᠢᠮ ᠢᠶᠠᠷ ᠬᠠᠩᠭᠢᠨ ᠠᠶᠢᠮᠠᠭ ᠢ ᠪᠦᠷᠢᠯᠳᠦᠭᠦᠯᠵᠡᠶ᠃ ︽ᠬᠤᠶᠢᠲᠤ ᠬᠤᠰᠢᠭᠤ︾ ᠪᠣᠯ ᠬᠠᠳᠤᠨ ᠭᠤᠤᠯ ᠤᠨ | ᠴᠠᠭᠠᠳᠤ ᠡᠷᠭᠢ ᠶᠢᠨ ᠣᠷᠳᠣᠰ ᠤᠨ ᠬᠢᠵᠠᠭᠠᠷ ᠲᠠᠬᠢ ᠬᠠᠩᠭᠢᠨ ᠬᠤᠰᠢᠭᠤ ᠲᠠᠢ ᠬᠠᠷᠢᠴᠠᠭᠤᠯᠪᠠᠯ᠂ ᠠᠳᠡᠬᠢ ᠨᠢ ᠬᠠᠩᠭᠢᠨ ᠬᠤᠶᠢᠲᠤ ᠬᠤᠰᠢᠭᠤ ᠪᠣᠯᠤᠨ᠎ᠠ᠃ ᠠᠯᠢ ᠡᠷᠲᠡ | ᠪᠠᠶᠢᠯᠳᠤᠭᠠᠨᠲᠤ ᠤᠯᠤᠰ ᠤᠨ ᠦᠶ᠎ᠡ ᠳᠤ᠂ ᠵᠤᠤ ᠤᠯᠤᠰ ᠤᠨ ᠵᠢᠦ ᠶᠤᠸᠠᠨ ᠵᠢᠶᠦ᠋ᠨ ᠤ ᠬᠠᠷᠢᠶᠠᠲᠤ ᠭᠠᠵᠠᠷ ᠪᠣᠯᠵᠤ᠂ ᠴᠢᠨ ᠤᠯᠤᠰ ᠳᠤᠮᠳᠠᠳᠤ ᠤᠯᠤᠰ ᠢ | ᠨᠢᠭᠡᠳᠬᠡᠭᠰᠡᠨ ᠤ ᠳᠠᠷᠠᠭ᠎ᠠ ᠴᠢᠨ ᠤᠯᠤᠰ ᠤᠨ ᠵᠢᠦ ᠶᠤᠸᠠᠨ ᠵᠢᠶᠦ᠋ᠨ ᠤ ᠭᠠᠵᠠᠷ ᠪᠣᠯᠵᠤ᠂ ᠰᠡᠭᠦᠯᠡᠷ ᠨᠢ ᠾᠦᠩᠨᠦ ᠶᠢᠨ ᠭᠠᠵᠠᠷ ᠪᠣᠯᠪᠠ᠃ ᠬᠠᠨ ᠤᠯᠤᠰ ᠪᠣᠯ ᠱᠥᠸᠧ | ᠹᠠᠩ ᠵᠢᠶᠦ᠋ᠨ ᠤ ᠭᠠᠵᠠᠷ ᠪᠣᠯᠤᠨ᠎ᠠ᠃ ᠢᠷᠭᠡᠨ ᠤᠯᠤᠰ ᠤᠨ ᠭᠤᠴᠢᠨ ᠨᠢᠭᠡᠳᠦᠭᠡᠷ ᠣᠨ ︵1942 ᠣᠨ︶ ᠳᠤ ᠪᠣᠷᠥᠳᠤᠬᠤᠢ ᠣᠷᠣᠨ ᠳᠤ ᠰᠢᠨ ᠰᠢᠶᠠᠨ ᠤ ᠳᠦᠷᠢᠮ ᠢ | ᠬᠡᠷᠡᠭᠵᠢᠭᠦᠯᠦᠭᠰᠡᠨ ᠤ ᠳᠠᠷᠠᠭ᠎ᠠ ᠂ ᠰᠦᠶ᠋ᠶᠤᠸᠠᠨ ᠮᠤᠵᠢ ᠶᠢᠨ ᠵᠠᠰᠠᠭ ᠤᠨ ᠣᠷᠳᠣᠨ ᠠᠳᠡ ᠮᠢ ᠼᠠᠩ ᠰᠢᠶᠠᠨ ᠪᠠᠶᠢᠭᠤᠯᠵᠤ᠂ 1953 ᠣᠨ ᠳᠤ ᠵᠢᠩᠬᠢᠨᠢ ᠪᠠᠷ ᠬᠠᠩᠭᠢᠨ | ᠬᠤᠶᠢᠲᠤ ᠬᠤᠰᠢᠭᠤ ᠭᠡᠵᠦ ᠨᠡᠷ᠎ᠡ ᠪᠠᠨ ᠬᠠᠯᠠᠭᠠᠳ ᠣᠳᠣ ᠪᠣᠯᠲᠠᠯ᠎ᠠ ᠬᠡᠷᠡᠭᠯᠡᠭᠰᠡᠭᠡᠷ ᠪᠠᠶᠢᠨ᠎ᠠ᠃ ᠤᠷᠲᠤ ᠤᠳᠠᠭᠠᠨ ᠲᠡᠤᠬᠡ ᠶᠢᠨ ᠬᠤᠪᠢᠰᠤᠯᠲᠠ ᠶᠢᠨ ᠳᠤᠮᠳᠠ ᠬᠠᠩᠭᠢᠨ | ᠬᠤᠶᠢᠲᠤ ᠬᠤᠰᠢᠭᠤᠨ ᠤ ᠡᠨᠡ ᠬᠦ ᠡᠷᠳᠡᠨᠢ ᠶᠢᠨ ᠭᠠᠵᠠᠷ ᠨᠢ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ ᠦᠨᠳᠦᠰᠦᠲᠡᠨ ᠤ ᠬᠥᠳᠡᠯᠮᠦᠷᠢᠴᠢᠨ ᠠᠷᠠᠳ ᠲᠦᠮᠡᠨ | ᠲᠥᠪᠯᠡᠷᠡᠨ ᠰᠠᠭᠤᠷᠢᠰᠢᠭᠰᠠᠨ ᠢᠶᠠᠷ ᠪᠠᠷᠠᠬᠤ ᠦᠭᠡᠢ᠂ ᠪᠠᠰᠠ ᠮᠣᠩᠭᠤᠯ ᠤᠨ ᠥᠨᠳᠦᠷᠯᠢᠭ᠂ ᠰᠢᠷ᠎ᠠ ᠬᠥᠷᠥᠰᠥᠲᠦ ᠥᠨᠳᠦᠷᠯᠢᠭ᠂ ᠳᠤᠮᠳᠠᠳᠤ ᠣᠷᠣᠨ ᠤ ᠭᠤᠷᠪᠠᠨ ᠶᠡᠭᠡ | ᠰᠣᠶᠣᠯ ᠢ ᠨᠢᠭᠲᠠᠷᠠᠭᠤᠯᠵᠤ᠂ ᠲᠠᠷᠢᠶᠠᠯᠠᠭ᠎ᠠ ᠪᠠᠷ ᠦᠨᠳᠦᠰᠦ ᠪᠣᠯᠭᠠᠬᠤ᠂ ᠦᠪᠡᠷᠮᠢᠴᠡ ᠣᠨᠴᠠᠯᠢᠭ ᠲᠠᠢ ᠠᠵᠤ ᠠᠬᠤᠢ ᠶᠢᠨ ᠬᠡᠯᠪᠡᠷᠢ ᠪᠠᠶᠢᠳᠠᠯ ᠪᠣᠯᠤᠨ ᠪᠦᠬᠦᠨ ᠢ | ᠪᠠᠭᠲᠠᠭᠠᠵᠤ ᠪᠠᠶᠢᠳᠠᠭ ᠢ ᠬᠠᠳᠠᠭᠠᠯᠠᠬᠤ᠂ ᠳᠠᠯᠠᠢ ᠲᠠᠩᠭᠢᠰ ᠢ ᠪᠠᠭᠲᠠᠭᠠᠭᠰᠠᠨ ᠰᠣᠶᠣᠯ ᠤᠨ ᠣᠨᠴᠠᠯᠢᠭ ᠢ ᠪᠦᠷᠢᠯᠳᠦᠭᠦᠯᠵᠡᠶ᠃ | ᠬᠠᠩᠭᠢᠨ ᠬᠤᠶᠢᠳᠣ ᠬᠤᠰᠢᠭᠤ ᠪᠣᠯ ᠪᠠᠶᠠᠨᠨᠠᠭᠤᠷ ᠤᠨ ︽ᠬᠠᠮᠤᠭ ᠤᠨ ᠭᠤᠶᠤ ᠴᠤᠭᠯᠠᠭᠠᠨ︾ ᠪᠣᠯᠤᠨ᠎ᠠ᠂ ᠪᠦᠬᠦ ᠣᠷᠣᠨ ᠤ ᠠᠷᠪᠠᠨ ᠶᠡᠭᠡ ᠭᠠᠶᠢᠬᠠᠮᠰᠢᠭᠲᠤ | ᠪᠠᠯᠭᠠᠰᠤ ᠪᠣᠯᠬᠤ ᠤᠮᠠᠷᠠᠲᠤ ᠶᠢᠨ ᠠᠷᠢᠬᠢᠨ ᠬᠤᠲᠠ ᠪᠣᠯᠤᠨ᠎ᠠ᠃ ᠭᠠᠵᠠᠷ ᠤᠨ ᠪᠠᠶᠢᠴᠠ ᠨᠢ ᠪᠠᠷᠠᠭᠤᠨ ᠡᠮᠦᠨᠡᠰᠢ ᠥᠨᠳᠥᠷ᠂ ᠵᠡᠭᠦᠨ ᠬᠤᠶᠢᠰᠢ ᠳᠣᠤᠷ᠎ᠠ᠂ ᠳᠠᠯᠠᠢ ᠶᠢᠨ | ᠲᠦᠪᠰᠢᠨ ᠠᠴᠠ 1032 - 1050 ᠮᠧᠲᠷ ᠡᠷᠭᠦᠭᠳᠡᠭᠰᠡᠨ ᠪᠠᠶᠢᠨ᠎ᠠ᠃ ᠡᠮᠦᠨᠡᠰᠢ ᠬᠠᠳᠤᠨ ᠭᠤᠤᠯ ᠤᠨ ᠤᠰᠤ ᠶᠢ ᠲᠠᠲᠠᠵᠤ ᠤᠷᠤᠰᠬᠠᠯ ᠳᠠᠭᠠᠤ ᠤᠰᠤᠯᠠᠵᠤ᠂ ᠥᠭ | ᠰᠢᠮᠡᠯᠢᠭ ᠬᠥᠷᠥᠰᠥᠨ ᠳᠤ ᠠᠯᠲᠠᠨ ᠤᠷᠭᠤᠵᠤ᠂ ᠤᠮᠠᠷᠠᠰᠢ ᠪᠠᠨ ᠮᠤᠨᠢ ᠠᠭᠤᠯᠠ ᠰᠡᠬᠦ᠋ᠢᠨ ᠰᠡᠬᠦ᠋ᠢᠨ ᠰᠦᠨᠳᠡᠷᠯᠡᠵᠦ᠂ ᠲᠠᠯ᠎ᠠ ᠨᠤᠲᠤᠭ ᠤᠨ ᠳᠠᠭᠤᠤ ᠤᠶᠠᠩᠭᠠᠯᠢᠭ᠂ | ᠵᠡᠭᠦᠨᠰᠢ ᠱᠧᠩ ᠬᠤᠤ ᠨᠠᠭᠤᠷ ᠤᠨ ᠳᠣᠯᠭᠢᠶᠠᠯᠠᠨ ᠭᠡᠷᠡᠯᠲᠦᠵᠦ᠂ ᠪᠠᠷᠠᠭᠤᠨᠰᠢ ᠡᠯᠡᠰᠦᠨ ᠴᠦᠯ ᠤᠨ ᠵᠢᠭᠤᠯᠴᠢᠯᠠᠯ ᠤᠨ ᠣᠷᠣᠨ ᠤ ᠡᠯᠡᠰᠦᠨ ᠴᠦᠯ ᠤᠨ ᠥᠨᠥᠴᠢᠨ ᠤᠲᠤᠭ᠎ᠠ | ᠪᠠᠶᠢᠳᠠᠭ᠃ ᠬᠠᠩᠭᠢᠨ ᠬᠤᠶᠢᠳᠦ ᠬᠤᠰᠢᠭᠤᠨ ᠳᠤ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠣᠨᠴᠠᠭᠠᠢ ᠨᠥᠬᠦᠴᠡᠯ ᠪᠠᠶᠢᠵᠤ᠂ ᠪᠦᠬᠦ ᠤᠯᠤᠰ ᠤᠨ ᠨᠠᠷᠠᠲᠤ | ᠲᠠᠸᠠᠷ ᠤᠨ ᠠᠮᠤ ᠪᠤᠳᠠᠭᠠᠨ ᠤ ᠰᠠᠭᠤᠷᠢᠨ ᠪᠣᠯᠤᠨ᠎ᠠ᠃ ᠨᠡᠷᠡᠨ ᠬᠤᠸᠠᠷ ᠤᠨ ᠰᠢᠯᠢᠳᠡᠭ ᠴᠢᠨᠠᠷ ᠴᠢᠨᠰᠠᠭ᠎ᠠ ᠨᠢ ᠪᠥᠬᠦ ᠤᠯᠤᠰ ᠲᠤ ᠠᠯᠳᠠᠷᠰᠢᠵᠤ᠂ ᠡᠯᠡᠰᠦᠨ ᠲᠠᠩᠭᠢᠰ ᠤᠨ ︽ | ᠨᠣᠭᠤᠭᠠᠨ ᠡᠬᠢ︾ ᠴᠢᠨ᠋ᠸ᠎ᠠ ᠶᠢᠨ ᠬᠠᠷᠮᠠᠭ ᠬᠤᠯᠠ ᠪᠣᠷᠣᠯᠠᠭᠤᠯᠤᠭᠳᠠᠵᠤ᠂ ᠹᠦ᠋ ᠰᠧᠯᠧᠨ ᠡᠯᠪᠡᠭ ᠪᠤᠭᠤᠳᠠᠢ᠂ ᠪᠣᠷᠣᠲᠣᠬᠤᠶ ᠶᠢᠨ ᠪᠠᠯ ᠬᠡᠮᠬᠡ᠂ ᠠᠮᠲᠠᠲᠤ ᠬᠡᠮᠬᠡ ᠵᠡᠷᠭᠡ ᠨᠢ | ᠴᠦ ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠃ ᠪᠣᠷᠣᠲᠣᠬᠤᠶ ᠶᠢᠨ ᠠᠷᠢᠬᠢᠨ ᠦᠢᠯᠡᠰ ᠤᠨ ᠪᠦᠯᠦᠭᠯᠡᠯ ᠢᠶᠠᠷ ᠲᠥᠯᠥᠭᠡᠯᠡᠭᠦᠯᠦᠭᠰᠡᠨ ᠠᠯᠢ ᠣᠯᠠᠨ ᠨᠡᠷᠡᠲᠦ ᠠᠵᠤ | ᠠᠬᠤᠶᠢᠯᠠᠯ᠂ ᠵᠢᠱᠢᠶᠡᠯᠡᠪᠡᠯ ᠢᠯᠢ᠂ ᠲᠥᠨ ᠾᠧ᠂ ᠪᠣᠷᠣᠲᠣᠬᠤᠶ ᠶᠢᠨ ᠮᠣᠳᠣᠨ ᠤ ᠥᠢᠯᠡᠰ᠂ ᠹᠦ᠋ ᠮᠤᠩ᠂ ᠳ᠋ᠠ ᠬᠤᠤ ᠳ᠋ᠠ᠂ ᠲᠤᠮᠢᠷ᠂ ᠳ᠋ᠠ ᠾᠧᠦ ᠲᠤᠤ᠂ ᠮᠢᠩ ᠰᠢᠩ | ᠵᠡᠷᠭᠡ ᠨᠢ ᠪᠦᠬᠦ ᠬᠤᠰᠢᠭᠤᠨ ᠤ ᠲᠣᠯᠣᠭᠠᠶᠢᠯᠠᠭᠴᠢ ᠠᠵᠤ ᠠᠬᠤᠶᠢᠯᠠᠯ ᠪᠣᠯᠪᠠ᠃ | ᠠᠳᠡ ᠵᠠᠮ ᠬᠠᠷᠢᠯᠴᠠᠭ᠎ᠠ ᠳᠥᠭᠦᠮ᠂ ᠵᠠᠰᠠᠮᠠᠯ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠨ᠎ᠡ᠃ G 6᠂ G 7 ᠲᠦᠷᠭᠡᠨ ᠳᠠᠪᠬᠢᠬᠤ ᠵᠠᠰᠠᠮᠠᠯ ᠵᠠᠮ᠂ | 110 ᠤᠯᠤᠰ ᠤᠨ ᠵᠠᠰᠠᠮᠠᠯ ᠵᠠᠮ᠂ ᠵᠢᠩ ᠯᠠᠨ ᠲᠡᠮᠦᠷ ᠵᠠᠮ ᠬᠢᠯᠢ ᠪᠠᠷ ᠥᠩᠭᠡᠷᠡᠵᠦ᠂ ᠯᠢᠨ ᠾᠧ — ᠴᠡᠭᠡ ᠲᠡᠮᠦᠷ ᠵᠠᠮ ᠨᠢ ᠬᠤᠰᠢᠭᠤᠨ ᠤ ᠬᠢᠯᠢ ᠶᠢ ᠬᠥᠨᠳᠡᠯᠡᠨ | ᠬᠡᠳᠣᠯᠡᠨᠡ᠃ | ᠬᠠᠩᠭᠢᠨ ᠬᠤᠶᠢᠲᠤ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠡᠬᠢᠯᠡᠯᠲᠡ ᠣᠷᠣᠢ᠂ ᠭᠡᠪᠡᠴᠦ ᠭᠠᠵᠠᠷ ᠵᠦᠶ ᠶᠢᠨ ᠪᠠᠶᠢᠷᠢᠰᠢᠯ᠂ ᠲᠡᠤᠬᠡ ᠶᠢᠨ ᠤᠯᠠᠷᠢᠯ | ᠬᠤᠪᠢᠰᠤᠯ᠂ ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠯᠤᠲᠤ ᠶᠡᠭᠡ ᠳᠠᠯᠳᠠ ᠵᠢᠭᠤᠯᠴᠢᠯᠠᠯ ᠤᠨ ᠡᠬᠢ | ᠪᠠᠶᠠᠯᠢᠭ ᠠᠭᠤᠳᠠᠯᠵᠤ ᠪᠠᠶᠢᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠤᠨ ᠥᠩᠭᠡ ᠦᠵᠡᠮᠵᠢ᠂ ᠭᠠᠶᠢᠬᠠᠮᠰᠢᠭᠲᠤ ᠲᠡᠤᠬᠡ ᠶᠢᠨ ᠤᠯᠠᠷᠢᠯ ᠬᠤᠪᠢᠰᠤᠯ᠂ ᠭᠦᠨ | ᠵᠤᠵᠠᠭᠠᠨ ᠰᠣᠶᠣᠯ ᠤᠨ ᠠᠭᠤᠯᠬᠤᠨ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ᠂ ᠬᠡᠭᠡᠨᠴᠢᠷ ᠰᠠᠶᠢᠬᠠᠨ ᠣᠷᠣᠰᠢᠨ ᠠᠮᠢᠳᠤᠷᠠᠬᠤ ᠣᠷᠴᠢᠨ ᠲᠣᠭᠤᠷᠢᠨ᠂ ᠬᠥᠭᠵᠢᠨ | ᠮᠠᠨᠳᠤᠭᠰᠠᠨ ᠠᠵᠤ ᠠᠬᠤᠢ ᠶᠢᠨ ᠪᠦᠲᠦᠭᠡᠨ ᠪᠠᠢᠭᠤᠯᠤᠯᠲᠠ ᠨᠢ ᠪᠦᠷ ᠬᠠᠩᠭᠢᠨ ᠬᠤᠶᠢᠳᠦ ᠬᠤᠰᠢᠭᠤᠨ ᠤ ᠷᠢᠳᠢ ᠰᠢᠳᠢ ᠪᠣᠯᠤᠨ᠎ᠠ᠃ ︽ ᠪᠣᠭᠤᠮᠲᠠ ᠶᠢᠨ ᠭᠠᠳᠠᠨᠠᠬᠢ ᠭᠡᠷᠡᠯᠲᠦ | ᠰᠤᠪᠤᠳ︾ ᠭᠡᠬᠦ ᠰᠠᠶᠢᠬᠠᠨ ᠨᠡᠷ᠎ᠡ᠂ ᠪᠣᠷᠣᠲᠣᠬᠤᠶ ᠶᠢᠨ ᠠᠷᠢᠬᠢᠨ ᠤ ᠲᠣᠮᠤᠭ᠂ ᠭᠦᠩ ᠤᠨ ᠪᠤᠯᠠᠭ ᠤᠨ ᠲᠣᠮᠤᠭ᠂ ᠠᠯᠲᠠᠨ ᠤᠨᠠᠭᠠᠨ ᠤ ᠦᠯᠢᠭᠡᠷ᠂ ︽ᠠᠭᠤᠯᠠ ᠶᠢᠨ | ᠠᠶ᠎ᠠ︾ ᠶᠢᠨ ᠢᠷᠠᠭᠤ ᠰᠠᠶᠢᠬᠠᠨ ᠦᠨᠦᠷ ᠠᠮᠲᠠ ᠲᠠᠨ ᠤ ᠰᠡᠳᠬᠢᠯ ᠢ ᠬᠥᠳᠡᠯᠭᠡᠨ᠎ᠡ︔ ᠲᠠᠷᠢᠶᠠᠴᠢᠨ ᠠᠶᠢᠯ ᠤᠨ ᠵᠠᠩ ᠠᠭᠠᠯᠢ᠂ ᠮᠤᠨᠢ ᠠᠭᠤᠯᠠ ᠶᠢᠨ ᠬᠠᠳᠠᠨ ᠵᠢᠷᠤᠭ᠂ | ᠵᠠᠭᠤᠨ ᠵᠢᠯ ᠤᠨ ᠳᠤᠭᠠᠩ᠂ ᠤᠯᠠᠭᠠᠨ ᠱᠠᠰᠢᠨ ᠤ ᠠᠷᠢᠭᠤᠨ ᠣᠷᠣᠨ᠂ ᠯᠤᠩ ᠶᠠᠨ ᠪᠤᠷᠬᠠᠨ ᠤ ᠰᠤᠪᠤᠷᠭ᠎ᠠ᠂ ᠴᠢᠨ ᠬᠠᠨ ᠤ ᠤᠷᠳᠤ ᠴᠠᠭᠠᠨ ᠬᠡᠷᠡᠮ᠂ ᠡᠷᠲᠡᠨ ᠤ | ᠬᠤᠲᠠ ᠶᠢᠨ ᠪᠠᠭᠤᠷᠢ᠂ ᠡᠯᠡᠰᠦᠨ ᠴᠦᠯ ᠤᠨ ᠭᠠᠶᠢᠬᠠᠮᠰᠢᠭᠲᠤ ᠦᠵᠡᠮᠵᠢ᠂ ᠪᠠᠶᠢᠭᠠᠯᠢ ᠶᠢᠨ ᠨᠠᠭᠤᠷ ᠴᠥᠭᠦᠷᠥᠮ ᠨᠢ ᠬᠥᠮᠦᠰ ᠢ ᠰᠠᠯᠵᠤ ᠶᠠᠳᠠᠭᠤᠯᠤᠨᠠ︔ ᠡᠯᠪᠡᠭ ᠪᠠᠶᠠᠯᠢᠭ | ᠥᠪᠥᠷ ᠮᠣᠩᠭᠤᠯ ᠤᠨ ᠠᠷᠢᠬᠢᠨ ᠰᠣᠶᠣᠯ ᠤᠨ ᠮᠦᠽᠧᠶ᠂ ᠥᠨᠢ ᠤᠳᠠᠭᠠᠨ ᠲᠡᠤᠬᠡ ᠲᠠᠢ ᠲᠡᠮᠡᠴᠡᠯᠳᠦ ᠳᠤᠮᠳᠠᠳᠤ ᠰᠤᠷᠭᠠᠭᠤᠯᠢ᠂ ᠲᠡᠤᠬᠡ ᠶᠢᠨ ᠰᠢᠨ᠎ᠡ ᠭᠡᠷ ᠢ ᠵᠠᠯᠭᠠᠮᠵᠢᠯᠠᠨ᠂ | ᠬᠤᠷᠴᠠ ᠰᠡᠷᠭᠦᠯᠡᠩ ᠲᠣᠤᠷᠠᠶ ᠤᠯᠢᠶᠠᠰᠤᠨ ᠤ ᠡᠷᠲᠡᠨ ᠤ ᠮᠣᠳᠣ᠂ ᠦᠨᠳᠦᠰᠦᠲᠡᠨ ᠤ ᠵᠠᠩ ᠵᠠᠩᠰᠢᠯ᠂ ᠡᠷᠡᠭᠦᠯ ᠡᠩᠬᠡ ᠪᠡᠶ᠎ᠡ ᠲᠠᠮᠢᠷ ᠵᠤᠭ᠎ᠠ ᠴᠡᠩᠭᠡᠯ᠂ ᠬᠤᠳᠠᠯᠳᠤᠭᠠᠨ ᠤ | ᠶᠠᠪᠤᠳᠠᠯ ᠤᠨ ᠰᠡᠯᠡᠭᠦᠴᠡᠯ᠂ ᠣᠨᠴᠠᠯᠢᠭᠲᠤ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠰᠢ ᠺᠧᠤ ᠶᠢᠨ ᠠᠷᠠᠳ ᠤᠨ ᠵᠠᠩ ᠦᠢᠯᠡ ᠶᠢᠨ ᠨᠢᠭᠡᠳᠦᠭᠡᠷ ᠲᠣᠰᠬᠤᠨ᠂ | ᠰᠡᠯᠡᠭᠦᠴᠡᠨ ᠲᠡᠭᠦᠵᠦ ᠲᠡᠭᠦᠭᠰᠡᠨ ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ᠂ ᠠᠷᠢᠬᠢ ᠳᠠᠷᠠᠰᠤ ᠪᠠᠷ ᠨᠡᠷ᠎ᠡ ᠠᠯᠳᠠᠷᠰᠢᠭᠰᠠᠨ ᠭᠤᠤᠯ ᠮᠥᠷᠡᠨ ᠤ | ᠶᠡᠭᠡ ᠵᠠᠮ ᠢ ᠲᠥᠪᠯᠡᠷᠡᠭᠦᠯᠵᠦ᠂ ᠱᠠᠮᠪᠡ ᠣᠳᠣ ᠶᠢ ᠨᠠᠩ ᠭᠡᠷᠡᠯ ᠭᠢᠯᠪᠠᠭ᠎ᠠ ᠰᠠᠴᠤᠷᠠᠭᠤᠯᠤᠨ᠎ᠠ᠃ | ᠤᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠲᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠵᠢᠭᠤᠯᠴᠢᠯᠠᠯ ᠤᠨ ᠡᠬᠢ ᠪᠠᠶᠠᠯᠢᠭ ᠢ ᠶᠡᠬᠡᠪᠡᠷ | ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢᠯᠡᠳᠲᠡ ᠳᠡᠭᠡᠭᠰᠢᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠱᠠ ᠬᠠᠢ ᠡᠯᠡᠰᠦᠨ ᠴᠦᠯ ᠤᠨ ᠵᠢᠭᠤᠯᠴᠢᠯᠠᠯ ᠤᠨ ᠲᠥᠷᠥᠯ ᠵᠦᠢᠯ᠂ ᠷᠦᠨ ᠱᠧᠩ ᠬᠤᠤ ᠨᠠᠭᠤᠷ ᠤᠨ ᠨᠤᠭᠤ | ᠭᠠᠵᠠᠷ ᠤᠨ ᠴᠡᠴᠡᠷᠯᠢᠭ᠂ ᠬᠤᠶᠢᠲᠤ ᠳᠡᠭᠦᠷᠭᠡ ᠶᠢᠨ ᠨᠤᠭᠤ ᠭᠠᠵᠠᠷ ᠤᠨ ᠴᠡᠴᠡᠷᠯᠢᠭ᠂ ᠱᠤᠸᠠᠩ ᠮᠢᠶᠣᠣ ᠪᠠᠯᠭᠠᠰᠤᠨ ᠤ ᠲᠠᠢ ᠷᠦᠩ ᠮᠢᠨ ᠫᠦ ᠲᠣᠰᠬᠤᠨ ᠵᠡᠷᠭᠡ | ᠵᠢᠭᠤᠯᠴᠢᠯᠠᠯ ᠤᠨ ᠬᠥᠭᠵᠢᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠠᠩᠭᠠᠯᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ | ᠴᠣ ᠰᠢᠨ᠎ᠡ ᠥᠨᠳᠥᠷᠴᠡ ᠳᠤ ᠬᠦᠷᠭᠡᠪᠡ᠃ ᠬᠥᠳᠡᠭᠡ ᠲᠣᠰᠬᠤᠨ ᠤ ᠵᠤᠭᠠᠴᠠᠯ ᠪᠠ ᠰᠡᠯᠡᠭᠦᠴᠡᠯ ᠤᠨ ᠲᠠᠷᠢᠶᠠᠯᠠᠩ ᠢᠶᠠᠷ ᠣᠨᠴᠠᠯᠢᠭ ᠪᠣᠯᠭᠠᠭᠰᠠᠨ ᠵᠤᠭᠠᠴᠠᠯ ᠤᠨ ᠣᠷᠣᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠬᠤᠰᠢᠭᠤᠨ ᠳᠤ ᠤᠯᠤᠰ ᠤᠨ 4 A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ 1 ︵ | ᠪᠣᠷᠣᠲᠣᠬᠤᠶ ᠠᠷᠢᠬᠢᠨ ᠦᠢᠯᠡᠰ ᠤᠨ ᠤᠯᠤᠰ ᠤᠨ 4 A ᠲᠡᠰ ᠤᠨ ᠠᠵᠤ ᠥᠢᠯᠡᠳᠪᠥᠷᠢ ᠶᠢᠨ ᠵᠤᠭᠠᠴᠠᠯ ᠤᠨ ᠣᠷᠣᠨ︶ ᠢ ᠪᠠᠶᠢᠭᠤᠯᠵᠤ᠂ 4 A ᠲᠡᠰ ᠤᠨ ᠥᠨᠳᠥᠷ | ᠪᠠᠷᠢᠮᠵᠢᠶ᠎ᠠ ᠪᠠᠷ ᠪᠠᠶᠢᠭᠤᠯᠤᠭᠰᠠᠨ ᠵᠤᠭᠠᠴᠠᠯ ᠤᠨ ᠦᠵᠡᠮᠵᠢ ᠶᠢᠨ ᠣᠷᠣᠨ 1 ᠶᠢ ᠪᠠᠶᠢᠭᠤᠯᠪᠠ᠃ ᠨᠢᠭᠡᠨᠲᠡ 3 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 1 ︵ | ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ︶᠂ ᠭᠤᠷᠪᠠᠨ ᠣᠳᠣᠨ ᠲᠡᠰ ᠤᠨ ᠪᠠᠭᠤᠳᠠᠯ 1 ︵ ᠶᠢᠨ ᠶᠧ ᠶᠠᠩ ᠭᠤᠸᠠᠩ ᠲᠣᠮᠣ ᠪᠠᠭᠤᠳᠠᠯ︶᠂ | ᠲᠠᠪᠤᠨ ᠣᠳᠣᠨ ᠲᠡᠰ ᠤᠨ ᠵᠢᠭᠤᠯᠴᠢᠯᠠᠯ ᠤᠨ ᠡᠷᠦᠬᠡ 2 ︵ ᠶᠢᠨ ᠱᠠ ᠸᠠᠨ ᠵᠢᠭᠠᠰᠤᠨ ᠲᠣᠰᠬᠤᠨ᠂ ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ︶᠂ | ᠪᠥᠬᠦ ᠤᠯᠤᠰ ᠤᠨ ᠬᠠᠮᠤᠭ ᠤᠨ ᠭᠤᠶᠤ ᠬᠥᠳᠡᠭᠡ ᠲᠣᠰᠬᠤᠨ 1 ︵ᠳᠧᠦ ᠳ᠋ᠤᠤ ᠴᠢᠶᠣᠤ ᠮᠢᠨ ᠵᠢᠶᠠᠨ ᠲᠣᠰᠬᠤᠨ︶ ᠭᠤᠶᠤᠴᠢᠯᠠᠪᠠ︔ ᠥᠪᠡᠷᠲᠡᠭᠡᠨ ᠵᠠᠰᠠᠬᠤ ᠣᠷᠣᠨ ᠤ | ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠢᠭ 3 ︵ᠪᠣᠭᠤᠮᠲᠠ ᠶᠢᠨ ᠳᠡᠭᠡᠳᠣ ᠬᠦᠷᠢᠶᠡᠯᠡᠩ᠂ ᠶᠢᠨ ᠱᠠ ᠸᠠᠨ ᠵᠢᠭᠠᠰᠤᠨ ᠲᠣᠰᠬᠤᠨ᠂ ᠰᠢᠶᠣᠤ | ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ︶᠂ 4 ᠣᠳᠣᠨ ᠲᠡᠰ ᠤᠨ ᠵᠢᠭᠤᠯᠴᠢᠯᠠᠯ ᠤᠨ ᠡᠷᠦᠬᠡ 3 ︵ᠬᠤᠤ ᠡᠤ ᠠᠮᠢ ᠠᠬᠤᠢ ᠶᠢᠨ ᠤᠰᠤᠨ | ᠠᠰᠢᠭᠯᠠᠯᠲᠠ ᠶᠢᠨ ᠲᠣᠰᠬᠤᠨ᠂ ᠷᠦᠨ ᠱᠧᠩ ᠵᠠᠩ ᠦᠢᠯᠡ ᠶᠢᠨ ᠲᠣᠰᠬᠤᠨ᠂ ᠡᠯ ᠸᠠ ᠲᠠᠷᠢᠶᠠᠯᠠᠩ ᠤᠨ ᠲᠣᠰᠬᠤᠨ︶ ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ | ︽ᠳᠡᠯᠭᠡᠭᠦᠷ︾ 8᠂ ᠵᠢᠭᠤᠯᠴᠢᠯᠠᠯ ᠤᠨ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ 12 ᠪᠣᠯᠤᠨ᠎ᠠ᠃ ᠱᠤᠸᠠᠩ ᠮᠢᠶᠣᠣ ᠪᠠᠯᠭᠠᠰᠤ᠄ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ︔ ᠲᠤᠸᠠᠨ ᠵᠢᠶᠧ ᠪᠠᠯᠭᠠᠰᠤᠨ ᠤ ᠲᠦᠮᠡᠨ ᠮᠦ ᠶᠢᠨ ᠨᠡᠷᠡᠨ | ᠬᠤᠸᠠᠷ ᠤᠨ ᠬᠦᠷᠢᠶᠡᠯᠡᠩ ᠢ ᠪᠠᠰᠠ ᠤᠯᠤᠰ ᠤᠨ ᠲᠠᠷᠢᠶᠠᠯᠠᠩ ᠤᠨ ᠶᠠᠮᠤᠨ ᠠᠴᠠ ︽ᠳᠤᠮᠳᠠᠳᠤ ᠤᠯᠤᠰ ᠤᠨ ᠬᠠᠮᠤᠭ ᠤᠨ ᠭᠤᠶᠤ ᠬᠥᠳᠡᠭᠡ ᠲᠣᠰᠬᠤᠨ ᠤ ᠦᠵᠡᠮᠵᠢ︾ ᠶᠢᠨ | ᠴᠣᠯᠠ ᠣᠯᠭᠤᠵᠤ᠂ ᠬᠥᠳᠡᠭᠡ ᠲᠣᠰᠬᠤᠨ ᠤ ᠵᠤᠭᠠᠴᠠᠯ ᠨᠢᠭᠡᠨᠲᠡ ᠠᠩᠬ᠎ᠠ ᠠᠯᠬᠤᠮ ᠬᠡᠪᠴᠢᠶᠡᠵᠢᠵᠡᠶ᠃ | 2019 ᠣᠨ ᠤ 5 ᠰᠠᠷ᠎ᠠ ᠶᠢᠨ ᠰᠡᠭᠦᠯᠴᠢ ᠪᠣᠯᠲᠠᠯ᠎ᠠ᠂ ᠵᠤᠭᠠᠴᠠᠭᠰᠠᠳ ᠢ ᠨᠡᠶᠢᠲᠡ 33.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 11.4 % ᠨᠡᠮᠡᠭᠳᠡᠪᠡ︔ ᠣᠷᠣᠯᠭ᠎ᠠ 2.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7 % | ᠨᠡᠮᠡᠭᠳᠡᠪᠡ᠃ | ᠬᠠᠩᠭᠢᠨ ᠬᠤᠶᠢᠲᠤ ᠬᠤᠰᠢᠭᠤ ᠭᠦᠨ ᠵᠤᠵᠠᠭᠠᠨ ᠰᠣᠶᠣᠯ ᠤᠨ ᠰᠠᠭᠤᠷᠢ ᠲᠠᠢ ᠪᠠᠶᠢᠵᠤ᠂ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠨᠢ ᠪᠣᠷᠣᠲᠣᠬᠤᠶ ᠶᠢᠨ | ᠰᠣᠶᠣᠯ ᠢ ᠠᠴᠢᠶᠠᠯᠠᠵᠤ ᠪᠠᠶᠢᠳᠠᠭ᠃ ᠪᠣᠷᠣᠲᠣᠬᠤᠶ ᠶᠢᠨ ᠠᠷᠢᠬᠢᠨ ᠤ ᠥᠢᠯᠡᠰ ᠨᠢ 4 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠨ | ᠪᠣᠷᠣᠲᠣᠬᠤᠶ ᠶᠢᠨ ᠠᠷᠢᠬᠢᠨ ᠤ ᠰᠣᠶᠣᠯ ᠪᠣᠯᠤᠨ ᠵᠤᠭᠠᠴᠠᠯ ᠤᠨ ᠥᠢᠯᠡᠰ ᠢ ᠬᠠᠷᠢᠯᠴᠠᠨ ᠤᠶᠠᠯᠳᠤᠭᠤᠯᠵᠤ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠵᠤᠭᠠᠴᠠᠯ ᠤᠨ | ᠳᠠᠭᠠᠭᠤᠯᠤᠭᠴᠢ ᠪᠣᠯᠪᠠ︔ ᠡᠯᠡᠰᠦᠨ ᠴᠦᠯ ᠤᠨ ᠵᠤᠭᠠᠴᠠᠯ ᠤᠨ ᠣᠷᠣᠨ ᠳᠤ᠂ ᠡᠯᠡᠰᠦᠨ ᠴᠦᠯ ᠤᠨ ᠰᠣᠶᠣᠯ ᠢ ᠥᠷᠨᠢᠭᠦᠯᠬᠦ ᠪᠠᠷ ᠭᠤᠤᠯᠳᠠᠭᠤᠯᠵᠤ᠂ ᠬᠠᠳᠤᠨ ᠭᠤᠤᠯ | ᠤᠨ ᠰᠣᠶᠣᠯ ᠪᠣᠯᠤᠨ ᠡᠯᠡᠰᠦᠨ ᠴᠦᠯ ᠤᠨ ᠰᠣᠶᠣᠯ ᠢ ᠮᠠᠰᠢ ᠰᠠᠶᠢᠨ ᠠᠭᠤᠰᠤᠯᠴᠠᠭᠤᠯᠵᠤ᠂ ᠤᠰᠤ ᠡᠯᠡᠰᠦ ᠶᠢ ᠨᠢᠭᠡᠳᠬᠡᠭᠰᠡᠨ ᠡᠯᠡᠰᠦᠨ ᠴᠦᠯ ᠤᠨ ᠵᠠᠩ ᠠᠭᠠᠯᠢ ᠶᠢᠨ | ᠵᠤᠭᠠᠴᠠᠯ ᠢ ᠪᠠᠶᠢᠭᠤᠯᠤᠨ᠎ᠠ︔ ᠪᠦᠦ ᠯᠢᠶᠠᠨ ᠰᠧ ᠰᠦᠮ᠎ᠡ ᠶᠢᠨ ᠱᠠᠰᠢᠨ ᠤ ᠵᠢᠭᠤᠯᠴᠢᠯᠠᠯ ᠤᠨ ᠲᠥᠷᠥᠯ ᠵᠦᠢᠯ ᠳᠤ ᠭᠤᠤᠯᠳᠠᠭᠤ ᠱᠠᠰᠢᠨ ᠤ ᠬᠠᠶᠢᠯᠲᠠ ᠬᠢᠪᠡ︔ | ᠲᠡᠮᠡᠴᠡᠯᠳᠦ ᠳᠤᠮᠳᠠᠳᠤ ᠰᠤᠷᠭᠠᠭᠤᠯᠢ᠂ ᠹᠦ᠋ ᠽᠦᠥ ᠢ ᠵᠠᠩᠵᠤᠨ ᠤ ᠳᠤᠷᠠᠰᠬᠠᠯ ᠤᠨ ᠣᠷᠳᠣᠨ᠂ ᠮᠢ ᠼᠠᠩ ᠰᠢᠶᠠᠨ ᠤ ᠬᠠᠭᠤᠴᠢᠨ ᠪᠠᠭᠤᠷᠢ ᠶᠢᠨ ᠮᠦᠽᠧᠶ ᠵᠡᠷᠭᠡ | ᠵᠢᠭᠤᠯᠴᠢᠯᠠᠯ ᠤᠨ ᠲᠥᠷᠥᠯ ᠵᠦᠢᠯ ᠨᠢ ᠮᠠᠨ ᠤ ᠬᠤᠰᠢᠭᠤᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠥᠢᠴᠡᠳ | ᠢᠯᠡᠷᠡᠭᠦᠯᠵᠡᠶ᠃ ︽ᠨᠤᠲᠤᠭ ᠤᠨ ᠳᠤᠷᠠᠰᠤᠮᠵᠢ ᠱᠠᠮᠪᠡ ᠶᠢᠨ ᠦᠨᠦᠷ ᠠᠮᠲᠠ︾ ᠵᠤᠭᠠᠴᠠᠯ ᠤᠨ ᠰᠣᠶᠣᠯ ᠤᠨ ᠨᠠᠷᠠᠲᠤ ᠲᠡᠮᠳᠡᠭ ᠤᠨ ᠴᠣᠭᠴᠠᠯᠠᠯᠲᠠ ᠨᠢ ᠮᠠᠨ ᠤ | ᠬᠤᠰᠢᠭᠤᠨ ᠤ ᠪᠦᠬᠦ ᠴᠠᠷᠠᠭᠠᠨ ᠤ ᠵᠤᠭᠠᠴᠠᠯ ᠢ ᠠᠬᠢᠭᠤᠯᠬᠤ ᠳᠤ ᠡᠯᠪᠡᠭ ᠪᠠᠶᠠᠯᠢᠭ ᠰᠣᠶᠣᠯ ᠤᠨ ᠠᠭᠤᠯᠬᠤᠨ ᠨᠡᠮᠡᠷᠢᠯᠡᠭᠰᠡᠨ ᠪᠠᠶᠢᠨ᠎ᠠ᠃ ᠣᠳᠤ ᠪᠣᠯᠲᠠᠯ᠎ᠠ᠂ ᠨᠢᠭᠡᠨᠲᠡ ᠱᠠᠮᠪᠡ | ᠨᠤᠳᠤᠭ ᠤᠨ ᠭᠦᠨ ᠵᠤᠵᠠᠭᠠᠨ ᠬᠡᠪ ᠨᠠᠮᠪᠠ ᠶᠢ ᠲᠤᠰᠬᠠᠭᠰᠠᠨ ᠲᠧᠯᠸᠢᠰ ᠪᠠᠷᠢᠮᠲᠠᠲᠤ ᠹᠢᠯᠢᠮ ᠢ ᠣᠯᠠᠨ ᠰᠡᠭᠦᠳᠡᠷᠯᠡᠵᠡᠶ᠃ ᠡᠭᠦᠨ ᠤ ᠬᠠᠮᠲᠤ ︽ᠱᠠᠮᠪᠡ ᠶᠢᠨ ᠠᠮᠲᠠᠲᠤ | ᠢᠳᠡᠭᠡᠨ ᠤ ᠵᠡᠭᠡᠯᠢ︾ ᠶᠢᠨ ᠠᠵᠢᠯ ᠴᠤ ᠶᠠᠪᠤᠭᠳᠠᠵᠤ ᠪᠠᠶᠢᠨ᠎ᠠ᠃ ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠰᠣᠶᠣᠯ ᠤᠨ ᠠᠭᠤᠯᠬᠤᠨ ᠨᠠᠩ ᠠᠮᠢᠳᠤᠯᠢᠭ᠂ ᠡᠯᠪᠡᠭ | ᠪᠠᠶᠠᠯᠢᠭ ᠪᠣᠯᠪᠠ᠃ ᠪᠣᠷᠣᠲᠣᠬᠤᠶ ᠶᠢᠨ ᠲᠡᠤᠬᠡ ᠰᠣᠶᠣᠯ ᠤᠨ ᠬᠤᠷᠠᠮᠳᠤᠯ ᠢ ᠭᠦᠨᠵᠡᠭᠡᠶ ᠠᠭᠤᠳᠠᠯᠵᠤ᠂ ᠬᠥᠳᠡᠭᠡ ᠠᠵᠤ ᠠᠬᠤᠶ ᠰᠣᠶᠣᠯ ᠵᠤᠭᠠᠴᠠᠯ ᠤᠨ ᠠᠭᠤᠰᠤᠯᠴᠠᠨ | ᠬᠥᠭᠵᠢᠬᠦ ᠶᠢ ᠢᠳᠡᠪᠬᠢᠲᠡᠢ ᠠᠬᠢᠭᠤᠯᠵᠤ᠂ ᠬᠠᠩᠭᠢᠨ ᠬᠤᠶᠢᠳᠦ ᠬᠤᠰᠢᠭᠤ ᠱᠠᠰᠢᠨ ᠰᠤᠷᠲᠠᠬᠤᠨ ᠤ ᠨᠢᠭᠤᠴᠠ᠂ ᠠᠮᠢ ᠠᠬᠤᠢ ᠶᠢᠨ ᠨᠤᠭᠤ ᠭᠠᠵᠠᠷ᠂ ᠬᠥᠳᠡᠭᠡ ᠨᠤᠲᠤᠭ ᠤᠨ | ᠥᠩᠭᠡ ᠦᠵᠡᠮᠵᠢ᠂ ᠡᠭᠡᠯ ᠠᠷᠠᠳ ᠤᠨ ᠵᠠᠩ ᠵᠠᠩᠰᠢᠯ᠂ ᠡᠯᠡᠰᠦᠨ ᠴᠦᠯ ᠤᠨ ᠪᠠᠷᠲᠠᠭ᠎ᠠ ᠰᠢᠨᠵᠢᠯᠡᠬᠦ ᠵᠡᠷᠭᠡ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠠᠷᠢᠯᠢᠭ | ᠴᠣᠭᠴᠠᠯᠠᠪᠠ᠃ | ᠬᠠᠩᠭᠢᠨ ᠬᠤᠶᠢᠲᠤ ᠬᠤᠰᠢᠭᠤ 31 ᠲᠦᠮᠡᠨ ᠬᠥᠮᠦᠨ ᠲᠠᠢ ᠪᠠᠶᠢᠵᠤ᠂ ᠮᠣᠩᠭᠤᠯ ᠦᠨᠳᠦᠰᠦᠲᠡᠨ᠂ ᠬᠤᠲᠣᠩ ᠦᠨᠳᠦᠰᠦᠲᠡᠨ᠂ ᠮᠠᠨᠵᠤ ᠦᠨᠳᠦᠰᠦᠲᠡᠨ᠂ ᠳᠠᠭᠤᠷ | ᠦᠨᠳᠦᠰᠦᠲᠡᠨ ᠵᠡᠷᠭᠡ ᠴᠥᠭᠡᠨ ᠲᠣᠭᠠᠲᠤ ᠦᠨᠳᠦᠰᠦᠲᠡᠨ ᠬᠤᠯᠢᠯᠳᠤᠨ ᠰᠠᠭᠤᠷᠢᠰᠢᠭᠰᠠᠨ ᠭᠠᠵᠠᠷ ᠪᠣᠯᠤᠨ᠎ᠠ᠂ ᠴᠥᠭᠡᠨ ᠲᠣᠭᠠᠲᠤ ᠦᠨᠳᠦᠰᠦᠲᠡᠨ ᠪᠦᠬᠦ ᠬᠤᠰᠢᠭᠤᠨ ᠤ | ᠬᠥᠮᠦᠨ ᠠᠮᠠ ᠶᠢᠨ 2.2 % ᠢ ᠡᠵᠡᠯᠡᠨ᠎ᠡ᠃ ᠬᠢᠲᠠᠳ ᠬᠥᠮᠦᠨ ᠤ ᠳᠣᠲᠣᠷ᠎ᠠ ᠴᠥᠮ ᠡᠯ᠎ᠡ ᠮᠣᠵᠢ ᠬᠤᠲᠠ ᠠᠴᠠ ᠢᠷᠡᠭᠰᠡᠨ ᠪᠥᠭᠡᠳ ᠡᠭᠦᠨ ᠳᠤ ᠱᠠᠨ ᠰᠢ᠂ ᠱᠠᠨᠰᠢ᠂ | ᠭᠠᠨᠰᠦ ᠶᠢᠨ ᠬᠥᠮᠦᠨ ᠣᠯᠠᠩᠬᠢ ᠲᠤᠭ᠎ᠠ ᠶᠢ ᠡᠵᠡᠯᠡᠨ᠎ᠡ᠃ ᠠᠮᠢᠳᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠣᠯᠠᠨ ᠵᠦᠢᠯ ᠤᠨ ᠦᠨᠳᠦᠰᠦᠲᠡᠨ ᠤ ᠵᠠᠩ ᠳᠠᠳᠬᠠᠯ᠂ ᠣᠯᠠᠨ | ᠵᠦᠢᠯ ᠤᠨ ᠣᠷᠣᠨ ᠨᠤᠲᠤᠭ ᠤᠨ ᠣᠨᠴᠠᠯᠢᠭ ᠬᠠᠷᠢᠯᠴᠠᠨ ᠠᠭᠤᠰᠤᠯᠴᠠᠭᠰᠠᠨ ᠣᠨᠴᠠᠯᠢᠭ ᠲᠠᠢ ᠪᠠᠶᠢᠵᠤ᠂ ᠪᠣᠷᠣᠲᠣᠬᠤᠢ ᠶᠢᠨ ᠭᠠᠵᠠᠷ ᠣᠷᠣᠨ ᠤ ᠣᠨᠴᠠᠯᠢᠭ ᠲᠠᠢ | ᠠᠮᠢᠳᠤᠷᠠᠯ ᠤᠨ ᠵᠠᠩ ᠳᠠᠳᠬᠠᠯ ᠲᠠᠢ ᠪᠣᠯᠵᠠᠶ᠃ ᠢᠯᠠᠩᠭᠤᠶ᠎ᠠ ᠬᠥᠳᠡᠭᠡ ᠲᠣᠰᠬᠤᠨ ᠤ ᠢᠲᠡᠭᠡᠨ ᠰᠣᠶᠣᠯ ᠤᠨ ᠲᠠᠯ᠎ᠠ ᠪᠠᠷ ᠢᠯᠡ ᠲᠣᠳᠣ ᠣᠷᠣᠨ ᠨᠤᠲᠤᠭ ᠤᠨ | ᠣᠨᠴᠠᠯᠢᠭ ᠲᠠᠢ ᠪᠠᠶᠢᠵᠤ᠂ ᠲᠡᠭᠦᠨ ᠤ ᠳᠣᠲᠣᠷᠠᠬᠢ ᠵᠠᠷᠢᠮ ᠬᠤᠭᠤᠯᠠ ᠪᠤᠳᠠᠭ᠎ᠠ ᠨᠢ ᠪᠦᠬᠦ ᠤᠯᠤᠰ ᠲᠤ ᠬᠤᠤᠰ ᠦᠭᠡᠢ ᠪᠠᠶᠢᠳᠠᠭ᠃ | ᠦᠡᠭ ᠰᠢᠮᠠᠯᠡᠩ ᠬᠥᠷᠥᠰᠥ ᠰᠢᠷᠣᠶ ᠪᠣᠯᠤᠨ ᠣᠢ ᠪᠢᠯᠢᠭ ᠢᠶᠠᠷ ᠪᠢᠯᠬᠠᠭᠰᠠᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭ ᠪᠣᠯᠤᠨ ᠣᠷᠣᠨ ᠨᠤᠲᠤᠭ ᠤᠨ | ᠣᠨᠴᠠᠯᠢᠭ ᠲᠠᠢ ᠢᠳᠡᠭᠡᠨ ᠤᠮᠳᠠᠭᠠᠨ ᠢ ᠪᠤᠶᠢᠵᠢᠭᠤᠯᠪᠠ᠃ ᠳᠧᠦ ᠳ᠋ᠤᠤ ᠴᠢᠶᠣᠤ ᠶᠢᠨ ᠠᠯᠮᠤᠷᠠᠳ ᠠᠯᠢᠮ᠎ᠠ᠂ ᠰᠠᠨ ᠳ᠋ᠤᠤ ᠴᠢᠶᠣᠤ ᠶᠢᠨ ᠲᠠᠷᠪᠤᠰ᠂ ᠱᠠ ᠬᠠᠢ ᠪᠠᠯᠭᠠᠰᠤᠨ ᠤ | ᠴᠢᠨ᠋ᠸ᠎ᠠ ᠶᠢᠨ ᠬᠠᠷᠮᠠᠭ᠂ ᠱᠤᠸᠠᠩ ᠮᠢᠶᠣᠣ ᠪᠠᠯᠭᠠᠰᠤᠨ ᠤ ᠪᠣᠭᠤᠳᠠᠢ ᠶᠢᠨ ᠭᠤᠯᠢᠷ᠂ ᠲᠤᠸᠠᠨ ᠵᠢᠶᠧ ᠪᠠᠯᠭᠠᠰᠤᠨ ᠤ ᠨᠡᠷᠡᠨ ᠬᠤᠸᠠᠷ᠂ ᠬᠥᠬᠡ ᠮᠥᠷᠡᠨ ᠤ ᠡᠮᠦᠨ᠎ᠡ ᠤᠮᠠᠷ᠎ᠠ ᠶᠢ | ᠪᠠᠷᠠᠳᠠᠯ᠎ᠠ ᠶᠠᠪᠤᠵᠤ᠂ ᠪᠣᠬᠢᠷᠲᠤᠯ ᠦᠭᠡᠢ ᠨᠠᠷᠡᠲᠦ ᠲᠡᠮᠳᠡᠭ ᠢ ᠠᠯᠳᠠᠷᠰᠢᠭᠤᠯᠤᠨ᠎ᠠ᠃ ᠭᠠᠭ᠋ᠠᠶ ᠶᠢᠨ ᠮᠢᠬ᠎ᠠ ᠶᠢᠨ ᠬᠦᠴᠢᠲᠡᠶ ᠨᠣᠭᠤᠭ᠎ᠠ᠂ ᠪᠣᠷᠣᠲᠣᠬᠤᠶ ᠶᠢᠨ ᠬᠠᠲᠠᠭᠤ | ᠳᠥᠷᠪᠡᠨ ᠫᠢᠯᠠ᠂ ᠱᠠᠮᠪᠡ ᠶᠢᠨ ᠮᠢᠬ᠎ᠠ ᠶᠢᠨ ᠬᠠᠭᠰᠠᠭᠠᠭᠰᠠᠨ ᠮᠢᠬ᠎ᠠ᠂ ᠨᠡᠷᠡᠭᠰᠡᠨ ᠠᠷᠠᠰᠤ᠂ ᠰᠢᠬᠢᠷᠲᠦ ᠣᠯᠣᠰᠣᠨ ᠨᠠᠪᠴᠢ᠂ ᠰᠢᠷᠠᠭᠰᠠᠨ ᠬᠤᠨᠢᠨ ᠮᠢᠬᠠᠨ ᠤ ᠱᠣᠷᠣᠯᠠᠭ | ᠵᠡᠷᠭᠡ ᠠᠷᠪᠠᠨ ᠬᠡᠳᠦᠨ ᠨᠡᠷᠠᠳᠦ ᠢᠳᠡᠭᠡᠨ ᠴᠠᠭ ᠮᠥᠴᠡ ᠦᠭᠡᠢ ᠴᠢᠨᠦ ᠠᠮᠲᠠ ᠶᠢᠨ ᠴᠣᠮᠣᠷᠯᠢᠭ ᠲᠤ ᠰᠡᠳᠦᠯᠲᠡ ᠥᠭᠴᠦ᠂ ᠬᠥᠮᠦᠨ ᠤ ᠠᠮᠠ ᠶᠢ ᠬᠤᠵᠢᠷᠯᠠᠭᠤᠯᠵᠤ | ᠪᠠᠶᠢᠳᠠᠭ᠃ ︽ᠠᠷᠠᠳ ᠤᠨ ᠳᠤᠮᠳᠠᠬᠢ ᠭᠠᠭ᠋ᠠᠶ ᠲᠡᠵᠢᠭᠡᠬᠦ ᠰᠣᠶᠣᠯ ᠤᠨ ᠨᠠᠶᠢᠷ︾ ᠢ ᠡᠷᠬᠢᠯᠡᠵᠦ᠂ ᠨᠡᠷ᠎ᠡ ᠠᠯᠳᠠᠷᠰᠢᠵᠠᠶ᠃ | ᠬᠡᠯᠡᠯᠭᠡᠨ ᠦᠭᠡᠢ᠂ ᠳᠠᠪᠤᠰᠤᠯᠠᠭᠰᠠᠨ ᠭᠠᠭ᠋ᠠᠶ ᠶᠢᠨ ᠮᠢᠬ᠎ᠠ ᠲᠠᠢ ᠬᠠᠭᠤᠷᠠᠭᠰᠠᠨ ᠲᠠᠬᠢᠶᠠᠨ ᠥᠨᠳᠡᠭᠡ᠂ ᠨᠠᠷᠢᠮᠤ ᠶᠢᠨ ᠭᠤᠯᠢᠷ ᠤᠨ ᠬᠦᠢᠲᠡᠨ ᠨᠤᠨᠲᠠᠭ᠂ ᠤᠰᠤᠨ ᠳᠤ | ᠳᠡᠪᠲᠦᠭᠡᠭᠰᠡᠨ ᠵᠢᠵᠢᠭ ᠨᠣᠭᠤᠭ᠎ᠠ ᠵᠡᠷᠭᠡ ᠠᠮᠲᠠᠲᠠᠶ ᠨᠣᠭᠤᠭ᠎ᠠ ᠪᠠᠰᠠ ᠮᠠᠰᠢ ᠣᠯᠠᠨ ᠵᠦᠢᠯ ᠪᠠᠶᠢᠳᠠᠭ᠂ ᠡᠳᠡᠭᠡᠷ ᠣᠷᠣᠨ ᠨᠤᠲᠤᠭ ᠤᠨ ᠦᠨᠦᠷ ᠠᠮᠲᠠ ᠲᠠᠢ ᠨᠣᠭᠤᠭ᠎ᠠ ᠨᠢ | ᠪᠤᠰᠤᠳ ᠭᠠᠵᠠᠷ ᠲᠤ᠂ ᠥᠭᠡᠷ᠎ᠡ ᠪᠠᠷ ᠬᠡᠯᠡᠪᠡᠯ ᠬᠡᠳᠦᠶ ᠲᠡᠭᠡᠳᠦ ᠵᠡᠷᠭᠡ ᠶᠢᠨ ᠬᠤᠭᠤᠯᠠᠨ ᠭᠡᠷ ᠲᠤ ᠴᠦ ᠬᠠᠷᠠᠭᠳᠠᠬᠤ ᠦᠭᠡᠢ ᠪᠥᠭᠡᠳ ᠵᠠᠪᠠᠯ ᠲᠠᠷᠢᠶᠠᠴᠢᠨ ᠠᠶᠢᠯ ᠳᠤ | ᠣᠴᠢᠪᠠᠯ ᠰᠠᠶ᠋ᠢ ᠵᠢᠩᠬᠢᠨᠢ ᠦᠨᠦᠷ ᠠᠮᠲᠠ ᠶᠢ ᠣᠯᠵᠤ ᠢᠳᠡᠳᠡᠭ᠃ ᠬᠡᠷᠪᠡ ᠴᠢ ᠬᠠᠩᠬᠢᠨ ᠬᠤᠶᠢᠳᠦ ᠬᠤᠰᠢᠭᠤᠨ ᠳᠤ ᠵᠢᠭᠤᠯᠴᠢᠯᠠᠵᠤ᠂ ᠲᠤᠬᠠᠢ ᠶᠢᠨ ᠭᠠᠵᠠᠷ ᠤᠨ ᠵᠢᠩᠬᠢᠨᠢ | ᠦᠨᠦᠷ ᠠᠮᠲᠠ ᠶᠢ ᠠᠮᠲᠠᠯᠠᠭᠰᠠᠨ ᠪᠣᠯ᠂ ᠴᠢ ᠥᠴᠦᠬᠡᠨ ᠴᠦ ᠬᠠᠷᠠᠮᠰᠠᠯ ᠦᠭᠡᠢ ᠪᠠᠷ ᠡᠨᠡ ᠤᠳᠠᠭᠠᠨ ᠤ ᠠᠶᠠᠯᠠᠯ ᠢᠶᠠᠨ ᠬᠡᠯᠡᠵᠦ ᠪᠣᠯᠤᠨ᠎ᠠ᠃ | ᠬᠠᠩᠭᠢᠨ ᠬᠤᠶᠢᠲᠤ ᠬᠤᠰᠢᠭᠤ ᠠᠴᠠ ᠶᠠᠪᠤᠬᠤ ᠦᠶ᠎ᠡ ᠳᠤ᠂ ᠲᠠ ᠲᠥᠷᠥᠯ ᠰᠠᠳᠤᠨ ᠨᠠᠶᠢᠵᠠ ᠨᠥᠬᠦᠳ ᠳᠡᠭᠡᠨ ᠨᠤᠲᠤᠭ ᠤᠨ ᠢᠳᠡᠭᠡᠨ ᠤᠮᠳᠠᠭᠠᠨ ᠢ ︵ᠱᠤᠸᠠᠩ | ᠮᠢᠶᠣᠣ ᠰᠦᠮ᠎ᠡ ᠶᠢᠨ ᠰᠠᠷᠢᠮᠰᠠᠭ ᠲᠠᠢ ᠭᠤᠱᠤᠭᠤᠨ ᠵᠢᠶᠠᠩ᠂ ᠮᠧᠩ ᠴᠢᠶᠣᠤ ᠨᠡᠷᠡᠨ ᠬᠤᠸᠠᠷ ᠤᠨ ᠸᠠᠩ᠂ ᠰᠢᠷᠢᠰ ᠭᠤᠸ᠎ᠠ ᠶᠢᠨ ᠦᠷ᠎ᠡ᠂ ᠱᠠ ᠬᠠᠢ ᠪᠠᠯᠭᠠᠰᠤᠨ ᠤ | ᠴᠢᠨ᠋ᠸ᠎ᠠ ᠶᠢᠨ ᠬᠠᠷᠮᠠᠭ︶ ᠠᠪᠴᠢᠷᠠᠵᠤ᠂ ᠲᠠᠨ ᠤ ᠭᠡᠷ ᠤᠨ ᠬᠥᠮᠦᠰ ᠲᠤ ᠪᠠᠨ ᠪᠠᠰᠠ ᠬᠠᠩᠬᠢᠨ ᠬᠤᠶᠢᠳᠣ ᠬᠤᠰᠢᠭᠤᠨ ᠤ ᠬᠥᠳᠡᠭᠡ ᠨᠤᠲᠤᠭ ᠤᠨ ᠦᠨᠦᠷ ᠠᠮᠲᠠ ᠶᠢ | ᠠᠮᠲᠠᠯᠠᠭᠤᠯᠣᠭᠠᠷᠠᠢ︕ |