ᠬᠠᠩᠭᠢᠨ ᠬᠤᠶᠢᠲᠤ ᠬᠤᠰᠢᠭᠤᠨ ᠤ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2021/4/1
      ᠬᠠᠩᠭᠢᠨ ᠬᠤᠶᠢᠲᠤ ᠬᠤᠰᠢᠭᠤ ᠨᠢ ᠪᠠᠶᠠᠨᠨᠠᠭᠤᠷ ᠬᠤᠲᠠ ᠶᠢᠨ ᠪᠠᠷᠠᠭᠤᠨ ᠬᠡᠰᠡᠭ᠂ ᠪᠣᠷᠥᠳᠤᠬᠤᠢ ᠶᠢᠨ ᠲᠠᠯ᠎ᠠ ᠭᠠᠵᠠᠷ ᠲᠤ ᠪᠠᠶᠢᠷᠢᠯᠠᠵᠤ ᠪᠠᠶᠢᠨ᠎ᠠ᠃ ᠵᠡᠭᠦᠨ ᠲᠠᠯ᠎ᠠ ᠨᠢ ᠯᠢᠨ ᠾᠧ ᠣᠷᠣᠨ ᠲᠠᠢ ᠬᠢᠯᠢ ᠨᠡᠶᠢᠯᠡᠵᠦ᠂ ᠪᠠᠷᠠᠭᠤᠨ ᠲᠠᠯ᠎ᠠ ᠨᠢ ᠤᠯᠠᠭᠠᠨᠪᠤᠬ᠎ᠠ ᠡᠯᠡᠰᠦᠨ ᠴᠦᠯ ᠪᠣᠯᠤᠨ ᠳ᠋ᠧᠩᠺᠸᠤ ᠰᠢᠶᠠᠨ ᠲᠠᠢ ᠬᠢᠯᠢ ᠨᠡᠶᠢᠯᠡᠵᠦ᠂ ᠡᠮᠦᠨᠡᠰᠢ ᠬᠠᠳᠤᠨ ᠭᠤᠤᠯ ᠪᠣᠯᠤᠨ ᠣᠷᠳᠣᠰ ᠬᠤᠲᠠ ᠶᠢᠨ ᠬᠠᠩᠭᠢᠨ ᠬᠤᠰᠢᠭᠤ ᠲᠠᠢ ᠵᠠᠬ᠎ᠠ ᠨᠡᠶᠢᠯᠡᠵᠦ᠂ ᠤᠮᠠᠷᠠᠰᠢ ᠮᠤᠨᠢ ᠠᠭᠤᠯᠠ ᠪᠣᠯᠤᠨ ᠤᠷᠠᠳ ᠤᠨ ᠬᠤᠶᠢᠲᠤ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ᠃ ᠡᠮᠦᠨᠡᠰᠢ ᠤᠮᠠᠷᠠᠰᠢ ᠪᠠᠷᠤᠭ 87  ᠺᠢᠯᠣᠮᠧᠲᠷ ᠤᠷᠲᠤ᠂ ᠵᠡᠭᠦᠨᠰᠢ ᠪᠠᠷᠠᠭᠤᠨᠰᠢ ᠪᠠᠷᠤᠭ 52  ᠺᠢᠯᠣᠮᠧᠲᠷ ᠥᠷᠭᠡᠨ᠂ ᠶᠡᠷᠦᠩᠬᠡᠶ ᠲᠠᠯᠠᠪᠠᠢ ᠨᠢ 1790 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃       ᠠᠯᠢ ᠡᠷᠲᠡ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠲᠤᠮᠳᠠᠴᠢ ᠦᠶ᠎ᠡ ᠳᠤ᠂ ᠠᠳᠡ ᠳᠠᠷᠤᠶ ︽ ᠪᠣᠷᠥᠳᠤᠬᠤᠢ ᠶᠢᠨ ᠬᠥᠮᠦᠨ︾ ᠳᠡᠯᠭᠡᠷᠡᠵᠦ ᠪᠠᠶᠢᠵᠠᠶ᠃ ᠬᠠᠩᠭᠢᠨ ᠪᠣᠯ ᠲᠦᠷᠺ ᠬᠡᠯᠡ ︽ᠺᠠᠩᠯᠢ︾ ︵ᠲᠥᠪ ᠳᠠᠭᠤᠳᠠᠯᠭ᠎ᠠ ︽ᠬᠠᠩᠭᠢᠨ︾︶ ᠠᠴᠠ ᠢᠷᠡᠭᠰᠡᠨ ᠶᠤᠮ᠂ ᠤᠤᠯ ᠨᠢ ᠲᠦᠷᠺ ᠤᠨ ᠳᠣᠲᠣᠭᠠᠳᠤ ᠶᠢᠨ ᠨᠢᠭᠡ ᠬᠦᠴᠦᠨ ᠤ ᠪᠦᠯᠦᠭᠯᠡᠯ ᠤᠨ ᠨᠡᠷ᠎ᠡ ᠪᠠᠶᠢᠵᠤ᠂ ᠬᠤᠵᠢᠮ ᠨᠢ ᠠᠶᠢᠮᠠᠭ ᠤᠨ ᠨᠡᠷ᠎ᠡ ᠪᠣᠯᠪᠠ᠃ ᠴᠢᠩᠭᠢᠰ ᠬᠠᠭᠠᠨ ᠪᠠᠷᠠᠭᠤᠨᠰᠢ ᠳᠠᠶᠢᠯᠠᠬᠤ ᠦᠶ᠎ᠡ ᠳᠤ ᠲᠡᠭᠦᠨ ᠤ ᠨᠢᠭᠡ ᠪᠦᠯᠦᠭ ᠬᠥᠮᠦᠰ ᠨᠢ ᠮᠣᠩᠭᠤᠯ ᠳᠤ ᠣᠷᠣᠵᠤ᠂ ᠰᠡᠭᠦᠯᠡᠷ ᠨᠢ ᠠᠭᠠᠵᠢᠮ ᠢᠶᠠᠷ ᠬᠠᠩᠭᠢᠨ ᠠᠶᠢᠮᠠᠭ ᠢ ᠪᠦᠷᠢᠯᠳᠦᠭᠦᠯᠵᠡᠶ᠃ ︽ᠬᠤᠶᠢᠲᠤ ᠬᠤᠰᠢᠭᠤ︾ ᠪᠣᠯ ᠬᠠᠳᠤᠨ ᠭᠤᠤᠯ ᠤᠨ ᠴᠠᠭᠠᠳᠤ ᠡᠷᠭᠢ ᠶᠢᠨ ᠣᠷᠳᠣᠰ ᠤᠨ ᠬᠢᠵᠠᠭᠠᠷ ᠲᠠᠬᠢ ᠬᠠᠩᠭᠢᠨ ᠬᠤᠰᠢᠭᠤ ᠲᠠᠢ ᠬᠠᠷᠢᠴᠠᠭᠤᠯᠪᠠᠯ᠂ ᠠᠳᠡᠬᠢ ᠨᠢ ᠬᠠᠩᠭᠢᠨ ᠬᠤᠶᠢᠲᠤ ᠬᠤᠰᠢᠭᠤ ᠪᠣᠯᠤᠨ᠎ᠠ᠃ ᠠᠯᠢ ᠡᠷᠲᠡ ᠪᠠᠶᠢᠯᠳᠤᠭᠠᠨᠲᠤ ᠤᠯᠤᠰ ᠤᠨ ᠦᠶ᠎ᠡ ᠳᠤ᠂ ᠵᠤᠤ ᠤᠯᠤᠰ  ᠤᠨ ᠵᠢᠦ ᠶᠤᠸᠠᠨ ᠵᠢᠶᠦ᠋ᠨ ᠤ ᠬᠠᠷᠢᠶᠠᠲᠤ ᠭᠠᠵᠠᠷ ᠪᠣᠯᠵᠤ᠂ ᠴᠢᠨ ᠤᠯᠤᠰ ᠳᠤᠮᠳᠠᠳᠤ ᠤᠯᠤᠰ ᠢ ᠨᠢᠭᠡᠳᠬᠡᠭᠰᠡᠨ ᠤ ᠳᠠᠷᠠᠭ᠎ᠠ ᠴᠢᠨ ᠤᠯᠤᠰ ᠤᠨ ᠵᠢᠦ ᠶᠤᠸᠠᠨ ᠵᠢᠶᠦ᠋ᠨ ᠤ ᠭᠠᠵᠠᠷ ᠪᠣᠯᠵᠤ᠂ ᠰᠡᠭᠦᠯᠡᠷ ᠨᠢ ᠾᠦᠩᠨᠦ ᠶᠢᠨ ᠭᠠᠵᠠᠷ ᠪᠣᠯᠪᠠ᠃ ᠬᠠᠨ ᠤᠯᠤᠰ ᠪᠣᠯ ᠱᠥᠸᠧ ᠹᠠᠩ ᠵᠢᠶᠦ᠋ᠨ ᠤ ᠭᠠᠵᠠᠷ ᠪᠣᠯᠤᠨ᠎ᠠ᠃ ᠢᠷᠭᠡᠨ ᠤᠯᠤᠰ ᠤᠨ ᠭᠤᠴᠢᠨ ᠨᠢᠭᠡᠳᠦᠭᠡᠷ ᠣᠨ ︵1942 ᠣᠨ︶ ᠳᠤ ᠪᠣᠷᠥᠳᠤᠬᠤᠢ ᠣᠷᠣᠨ ᠳᠤ ᠰᠢᠨ ᠰᠢᠶᠠᠨ ᠤ ᠳᠦᠷᠢᠮ ᠢ ᠬᠡᠷᠡᠭᠵᠢᠭᠦᠯᠦᠭᠰᠡᠨ ᠤ ᠳᠠᠷᠠᠭ᠎ᠠ ᠂ ᠰᠦᠶ᠋ᠶᠤᠸᠠᠨ ᠮᠤᠵᠢ ᠶᠢᠨ ᠵᠠᠰᠠᠭ ᠤᠨ ᠣᠷᠳᠣᠨ ᠠᠳᠡ ᠮᠢ ᠼᠠᠩ ᠰᠢᠶᠠᠨ ᠪᠠᠶᠢᠭᠤᠯᠵᠤ᠂ 1953 ᠣᠨ ᠳᠤ ᠵᠢᠩᠬᠢᠨᠢ ᠪᠠᠷ ᠬᠠᠩᠭᠢᠨ ᠬᠤᠶᠢᠲᠤ ᠬᠤᠰᠢᠭᠤ ᠭᠡᠵᠦ ᠨᠡᠷ᠎ᠡ ᠪᠠᠨ ᠬᠠᠯᠠᠭᠠᠳ ᠣᠳᠣ ᠪᠣᠯᠲᠠᠯ᠎ᠠ ᠬᠡᠷᠡᠭᠯᠡᠭᠰᠡᠭᠡᠷ ᠪᠠᠶᠢᠨ᠎ᠠ᠃ ᠤᠷᠲᠤ ᠤᠳᠠᠭᠠᠨ ᠲᠡᠤᠬᠡ ᠶᠢᠨ ᠬᠤᠪᠢᠰᠤᠯᠲᠠ ᠶᠢᠨ ᠳᠤᠮᠳᠠ ᠬᠠᠩᠭᠢᠨ ᠬᠤᠶᠢᠲᠤ ᠬᠤᠰᠢᠭᠤᠨ ᠤ ᠡᠨᠡ ᠬᠦ ᠡᠷᠳᠡᠨᠢ ᠶᠢᠨ ᠭᠠᠵᠠᠷ ᠨᠢ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ ᠦᠨᠳᠦᠰᠦᠲᠡᠨ ᠤ ᠬᠥᠳᠡᠯᠮᠦᠷᠢᠴᠢᠨ ᠠᠷᠠᠳ ᠲᠦᠮᠡᠨ ᠲᠥᠪᠯᠡᠷᠡᠨ ᠰᠠᠭᠤᠷᠢᠰᠢᠭᠰᠠᠨ ᠢᠶᠠᠷ ᠪᠠᠷᠠᠬᠤ ᠦᠭᠡᠢ᠂ ᠪᠠᠰᠠ ᠮᠣᠩᠭᠤᠯ ᠤᠨ ᠥᠨᠳᠦᠷᠯᠢᠭ᠂ ᠰᠢᠷ᠎ᠠ ᠬᠥᠷᠥᠰᠥᠲᠦ ᠥᠨᠳᠦᠷᠯᠢᠭ᠂ ᠳᠤᠮᠳᠠᠳᠤ ᠣᠷᠣᠨ ᠤ ᠭᠤᠷᠪᠠᠨ ᠶᠡᠭᠡ ᠰᠣᠶᠣᠯ ᠢ ᠨᠢᠭᠲᠠᠷᠠᠭᠤᠯᠵᠤ᠂ ᠲᠠᠷᠢᠶᠠᠯᠠᠭ᠎ᠠ ᠪᠠᠷ ᠦᠨᠳᠦᠰᠦ ᠪᠣᠯᠭᠠᠬᠤ᠂ ᠦᠪᠡᠷᠮᠢᠴᠡ ᠣᠨᠴᠠᠯᠢᠭ ᠲᠠᠢ ᠠᠵᠤ ᠠᠬᠤᠢ ᠶᠢᠨ ᠬᠡᠯᠪᠡᠷᠢ ᠪᠠᠶᠢᠳᠠᠯ ᠪᠣᠯᠤᠨ ᠪᠦᠬᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ᠂ ᠳᠠᠯᠠᠢ ᠲᠠᠩᠭᠢᠰ ᠢ ᠪᠠᠭᠲᠠᠭᠠᠭᠰᠠᠨ ᠰᠣᠶᠣᠯ ᠤᠨ ᠣᠨᠴᠠᠯᠢᠭ ᠢ ᠪᠦᠷᠢᠯᠳᠦᠭᠦᠯᠵᠡᠶ᠃       ᠬᠠᠩᠭᠢᠨ ᠬᠤᠶᠢᠳᠣ ᠬᠤᠰᠢᠭᠤ ᠪᠣᠯ ᠪᠠᠶᠠᠨᠨᠠᠭᠤᠷ ᠤᠨ ︽ᠬᠠᠮᠤᠭ ᠤᠨ ᠭᠤᠶᠤ ᠴᠤᠭᠯᠠᠭᠠᠨ︾ ᠪᠣᠯᠤᠨ᠎ᠠ᠂ ᠪᠦᠬᠦ ᠣᠷᠣᠨ ᠤ ᠠᠷᠪᠠᠨ ᠶᠡᠭᠡ ᠭᠠᠶᠢᠬᠠᠮᠰᠢᠭᠲᠤ ᠪᠠᠯᠭᠠᠰᠤ ᠪᠣᠯᠬᠤ ᠤᠮᠠᠷᠠᠲᠤ ᠶᠢᠨ ᠠᠷᠢᠬᠢᠨ ᠬᠤᠲᠠ ᠪᠣᠯᠤᠨ᠎ᠠ᠃ ᠭᠠᠵᠠᠷ ᠤᠨ ᠪᠠᠶᠢᠴᠠ ᠨᠢ ᠪᠠᠷᠠᠭᠤᠨ ᠡᠮᠦᠨᠡᠰᠢ ᠥᠨᠳᠥᠷ᠂ ᠵᠡᠭᠦᠨ ᠬᠤᠶᠢᠰᠢ ᠳᠣᠤᠷ᠎ᠠ᠂ ᠳᠠᠯᠠᠢ ᠶᠢᠨ ᠲᠦᠪᠰᠢᠨ ᠠᠴᠠ 1032 - 1050  ᠮᠧᠲᠷ ᠡᠷᠭᠦᠭᠳᠡᠭᠰᠡᠨ ᠪᠠᠶᠢᠨ᠎ᠠ᠃ ᠡᠮᠦᠨᠡᠰᠢ ᠬᠠᠳᠤᠨ ᠭᠤᠤᠯ ᠤᠨ ᠤᠰᠤ ᠶᠢ ᠲᠠᠲᠠᠵᠤ ᠤᠷᠤᠰᠬᠠᠯ ᠳᠠᠭᠠᠤ ᠤᠰᠤᠯᠠᠵᠤ᠂ ᠥᠭ ᠰᠢᠮᠡᠯᠢᠭ ᠬᠥᠷᠥᠰᠥᠨ ᠳᠤ ᠠᠯᠲᠠᠨ ᠤᠷᠭᠤᠵᠤ᠂ ᠤᠮᠠᠷᠠᠰᠢ ᠪᠠᠨ ᠮᠤᠨᠢ ᠠᠭᠤᠯᠠ ᠰᠡᠬᠦ᠋ᠢᠨ ᠰᠡᠬᠦ᠋ᠢᠨ ᠰᠦᠨᠳᠡᠷᠯᠡᠵᠦ᠂ ᠲᠠᠯ᠎ᠠ ᠨᠤᠲᠤᠭ ᠤᠨ ᠳᠠᠭᠤᠤ ᠤᠶᠠᠩᠭᠠᠯᠢᠭ᠂ ᠵᠡᠭᠦᠨᠰᠢ ᠱᠧᠩ ᠬᠤᠤ ᠨᠠᠭᠤᠷ ᠤᠨ ᠳᠣᠯᠭᠢᠶᠠᠯᠠᠨ ᠭᠡᠷᠡᠯᠲᠦᠵᠦ᠂ ᠪᠠᠷᠠᠭᠤᠨᠰᠢ ᠡᠯᠡᠰᠦᠨ ᠴᠦᠯ ᠤᠨ ᠵᠢᠭᠤᠯᠴᠢᠯᠠᠯ ᠤᠨ ᠣᠷᠣᠨ ᠤ ᠡᠯᠡᠰᠦᠨ ᠴᠦᠯ ᠤᠨ ᠥᠨᠥᠴᠢᠨ ᠤᠲᠤᠭ᠎ᠠ ᠪᠠᠶᠢᠳᠠᠭ᠃ ᠬᠠᠩᠭᠢᠨ ᠬᠤᠶᠢᠳᠦ ᠬᠤᠰᠢᠭᠤᠨ ᠳᠤ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠣᠨᠴᠠᠭᠠᠢ ᠨᠥᠬᠦᠴᠡᠯ ᠪᠠᠶᠢᠵᠤ᠂ ᠪᠦᠬᠦ ᠤᠯᠤᠰ ᠤᠨ ᠨᠠᠷᠠᠲᠤ ᠲᠠᠸᠠᠷ ᠤᠨ ᠠᠮᠤ ᠪᠤᠳᠠᠭᠠᠨ ᠤ ᠰᠠᠭᠤᠷᠢᠨ ᠪᠣᠯᠤᠨ᠎ᠠ᠃ ᠨᠡᠷᠡᠨ ᠬᠤᠸᠠᠷ ᠤᠨ ᠰᠢᠯᠢᠳᠡᠭ ᠴᠢᠨᠠᠷ ᠴᠢᠨᠰᠠᠭ᠎ᠠ ᠨᠢ ᠪᠥᠬᠦ ᠤᠯᠤᠰ ᠲᠤ ᠠᠯᠳᠠᠷᠰᠢᠵᠤ᠂ ᠡᠯᠡᠰᠦᠨ ᠲᠠᠩᠭᠢᠰ ᠤᠨ ︽ᠨᠣᠭᠤᠭᠠᠨ ᠡᠬᠢ︾ ᠴᠢᠨ᠋ᠸ᠎ᠠ ᠶᠢᠨ ᠬᠠᠷᠮᠠᠭ ᠬᠤᠯᠠ ᠪᠣᠷᠣᠯᠠᠭᠤᠯᠤᠭᠳᠠᠵᠤ᠂ ᠹᠦ᠋ ᠰᠧᠯᠧᠨ ᠡᠯᠪᠡᠭ ᠪᠤᠭᠤᠳᠠᠢ᠂ ᠪᠣᠷᠣᠲᠣᠬᠤᠶ ᠶᠢᠨ ᠪᠠᠯ ᠬᠡᠮᠬᠡ᠂ ᠠᠮᠲᠠᠲᠤ ᠬᠡᠮᠬᠡ ᠵᠡᠷᠭᠡ ᠨᠢ ᠴᠦ ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠃ ᠪᠣᠷᠣᠲᠣᠬᠤᠶ ᠶᠢᠨ ᠠᠷᠢᠬᠢᠨ ᠦᠢᠯᠡᠰ ᠤᠨ ᠪᠦᠯᠦᠭᠯᠡᠯ ᠢᠶᠠᠷ ᠲᠥᠯᠥᠭᠡᠯᠡᠭᠦᠯᠦᠭᠰᠡᠨ ᠠᠯᠢ ᠣᠯᠠᠨ ᠨᠡᠷᠡᠲᠦ ᠠᠵᠤ ᠠᠬᠤᠶᠢᠯᠠᠯ᠂ ᠵᠢᠱᠢᠶᠡᠯᠡᠪᠡᠯ ᠢᠯᠢ᠂ ᠲᠥᠨ ᠾᠧ᠂ ᠪᠣᠷᠣᠲᠣᠬᠤᠶ ᠶᠢᠨ ᠮᠣᠳᠣᠨ ᠤ ᠥᠢᠯᠡᠰ᠂ ᠹᠦ᠋ ᠮᠤᠩ᠂ ᠳ᠋ᠠ ᠬᠤᠤ ᠳ᠋ᠠ᠂ ᠲᠤᠮᠢᠷ᠂ ᠳ᠋ᠠ ᠾᠧᠦ ᠲᠤᠤ᠂ ᠮᠢᠩ ᠰᠢᠩ ᠵᠡᠷᠭᠡ ᠨᠢ ᠪᠦᠬᠦ ᠬᠤᠰᠢᠭᠤᠨ ᠤ ᠲᠣᠯᠣᠭᠠᠶᠢᠯᠠᠭᠴᠢ ᠠᠵᠤ ᠠᠬᠤᠶᠢᠯᠠᠯ ᠪᠣᠯᠪᠠ᠃       ᠠᠳᠡ ᠵᠠᠮ ᠬᠠᠷᠢᠯᠴᠠᠭ᠎ᠠ ᠳᠥᠭᠦᠮ᠂ ᠵᠠᠰᠠᠮᠠᠯ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠨ᠎ᠡ᠃ G 6᠂ G 7 ᠲᠦᠷᠭᠡᠨ ᠳᠠᠪᠬᠢᠬᠤ ᠵᠠᠰᠠᠮᠠᠯ ᠵᠠᠮ᠂ 110 ᠤᠯᠤᠰ ᠤᠨ ᠵᠠᠰᠠᠮᠠᠯ ᠵᠠᠮ᠂ ᠵᠢᠩ ᠯᠠᠨ ᠲᠡᠮᠦᠷ ᠵᠠᠮ ᠬᠢᠯᠢ ᠪᠠᠷ ᠥᠩᠭᠡᠷᠡᠵᠦ᠂ ᠯᠢᠨ ᠾᠧ — ᠴᠡᠭᠡ ᠲᠡᠮᠦᠷ ᠵᠠᠮ ᠨᠢ ᠬᠤᠰᠢᠭᠤᠨ ᠤ ᠬᠢᠯᠢ ᠶᠢ ᠬᠥᠨᠳᠡᠯᠡᠨ ᠬᠡᠳᠣᠯᠡᠨ᠎ᠡ᠃       ᠬᠠᠩᠭᠢᠨ ᠬᠤᠶᠢᠲᠤ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠡᠬᠢᠯᠡᠯᠲᠡ ᠣᠷᠣᠢ᠂ ᠭᠡᠪᠡᠴᠦ ᠭᠠᠵᠠᠷ ᠵᠦᠶ ᠶᠢᠨ ᠪᠠᠶᠢᠷᠢᠰᠢᠯ᠂ ᠲᠡᠤᠬᠡ ᠶᠢᠨ ᠤᠯᠠᠷᠢᠯ ᠬᠤᠪᠢᠰᠤᠯ᠂ ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠯᠤᠲᠤ ᠶᠡᠭᠡ ᠳᠠᠯᠳᠠ ᠵᠢᠭᠤᠯᠴᠢᠯᠠᠯ ᠤᠨ ᠡᠬᠢ ᠪᠠᠶᠠᠯᠢᠭ ᠠᠭᠤᠳᠠᠯᠵᠤ ᠪᠠᠶᠢᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠤᠨ ᠥᠩᠭᠡ ᠦᠵᠡᠮᠵᠢ᠂ ᠭᠠᠶᠢᠬᠠᠮᠰᠢᠭᠲᠤ ᠲᠡᠤᠬᠡ ᠶᠢᠨ ᠤᠯᠠᠷᠢᠯ ᠬᠤᠪᠢᠰᠤᠯ᠂ ᠭᠦᠨ ᠵᠤᠵᠠᠭᠠᠨ ᠰᠣᠶᠣᠯ ᠤᠨ ᠠᠭᠤᠯᠬᠤᠨ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ᠂ ᠬᠡᠭᠡᠨᠴᠢᠷ ᠰᠠᠶᠢᠬᠠᠨ ᠣᠷᠣᠰᠢᠨ ᠠᠮᠢᠳᠤᠷᠠᠬᠤ ᠣᠷᠴᠢᠨ ᠲᠣᠭᠤᠷᠢᠨ᠂ ᠬᠥᠭᠵᠢᠨ ᠮᠠᠨᠳᠤᠭᠰᠠᠨ ᠠᠵᠤ ᠠᠬᠤᠢ ᠶᠢᠨ ᠪᠦᠲᠦᠭᠡᠨ ᠪᠠᠢᠭᠤᠯᠤᠯᠲᠠ ᠨᠢ ᠪᠦᠷ ᠬᠠᠩᠭᠢᠨ ᠬᠤᠶᠢᠳᠦ ᠬᠤᠰᠢᠭᠤᠨ ᠤ ᠷᠢᠳᠢ ᠰᠢᠳᠢ ᠪᠣᠯᠤᠨ᠎ᠠ᠃ ︽ ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠭᠡᠬᠦ ᠰᠠᠶᠢᠬᠠᠨ ᠨᠡᠷ᠎ᠡ᠂ ᠪᠣᠷᠣᠲᠣᠬᠤᠶ ᠶᠢᠨ ᠠᠷᠢᠬᠢᠨ ᠤ ᠲᠣᠮᠤᠭ᠂ ᠭᠦᠩ ᠤᠨ ᠪᠤᠯᠠᠭ ᠤᠨ ᠲᠣᠮᠤᠭ᠂ ᠠᠯᠲᠠᠨ ᠤᠨᠠᠭᠠᠨ ᠤ ᠦᠯᠢᠭᠡᠷ᠂ ︽ᠠᠭᠤᠯᠠ ᠶᠢᠨ ᠠᠶ᠎ᠠ︾ ᠶᠢᠨ ᠢᠷᠠᠭᠤ ᠰᠠᠶᠢᠬᠠᠨ ᠦᠨᠦᠷ ᠠᠮᠲᠠ ᠲᠠᠨ ᠤ ᠰᠡᠳᠬᠢᠯ ᠢ ᠬᠥᠳᠡᠯᠭᠡᠨ᠎ᠡ︔ ᠲᠠᠷᠢᠶᠠᠴᠢᠨ ᠠᠶᠢᠯ ᠤᠨ ᠵᠠᠩ ᠠᠭᠠᠯᠢ᠂ ᠮᠤᠨᠢ ᠠᠭᠤᠯᠠ ᠶᠢᠨ ᠬᠠᠳᠠᠨ ᠵᠢᠷᠤᠭ᠂ ᠵᠠᠭᠤᠨ ᠵᠢᠯ ᠤᠨ ᠳᠤᠭᠠᠩ᠂ ᠤᠯᠠᠭᠠᠨ ᠱᠠᠰᠢᠨ ᠤ ᠠᠷᠢᠭᠤᠨ ᠣᠷᠣᠨ᠂ ᠯᠤᠩ ᠶᠠᠨ ᠪᠤᠷᠬᠠᠨ ᠤ ᠰᠤᠪᠤᠷᠭ᠎ᠠ᠂ ᠴᠢᠨ ᠬᠠᠨ ᠤ ᠤᠷᠳᠤ ᠴᠠᠭᠠᠨ ᠬᠡᠷᠡᠮ᠂ ᠡᠷᠲᠡᠨ ᠤ ᠬᠤᠲᠠ ᠶᠢᠨ ᠪᠠᠭᠤᠷᠢ᠂ ᠡᠯᠡᠰᠦᠨ ᠴᠦᠯ ᠤᠨ ᠭᠠᠶᠢᠬᠠᠮᠰᠢᠭᠲᠤ ᠦᠵᠡᠮᠵᠢ᠂ ᠪᠠᠶᠢᠭᠠᠯᠢ ᠶᠢᠨ ᠨᠠᠭᠤᠷ ᠴᠥᠭᠦᠷᠥᠮ ᠨᠢ ᠬᠥᠮᠦᠰ ᠢ ᠰᠠᠯᠵᠤ ᠶᠠᠳᠠᠭᠤᠯᠤᠨ᠎ᠠ︔ ᠡᠯᠪᠡᠭ ᠪᠠᠶᠠᠯᠢᠭ ᠥᠪᠥᠷ ᠮᠣᠩᠭᠤᠯ ᠤᠨ ᠠᠷᠢᠬᠢᠨ ᠰᠣᠶᠣᠯ ᠤᠨ ᠮᠦᠽᠧᠶ᠂ ᠥᠨᠢ ᠤᠳᠠᠭᠠᠨ ᠲᠡᠤᠬᠡ ᠲᠠᠢ ᠲᠡᠮᠡᠴᠡᠯᠳᠦ ᠳᠤᠮᠳᠠᠳᠤ ᠰᠤᠷᠭᠠᠭᠤᠯᠢ᠂ ᠲᠡᠤᠬᠡ ᠶᠢᠨ ᠰᠢᠨ᠎ᠡ ᠭᠡᠷ ᠢ ᠵᠠᠯᠭᠠᠮᠵᠢᠯᠠᠨ᠂ ᠬᠤᠷᠴᠠ ᠰᠡᠷᠭᠦᠯᠡᠩ ᠲᠣᠤᠷᠠᠶ ᠤᠯᠢᠶᠠᠰᠤᠨ ᠤ ᠡᠷᠲᠡᠨ ᠤ ᠮᠣᠳᠣ᠂ ᠦᠨᠳᠦᠰᠦᠲᠡᠨ ᠤ ᠵᠠᠩ ᠵᠠᠩᠰᠢᠯ᠂ ᠡᠷᠡᠭᠦᠯ ᠡᠩᠬᠡ ᠪᠡᠶ᠎ᠡ ᠲᠠᠮᠢᠷ ᠵᠤᠭ᠎ᠠ ᠴᠡᠩᠭᠡᠯ᠂ ᠬᠤᠳᠠᠯᠳᠤᠭᠠᠨ ᠤ ᠶᠠᠪᠤᠳᠠᠯ ᠤᠨ ᠰᠡᠯᠡᠭᠦᠴᠡᠯ᠂ ᠣᠨᠴᠠᠯᠢᠭᠲᠤ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠰᠢ ᠺᠧᠤ ᠶᠢᠨ ᠠᠷᠠᠳ ᠤᠨ ᠵᠠᠩ ᠦᠢᠯᠡ ᠶᠢᠨ ᠨᠢᠭᠡᠳᠦᠭᠡᠷ ᠲᠣᠰᠬᠤᠨ᠂ ᠰᠡᠯᠡᠭᠦᠴᠡᠨ ᠲᠡᠭᠦᠵᠦ ᠲᠡᠭᠦᠭᠰᠡᠨ ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ᠂ ᠠᠷᠢᠬᠢ ᠳᠠᠷᠠᠰᠤ ᠪᠠᠷ ᠨᠡᠷ᠎ᠡ ᠠᠯᠳᠠᠷᠰᠢᠭᠰᠠᠨ ᠭᠤᠤᠯ ᠮᠥᠷᠡᠨ ᠤ ᠶᠡᠭᠡ ᠵᠠᠮ ᠢ ᠲᠥᠪᠯᠡᠷᠡᠭᠦᠯᠵᠦ᠂ ᠱᠠᠮᠪᠡ ᠣᠳᠣ ᠶᠢ ᠨᠠᠩ ᠭᠡᠷᠡᠯ ᠭᠢᠯᠪᠠᠭ᠎ᠠ ᠰᠠᠴᠤᠷᠠᠭᠤᠯᠤᠨ᠎ᠠ᠃       ᠤᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠵᠢᠭᠤᠯᠴᠢᠯᠠᠯ ᠤᠨ ᠡᠬᠢ ᠪᠠᠶᠠᠯᠢᠭ ᠢ ᠶᠡᠬᠡᠪᠡᠷ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢᠯᠡᠳᠲᠡ ᠳᠡᠭᠡᠭᠰᠢᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠱᠠ ᠬᠠᠢ ᠡᠯᠡᠰᠦᠨ ᠴᠦᠯ ᠤᠨ ᠵᠢᠭᠤᠯᠴᠢᠯᠠᠯ ᠤᠨ ᠲᠥᠷᠥᠯ ᠵᠦᠢᠯ᠂ ᠷᠦᠨ ᠱᠧᠩ ᠬᠤᠤ ᠨᠠᠭᠤᠷ ᠤᠨ ᠨᠤᠭᠤ ᠭᠠᠵᠠᠷ ᠤᠨ ᠴᠡᠴᠡᠷᠯᠢᠭ᠂ ᠬᠤᠶᠢᠲᠤ ᠳᠡᠭᠦᠷᠭᠡ ᠶᠢᠨ ᠨᠤᠭᠤ ᠭᠠᠵᠠᠷ ᠤᠨ ᠴᠡᠴᠡᠷᠯᠢᠭ᠂ ᠱᠤᠸᠠᠩ ᠮᠢᠶᠣᠣ ᠪᠠᠯᠭᠠᠰᠤᠨ ᠤ ᠲᠠᠢ ᠷᠦᠩ ᠮᠢᠨ ᠫᠦ ᠲᠣᠰᠬᠤᠨ ᠵᠡᠷᠭᠡ ᠵᠢᠭᠤᠯᠴᠢᠯᠠᠯ ᠤᠨ ᠬᠥᠭᠵᠢᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠠᠩᠭᠠᠯᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠴᠣ ᠰᠢᠨ᠎ᠡ ᠥᠨᠳᠥᠷᠴᠡ ᠳᠤ ᠬᠦᠷᠭᠡᠪᠡ᠃ ᠬᠥᠳᠡᠭᠡ ᠲᠣᠰᠬᠤᠨ ᠤ ᠵᠤᠭᠠᠴᠠᠯ ᠪᠠ ᠰᠡᠯᠡᠭᠦᠴᠡᠯ ᠤᠨ ᠲᠠᠷᠢᠶᠠᠯᠠᠩ ᠢᠶᠠᠷ ᠣᠨᠴᠠᠯᠢᠭ ᠪᠣᠯᠭᠠᠭᠰᠠᠨ ᠵᠤᠭᠠᠴᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠬᠤᠰᠢᠭᠤᠨ ᠳᠤ ᠤᠯᠤᠰ ᠤᠨ 4 A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ 1 ︵ᠪᠣᠷᠣᠲᠣᠬᠤᠶ ᠠᠷᠢᠬᠢᠨ ᠦᠢᠯᠡᠰ ᠤᠨ ᠤᠯᠤᠰ ᠤᠨ 4 A ᠲᠡᠰ ᠤᠨ ᠠᠵᠤ ᠥᠢᠯᠡᠳᠪᠥᠷᠢ ᠶᠢᠨ ᠵᠤᠭᠠᠴᠠᠯ ᠤᠨ ᠣᠷᠣᠨ︶ ᠢ ᠪᠠᠶᠢᠭᠤᠯᠵᠤ᠂ 4 A ᠲᠡᠰ ᠤᠨ ᠥᠨᠳᠥᠷ ᠪᠠᠷᠢᠮᠵᠢᠶ᠎ᠠ ᠪᠠᠷ ᠪᠠᠶᠢᠭᠤᠯᠤᠭᠰᠠᠨ ᠵᠤᠭᠠᠴᠠᠯ ᠤᠨ ᠦᠵᠡᠮᠵᠢ ᠶᠢᠨ ᠣᠷᠣᠨ 1 ᠶᠢ ᠪᠠᠶᠢᠭᠤᠯᠪᠠ᠃ ᠨᠢᠭᠡᠨᠲᠡ 3 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 1 ︵ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ︶᠂ ᠭᠤᠷᠪᠠᠨ ᠣᠳᠣᠨ ᠲᠡᠰ ᠤᠨ ᠪᠠᠭᠤᠳᠠᠯ 1 ︵ ᠶᠢᠨ ᠶᠧ ᠶᠠᠩ ᠭᠤᠸᠠᠩ ᠲᠣᠮᠣ ᠪᠠᠭᠤᠳᠠᠯ︶᠂ ᠲᠠᠪᠤᠨ ᠣᠳᠣᠨ ᠲᠡᠰ ᠤᠨ ᠵᠢᠭᠤᠯᠴᠢᠯᠠᠯ ᠤᠨ ᠡᠷᠦᠬᠡ 2 ︵ ᠶᠢᠨ ᠱᠠ ᠸᠠᠨ ᠵᠢᠭᠠᠰᠤᠨ ᠲᠣᠰᠬᠤᠨ᠂ ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ︶᠂ ᠪᠥᠬᠦ ᠤᠯᠤᠰ ᠤᠨ ᠬᠠᠮᠤᠭ ᠤᠨ ᠭᠤᠶᠤ ᠬᠥᠳᠡᠭᠡ ᠲᠣᠰᠬᠤᠨ 1 ︵ᠳᠧᠦ ᠳ᠋ᠤᠤ ᠴᠢᠶᠣᠤ ᠮᠢᠨ ᠵᠢᠶᠠᠨ ᠲᠣᠰᠬᠤᠨ︶ ᠭᠤᠶᠤᠴᠢᠯᠠᠪᠠ︔ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ‍ ᠴᠢᠭ 3 ︵ᠪᠣᠭᠤᠮᠲᠠ ᠶᠢᠨ ᠳᠡᠭᠡᠳᠣ ᠬᠦᠷᠢᠶᠡᠯᠡᠩ᠂ ᠶᠢᠨ ᠱᠠ ᠸᠠᠨ ᠵᠢᠭᠠᠰᠤᠨ ᠲᠣᠰᠬᠤᠨ᠂ ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ︶᠂ 4 ᠣᠳᠣᠨ ᠲᠡᠰ ᠤᠨ ᠵᠢᠭᠤᠯᠴᠢᠯᠠᠯ ᠤᠨ ᠡᠷᠦᠬᠡ 3 ︵ᠬᠤᠤ ᠡᠤ ᠠᠮᠢ ᠠᠬᠤᠢ ᠶᠢᠨ ᠤᠰᠤᠨ ᠠᠰᠢᠭᠯᠠᠯᠲᠠ ᠶᠢᠨ ᠲᠣᠰᠬᠤᠨ᠂ ᠷᠦᠨ ᠱᠧᠩ ᠵᠠᠩ ᠦᠢᠯᠡ ᠶᠢᠨ ᠲᠣᠰᠬᠤᠨ᠂ ᠡᠯ ᠸᠠ ᠲᠠᠷᠢᠶᠠᠯᠠᠩ ᠤᠨ ᠲᠣᠰᠬᠤᠨ︶ ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ︽ᠳᠡᠯᠭᠡᠭᠦᠷ︾ 8᠂ ᠵᠢᠭᠤᠯᠴᠢᠯᠠᠯ ᠤᠨ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ 12 ᠪᠣᠯᠤᠨ᠎ᠠ᠃ ᠱᠤᠸᠠᠩ ᠮᠢᠶᠣᠣ ᠪᠠᠯᠭᠠᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ︔ ᠲᠤᠸᠠᠨ ᠵᠢᠶᠧ ᠪᠠᠯᠭᠠᠰᠤᠨ ᠤ ᠲᠦᠮᠡᠨ ᠮᠦ ᠶᠢᠨ ᠨᠡᠷᠡᠨ ᠬᠤᠸᠠᠷ ᠤᠨ ᠬᠦᠷᠢᠶᠡᠯᠡᠩ ᠢ ᠪᠠᠰᠠ ᠤᠯᠤᠰ ᠤᠨ ᠲᠠᠷᠢᠶᠠᠯᠠᠩ ᠤᠨ ᠶᠠᠮᠤᠨ ᠠᠴᠠ ︽ᠳᠤᠮᠳᠠᠳᠤ ᠤᠯᠤᠰ ᠤᠨ ᠬᠠᠮᠤᠭ ᠤᠨ ᠭᠤᠶᠤ ᠬᠥᠳᠡᠭᠡ ᠲᠣᠰᠬᠤᠨ ᠤ ᠦᠵᠡᠮᠵᠢ︾ ᠶᠢᠨ ᠴᠣᠯᠠ ᠣᠯᠭᠤᠵᠤ᠂ ᠬᠥᠳᠡᠭᠡ ᠲᠣᠰᠬᠤᠨ ᠤ ᠵᠤᠭᠠᠴᠠᠯ ᠨᠢᠭᠡᠨᠲᠡ ᠠᠩᠬ᠎ᠠ ᠠᠯᠬᠤᠮ ᠬᠡᠪᠴᠢᠶᠡᠵᠢᠵᠡᠶ᠃       2019 ᠣᠨ ᠤ 5 ᠰᠠᠷ᠎ᠠ ᠶᠢᠨ ᠰᠡᠭᠦᠯᠴᠢ ᠪᠣᠯᠲᠠᠯ᠎ᠠ᠂ ᠵᠤᠭᠠᠴᠠᠭᠰᠠᠳ ᠢ ᠨᠡᠶᠢᠲᠡ 33.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 11.4 % ᠨᠡᠮᠡᠭᠳᠡᠪᠡ︔ ᠣᠷᠣᠯᠭ᠎ᠠ 2.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7 % ᠨᠡᠮᠡᠭᠳᠡᠪᠡ᠃       ᠬᠠᠩᠭᠢᠨ ᠬᠤᠶᠢᠲᠤ ᠬᠤᠰᠢᠭᠤ ᠭᠦᠨ ᠵᠤᠵᠠᠭᠠᠨ ᠰᠣᠶᠣᠯ ᠤᠨ ᠰᠠᠭᠤᠷᠢ ᠲᠠᠢ ᠪᠠᠶᠢᠵᠤ᠂ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠨᠢ ᠪᠣᠷᠣᠲᠣᠬᠤᠶ ᠶᠢᠨ ᠰᠣᠶᠣᠯ ᠢ ᠠᠴᠢᠶᠠᠯᠠᠵᠤ ᠪᠠᠶᠢᠳᠠᠭ᠃ ᠪᠣᠷᠣᠲᠣᠬᠤᠶ ᠶᠢᠨ ᠠᠷᠢᠬᠢᠨ ᠤ ᠥᠢᠯᠡᠰ ᠨᠢ 4 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠨ ᠪᠣᠷᠣᠲᠣᠬᠤᠶ ᠶᠢᠨ ᠠᠷᠢᠬᠢᠨ ᠤ ᠰᠣᠶᠣᠯ ᠪᠣᠯᠤᠨ ᠵᠤᠭᠠᠴᠠᠯ ᠤᠨ ᠥᠢᠯᠡᠰ ᠢ ᠬᠠᠷᠢᠯᠴᠠᠨ ᠤᠶᠠᠯᠳᠤᠭᠤᠯᠵᠤ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠵᠤᠭᠠᠴᠠᠯ ᠤᠨ ᠳᠠᠭᠠᠭᠤᠯᠤᠭᠴᠢ ᠪᠣᠯᠪᠠ︔ ᠡᠯᠡᠰᠦᠨ ᠴᠦᠯ ᠤᠨ ᠵᠤᠭᠠᠴᠠᠯ ᠤᠨ ᠣᠷᠣᠨ ᠳᠤ᠂ ᠡᠯᠡᠰᠦᠨ ᠴᠦᠯ ᠤᠨ ᠰᠣᠶᠣᠯ ᠢ ᠥᠷᠨᠢᠭᠦᠯᠬᠦ ᠪᠠᠷ ᠭᠤᠤᠯᠳᠠᠭᠤᠯᠵᠤ᠂ ᠬᠠᠳᠤᠨ ᠭᠤᠤᠯ  ᠤᠨ ᠰᠣᠶᠣᠯ ᠪᠣᠯᠤᠨ ᠡᠯᠡᠰᠦᠨ ᠴᠦᠯ ᠤᠨ ᠰᠣᠶᠣᠯ ᠢ ᠮᠠᠰᠢ ᠰᠠᠶᠢᠨ ᠠᠭᠤᠰᠤᠯᠴᠠᠭᠤᠯᠵᠤ᠂ ᠤᠰᠤ ᠡᠯᠡᠰᠦ ᠶᠢ ᠨᠢᠭᠡᠳᠬᠡᠭᠰᠡᠨ ᠡᠯᠡᠰᠦᠨ ᠴᠦᠯ ᠤᠨ ᠵᠠᠩ ᠠᠭᠠᠯᠢ ᠶᠢᠨ ᠵᠤᠭᠠᠴᠠᠯ ᠢ ᠪᠠᠶᠢᠭᠤᠯᠤᠨ᠎ᠠ︔ ᠪᠦᠦ ᠯᠢᠶᠠᠨ ᠰᠧ ᠰᠦᠮ᠎ᠡ ᠶᠢᠨ ᠱᠠᠰᠢᠨ ᠤ ᠵᠢᠭᠤᠯᠴᠢᠯᠠᠯ ᠤᠨ ᠲᠥᠷᠥᠯ ᠵᠦᠢᠯ ᠳᠤ ᠭᠤᠤᠯᠳᠠᠭᠤ ᠱᠠᠰᠢᠨ ᠤ ᠬᠠᠶᠢᠯᠲᠠ ᠬᠢᠪᠡ︔ ᠲᠡᠮᠡᠴᠡᠯᠳᠦ ᠳᠤᠮᠳᠠᠳᠤ ᠰᠤᠷᠭᠠᠭᠤᠯᠢ᠂ ᠹᠦ᠋ ᠽᠦᠥ ᠢ ᠵᠠᠩᠵᠤᠨ ᠤ ᠳᠤᠷᠠᠰᠬᠠᠯ ᠤᠨ ᠣᠷᠳᠣᠨ᠂ ᠮᠢ ᠼᠠᠩ ᠰᠢᠶᠠᠨ ᠤ ᠬᠠᠭᠤᠴᠢᠨ ᠪᠠᠭᠤᠷᠢ ᠶᠢᠨ ᠮᠦᠽᠧᠶ ᠵᠡᠷᠭᠡ ᠵᠢᠭᠤᠯᠴᠢᠯᠠᠯ ᠤᠨ ᠲᠥᠷᠥᠯ ᠵᠦᠢᠯ ᠨᠢ ᠮᠠᠨ ᠤ ᠬᠤᠰᠢᠭᠤᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠥᠢᠴᠡᠳ ᠢᠯᠡᠷᠡᠭᠦᠯᠵᠡᠶ᠃ ︽ᠨᠤᠲᠤᠭ ᠤᠨ ᠳᠤᠷᠠᠰᠤᠮᠵᠢ ᠱᠠᠮᠪᠡ ᠶᠢᠨ ᠦᠨᠦᠷ ᠠᠮᠲᠠ︾ ᠵᠤᠭᠠᠴᠠᠯ ᠤᠨ ᠰᠣᠶᠣᠯ ᠤᠨ ᠨᠠᠷᠠᠲᠤ ᠲᠡᠮᠳᠡᠭ ᠤᠨ ᠴᠣᠭᠴᠠᠯᠠᠯᠲᠠ ᠨᠢ ᠮᠠᠨ ᠤ ᠬᠤᠰᠢᠭᠤᠨ ᠤ ᠪᠦᠬᠦ ᠴᠠᠷᠠᠭᠠᠨ ᠤ ᠵᠤᠭᠠᠴᠠᠯ ᠢ ᠠᠬᠢᠭᠤᠯᠬᠤ ᠳᠤ ᠡᠯᠪᠡᠭ ᠪᠠᠶᠠᠯᠢᠭ ᠰᠣᠶᠣᠯ ᠤᠨ ᠠᠭᠤᠯᠬᠤᠨ ᠨᠡᠮᠡᠷᠢᠯᠡᠭᠰᠡᠨ ᠪᠠᠶᠢᠨ᠎ᠠ᠃ ᠣᠳᠤ ᠪᠣᠯᠲᠠᠯ᠎ᠠ᠂ ᠨᠢᠭᠡᠨᠲᠡ ᠱᠠᠮᠪᠡ ᠨᠤᠳᠤᠭ ᠤᠨ ᠭᠦᠨ ᠵᠤᠵᠠᠭᠠᠨ ᠬᠡᠪ ᠨᠠᠮᠪᠠ ᠶᠢ ᠲᠤᠰᠬᠠᠭᠰᠠᠨ ᠲᠧᠯᠸᠢᠰ ᠪᠠᠷᠢᠮᠲᠠᠲᠤ ᠹᠢᠯᠢᠮ ᠢ ᠣᠯᠠᠨ ᠰᠡᠭᠦᠳᠡᠷᠯᠡᠵᠡᠶ᠃ ᠡᠭᠦᠨ ᠤ ᠬᠠᠮᠲᠤ ︽ᠱᠠᠮᠪᠡ ᠶᠢᠨ ᠠᠮᠲᠠᠲᠤ ᠢᠳᠡᠭᠡᠨ ᠤ ᠵᠡᠭᠡᠯᠢ︾ ᠶᠢᠨ ᠠᠵᠢᠯ ᠴᠤ ᠶᠠᠪᠤᠭᠳᠠᠵᠤ ᠪᠠᠶᠢᠨ᠎ᠠ᠃ ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠰᠣᠶᠣᠯ ᠤᠨ ᠠᠭᠤᠯᠬᠤᠨ ᠨᠠᠩ ᠠᠮᠢᠳᠤᠯᠢᠭ᠂ ᠡᠯᠪᠡᠭ ᠪᠠᠶᠠᠯᠢᠭ ᠪᠣᠯᠪᠠ᠃ ᠪᠣᠷᠣᠲᠣᠬᠤᠶ ᠶᠢᠨ ᠲᠡᠤᠬᠡ ᠰᠣᠶᠣᠯ ᠤᠨ ᠬᠤᠷᠠᠮᠳᠤᠯ ᠢ ᠭᠦᠨᠵᠡᠭᠡᠶ ᠠᠭᠤᠳᠠᠯᠵᠤ᠂ ᠬᠥᠳᠡᠭᠡ ᠠᠵᠤ ᠠᠬᠤᠶ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠬᠠᠩᠭᠢᠨ ᠬᠤᠶᠢᠳᠦ ᠬᠤᠰᠢᠭᠤ ᠱᠠᠰᠢᠨ ᠰᠤᠷᠲᠠᠬᠤᠨ ᠤ ᠨᠢᠭᠤᠴᠠ᠂ ᠠᠮᠢ ᠠᠬᠤᠢ ᠶᠢᠨ ᠨᠤᠭᠤ ᠭᠠᠵᠠᠷ᠂ ᠬᠥᠳᠡᠭᠡ ᠨᠤᠲᠤᠭ ᠤᠨ ᠥᠩᠭᠡ ᠦᠵᠡᠮᠵᠢ᠂ ᠡᠭᠡᠯ ᠠᠷᠠᠳ ᠤᠨ ᠵᠠᠩ ᠵᠠᠩᠰᠢᠯ᠂ ᠡᠯᠡᠰᠦᠨ ᠴᠦᠯ ᠤᠨ ᠪᠠᠷᠲᠠᠭ᠎ᠠ ᠰᠢᠨᠵᠢᠯᠡᠬᠦ ᠵᠡᠷᠭᠡ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠠᠷᠢᠯᠢᠭ ᠴᠣᠭᠴᠠᠯᠠᠪᠠ᠃       ᠬᠠᠩᠭᠢᠨ ᠬᠤᠶᠢᠲᠤ ᠬᠤᠰᠢᠭᠤ 31 ᠲᠦᠮᠡᠨ ᠬᠥᠮᠦᠨ ᠲᠠᠢ ᠪᠠᠶᠢᠵᠤ᠂ ᠮᠣᠩᠭᠤᠯ ᠦᠨᠳᠦᠰᠦᠲᠡᠨ᠂ ᠬᠤᠲᠣᠩ ᠦᠨᠳᠦᠰᠦᠲᠡᠨ᠂ ᠮᠠᠨᠵᠤ ᠦᠨᠳᠦᠰᠦᠲᠡᠨ᠂ ᠳᠠᠭᠤᠷ ᠦᠨᠳᠦᠰᠦᠲᠡᠨ ᠵᠡᠷᠭᠡ ᠴᠥᠭᠡᠨ ᠲᠣᠭᠠᠲᠤ ᠦᠨᠳᠦᠰᠦᠲᠡᠨ ᠬᠤᠯᠢᠯᠳᠤᠨ ᠰᠠᠭᠤᠷᠢᠰᠢᠭᠰᠠᠨ ᠭᠠᠵᠠᠷ ᠪᠣᠯᠤᠨ᠎ᠠ᠂ ᠴᠥᠭᠡᠨ ᠲᠣᠭᠠᠲᠤ ᠦᠨᠳᠦᠰᠦᠲᠡᠨ ᠪᠦᠬᠦ ᠬᠤᠰᠢᠭᠤᠨ ᠤ ᠬᠥᠮᠦᠨ ᠠᠮᠠ ᠶᠢᠨ 2.2 % ᠢ ᠡᠵᠡᠯᠡᠨ᠎ᠡ᠃ ᠬᠢᠲᠠᠳ ᠬᠥᠮᠦᠨ ᠤ ᠳᠣᠲᠣᠷ᠎ᠠ ᠴᠥᠮ ᠡᠯ᠎ᠡ ᠮᠣᠵᠢ ᠬᠤᠲᠠ ᠠᠴᠠ ᠢᠷᠡᠭᠰᠡᠨ ᠪᠥᠭᠡᠳ ᠡᠭᠦᠨ ᠳᠤ ᠱᠠᠨ ᠰᠢ᠂ ᠱᠠᠨᠰᠢ᠂ ᠭᠠᠨᠰᠦ ᠶᠢᠨ ᠬᠥᠮᠦᠨ ᠣᠯᠠᠩᠬᠢ ᠲᠤᠭ᠎ᠠ ᠶᠢ ᠡᠵᠡᠯᠡᠨ᠎ᠡ᠃ ᠠᠮᠢᠳᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠣᠯᠠᠨ ᠵᠦᠢᠯ ᠤᠨ ᠦᠨᠳᠦᠰᠦᠲᠡᠨ ᠤ ᠵᠠᠩ ᠳᠠᠳᠬᠠᠯ᠂ ᠣᠯᠠᠨ ᠵᠦᠢᠯ ᠤᠨ ᠣᠷᠣᠨ ᠨᠤᠲᠤᠭ ᠤᠨ ᠣᠨᠴᠠᠯᠢᠭ ᠬᠠᠷᠢᠯᠴᠠᠨ ᠠᠭᠤᠰᠤᠯᠴᠠᠭᠰᠠᠨ ᠣᠨᠴᠠᠯᠢᠭ ᠲᠠᠢ ᠪᠠᠶᠢᠵᠤ᠂ ᠪᠣᠷᠣᠲᠣᠬᠤᠢ ᠶᠢᠨ ᠭᠠᠵᠠᠷ ᠣᠷᠣᠨ ᠤ ᠣᠨᠴᠠᠯᠢᠭ ᠲᠠᠢ ᠠᠮᠢᠳᠤᠷᠠᠯ ᠤᠨ ᠵᠠᠩ ᠳᠠᠳᠬᠠᠯ ᠲᠠᠢ ᠪᠣᠯᠵᠠᠶ᠃ ᠢᠯᠠᠩᠭᠤᠶ᠎ᠠ ᠬᠥᠳᠡᠭᠡ ᠲᠣᠰᠬᠤᠨ ᠤ ᠢᠲᠡᠭᠡᠨ ᠰᠣᠶᠣᠯ ᠤᠨ ᠲᠠᠯ᠎ᠠ ᠪᠠᠷ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ ᠪᠠᠶᠢᠵᠤ᠂ ᠲᠡᠭᠦᠨ ᠤ ᠳᠣᠲᠣᠷᠠᠬᠢ ᠵᠠᠷᠢᠮ ᠬᠤᠭᠤᠯᠠ ᠪᠤᠳᠠᠭ᠎ᠠ ᠨᠢ ᠪᠦᠬᠦ ᠤᠯᠤᠰ ᠲᠤ ᠬᠤᠤᠰ ᠦᠭᠡᠢ ᠪᠠᠶᠢᠳᠠᠭ᠃       ᠦᠡᠭ ᠰᠢᠮᠠᠯᠡᠩ ᠬᠥᠷᠥᠰᠥ ᠰᠢᠷᠣᠶ ᠪᠣᠯᠤᠨ ᠣᠢ ᠪᠢᠯᠢᠭ ᠢᠶᠠᠷ ᠪᠢᠯᠬᠠᠭᠰᠠᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭ ᠪᠣᠯᠤᠨ ᠣᠷᠣᠨ ᠨᠤᠲᠤᠭ ᠤᠨ ᠣᠨᠴᠠᠯᠢᠭ ᠲᠠᠢ ᠢᠳᠡᠭᠡᠨ ᠤᠮᠳᠠᠭᠠᠨ ᠢ ᠪᠤᠶᠢᠵᠢᠭᠤᠯᠪᠠ᠃ ᠳᠧᠦ ᠳ᠋ᠤᠤ ᠴᠢᠶᠣᠤ ᠶᠢᠨ ᠠᠯᠮᠤᠷᠠᠳ ᠠᠯᠢᠮ᠎ᠠ᠂ ᠰᠠᠨ ᠳ᠋ᠤᠤ ᠴᠢᠶᠣᠤ ᠶᠢᠨ ᠲᠠᠷᠪᠤᠰ᠂ ᠱᠠ ᠬᠠᠢ ᠪᠠᠯᠭᠠᠰᠤᠨ ᠤ ᠴᠢᠨ᠋ᠸ᠎ᠠ ᠶᠢᠨ ᠬᠠᠷᠮᠠᠭ᠂ ᠱᠤᠸᠠᠩ ᠮᠢᠶᠣᠣ ᠪᠠᠯᠭᠠᠰᠤᠨ ᠤ ᠪᠣᠭᠤᠳᠠᠢ ᠶᠢᠨ ᠭᠤᠯᠢᠷ᠂ ᠲᠤᠸᠠᠨ ᠵᠢᠶᠧ ᠪᠠᠯᠭᠠᠰᠤᠨ ᠤ ᠨᠡᠷᠡᠨ ᠬᠤᠸᠠᠷ᠂ ᠬᠥᠬᠡ ᠮᠥᠷᠡᠨ ᠤ ᠡᠮᠦᠨ᠎ᠡ ᠤᠮᠠᠷ᠎ᠠ ᠶᠢ ᠪᠠᠷᠠᠳᠠᠯ᠎ᠠ ᠶᠠᠪᠤᠵᠤ᠂ ᠪᠣᠬᠢᠷᠲᠤᠯ ᠦᠭᠡᠢ ᠨᠠᠷᠡᠲᠦ ᠲᠡᠮᠳᠡᠭ ᠢ ᠠᠯᠳᠠᠷᠰᠢᠭᠤᠯᠤᠨ᠎ᠠ᠃ ᠭᠠᠭ᠋ᠠᠶ ᠶᠢᠨ ᠮᠢᠬ᠎ᠠ ᠶᠢᠨ ᠬᠦᠴᠢᠲᠡᠶ ᠨᠣᠭᠤᠭ᠎ᠠ᠂ ᠪᠣᠷᠣᠲᠣᠬᠤᠶ ᠶᠢᠨ ᠬᠠᠲᠠᠭᠤ ᠳᠥᠷᠪᠡᠨ ᠫᠢᠯᠠ᠂ ᠱᠠᠮᠪᠡ ᠶᠢᠨ ᠮᠢᠬ᠎ᠠ ᠶᠢᠨ ᠬᠠᠭᠰᠠᠭᠠᠭᠰᠠᠨ ᠮᠢᠬ᠎ᠠ᠂ ᠨᠡᠷᠡᠭᠰᠡᠨ ᠠᠷᠠᠰᠤ᠂ ᠰᠢᠬᠢᠷᠲᠦ ᠣᠯᠣᠰᠣᠨ ᠨᠠᠪᠴᠢ᠂ ᠰᠢᠷᠠᠭᠰᠠᠨ ᠬᠤᠨᠢᠨ ᠮᠢᠬᠠᠨ ᠤ ᠱᠣᠷᠣᠯᠠᠭ ᠵᠡᠷᠭᠡ ᠠᠷᠪᠠᠨ ᠬᠡᠳᠦᠨ ᠨᠡᠷᠠᠳᠦ ᠢᠳᠡᠭᠡᠨ ᠴᠠᠭ ᠮᠥᠴᠡ ᠦᠭᠡᠢ ᠴᠢᠨᠦ ᠠᠮᠲᠠ ᠶᠢᠨ ᠴᠣᠮᠣᠷᠯᠢᠭ ᠲᠤ ᠰᠡᠳᠦᠯᠲᠡ ᠥᠭᠴᠦ᠂ ᠬᠥᠮᠦᠨ ᠤ ᠠᠮᠠ ᠶᠢ ᠬᠤᠵᠢᠷᠯᠠᠭᠤᠯᠵᠤ ᠪᠠᠶᠢᠳᠠᠭ᠃ ︽ᠠᠷᠠᠳ ᠤᠨ ᠳᠤᠮᠳᠠᠬᠢ ᠭᠠᠭ᠋ᠠᠶ ᠲᠡᠵᠢᠭᠡᠬᠦ ᠰᠣᠶᠣᠯ ᠤᠨ ᠨᠠᠶᠢᠷ︾ ᠢ ᠡᠷᠬᠢᠯᠡᠵᠦ᠂ ᠨᠡᠷ᠎ᠡ ᠠᠯᠳᠠᠷᠰᠢᠵᠠᠶ᠃       ᠬᠡᠯᠡᠯᠭᠡᠨ ᠦᠭᠡᠢ᠂ ᠳᠠᠪᠤᠰᠤᠯᠠᠭᠰᠠᠨ ᠭᠠᠭ᠋ᠠᠶ ᠶᠢᠨ ᠮᠢᠬ᠎ᠠ ᠲᠠᠢ ᠬᠠᠭᠤᠷᠠᠭᠰᠠᠨ ᠲᠠᠬᠢᠶᠠᠨ ᠥᠨᠳᠡᠭᠡ᠂ ᠨᠠᠷᠢᠮᠤ ᠶᠢᠨ ᠭᠤᠯᠢᠷ ᠤᠨ ᠬᠦᠢᠲᠡᠨ ᠨᠤᠨᠲᠠᠭ᠂ ᠤᠰᠤᠨ ᠳᠤ ᠳᠡᠪᠲᠦᠭᠡᠭᠰᠡᠨ ᠵᠢᠵᠢᠭ ᠨᠣᠭᠤᠭ᠎ᠠ ᠵᠡᠷᠭᠡ ᠠᠮᠲᠠᠲᠠᠶ ᠨᠣᠭᠤᠭ᠎ᠠ ᠪᠠᠰᠠ ᠮᠠᠰᠢ ᠣᠯᠠᠨ ᠵᠦᠢᠯ ᠪᠠᠶᠢᠳᠠᠭ᠂ ᠡᠳᠡᠭᠡᠷ ᠣᠷᠣᠨ ᠨᠤᠲᠤᠭ ᠤᠨ ᠦᠨᠦᠷ ᠠᠮᠲᠠ ᠲᠠᠢ ᠨᠣᠭᠤᠭ᠎ᠠ ᠨᠢ ᠪᠤᠰᠤᠳ ᠭᠠᠵᠠᠷ ᠲᠤ᠂ ᠥᠭᠡᠷ᠎ᠡ ᠪᠠᠷ ᠬᠡᠯᠡᠪᠡᠯ ᠬᠡᠳᠦᠶ ᠲᠡᠭᠡᠳᠦ ᠵᠡᠷᠭᠡ ᠶᠢᠨ ᠬᠤᠭᠤᠯᠠᠨ ᠭᠡᠷ ᠲᠤ ᠴᠦ ᠬᠠᠷᠠᠭᠳᠠᠬᠤ ᠦᠭᠡᠢ ᠪᠥᠭᠡᠳ ᠵᠠᠪᠠᠯ ᠲᠠᠷᠢᠶᠠᠴᠢᠨ ᠠᠶᠢᠯ ᠳᠤ ᠣᠴᠢᠪᠠᠯ ᠰᠠᠶ᠋ᠢ ᠵᠢᠩᠬᠢᠨᠢ ᠦᠨᠦᠷ ᠠᠮᠲᠠ ᠶᠢ ᠣᠯᠵᠤ ᠢᠳᠡᠳᠡᠭ᠃ ᠬᠡᠷᠪᠡ ᠴᠢ ᠬᠠᠩᠬᠢᠨ ᠬᠤᠶᠢᠳᠦ ᠬᠤᠰᠢᠭᠤᠨ ᠳᠤ ᠵᠢᠭᠤᠯᠴᠢᠯᠠᠵᠤ᠂ ᠲᠤᠬᠠᠢ ᠶᠢᠨ ᠭᠠᠵᠠᠷ ᠤᠨ ᠵᠢᠩᠬᠢᠨᠢ ᠦᠨᠦᠷ ᠠᠮᠲᠠ ᠶᠢ ᠠᠮᠲᠠᠯᠠᠭᠰᠠᠨ ᠪᠣᠯ᠂ ᠴᠢ ᠥᠴᠦᠬᠡᠨ ᠴᠦ ᠬᠠᠷᠠᠮᠰᠠᠯ ᠦᠭᠡᠢ ᠪᠠᠷ ᠡᠨᠡ ᠤᠳᠠᠭᠠᠨ ᠤ ᠠᠶᠠᠯᠠᠯ ᠢᠶᠠᠨ ᠬᠡᠯᠡᠵᠦ ᠪᠣᠯᠤᠨ᠎ᠠ᠃       ᠬᠠᠩᠭᠢᠨ ᠬᠤᠶᠢᠲᠤ ᠬᠤᠰᠢᠭᠤ ᠠᠴᠠ ᠶᠠᠪᠤᠬᠤ ᠦᠶ᠎ᠡ ᠳᠤ᠂ ᠲᠠ ᠲᠥᠷᠥᠯ ᠰᠠᠳᠤᠨ ᠨᠠᠶᠢᠵᠠ ᠨᠥᠬᠦᠳ ᠳᠡᠭᠡᠨ ᠨᠤᠲᠤᠭ ᠤᠨ ᠢᠳᠡᠭᠡᠨ ᠤᠮᠳᠠᠭᠠᠨ ᠢ ︵ᠱᠤᠸᠠᠩ ᠮᠢᠶᠣᠣ ᠰᠦᠮ᠎ᠡ ᠶᠢᠨ ᠰᠠᠷᠢᠮᠰᠠᠭ ᠲᠠᠢ ᠭᠤᠱᠤᠭᠤᠨ ᠵᠢᠶᠠᠩ᠂ ᠮᠧᠩ ᠴᠢᠶᠣᠤ ᠨᠡᠷᠡᠨ ᠬᠤᠸᠠᠷ ᠤᠨ ᠸᠠᠩ᠂ ᠰᠢᠷᠢᠰ ᠭᠤᠸᠠ ᠶᠢᠨ ᠦᠷ᠎ᠡ᠂ ᠱᠠ ᠬᠠᠢ ᠪᠠᠯᠭᠠᠰᠤᠨ ᠤ ᠴᠢᠨ᠋ᠸ᠎ᠠ ᠶᠢᠨ ᠬᠠᠷᠮᠠᠭ︶ ᠠᠪᠴᠢᠷᠠᠵᠤ᠂ ᠲᠠᠨ ᠤ ᠭᠡᠷ ᠤᠨ ᠬᠥᠮᠦᠰ ᠲᠤ ᠪᠠᠨ ᠪᠠᠰᠠ ᠬᠠᠩᠬᠢᠨ ᠬᠤᠶᠢᠳᠣ ᠬᠤᠰᠢᠭᠤᠨ ᠤ ᠬᠥᠳᠡᠭᠡ ᠨᠤᠲᠤᠭ ᠤᠨ ᠦᠨᠦᠷ ᠠᠮᠲᠠ ᠶᠢ ᠠᠮᠲᠠᠯᠠᠭᠤᠯᠣᠭᠠᠷᠠᠢ︕ 
ᠢᠷᠡᠯᠲᠡ᠄ ᠲᠣᠲᠣᠷᠬᠠᠢ ᠦᠭᠡᠢ