ᠡᠳ᠋ ᠤᠨ ᠵᠠᠰᠠᠭ ᠤᠨ ᠲᠣᠪᠴᠢᠶᠠᠨ ᠤ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2021/4/1
      ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠣᠯ ᠨᠠᠮ ᠤᠨ ᠲᠥᠪ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠶᠠᠪᠤᠴᠠ ᠳᠤ ᠨᠠᠮ ᠤᠨ ᠡᠳ᠋ ᠤᠨ ᠵᠠᠰᠠᠭ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠪᠠᠶᠢᠭ᠎ᠠ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠪᠣᠯᠬᠤ ᠰᠠᠯᠠᠭ᠎ᠠ ᠮᠥᠴᠢᠷ ᠂ ᠪᠠᠶᠠᠨᠨᠠᠭᠤᠷ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠫᠠᠶᠢᠰᠠ ᠶᠢ ᠨᠡᠮᠡᠵᠦ ᠡᠯᠭᠦᠨ᠎ᠡ᠃ ᠪᠥᠬᠦ ᠬᠤᠲᠠ ᠶᠢᠨ ᠡᠳ᠋ ᠤᠨ ᠵᠠᠰᠠᠭ ᠤᠨ ᠰᠢᠰᠲ᠋ᠧᠮ ᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠠ 7 ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ 9  ᠨᠢᠭᠡᠴᠢ  ᠪᠠᠷ ᠪᠦᠷᠢᠯᠳᠦᠪᠡ᠃ ᠪᠠᠶᠢᠭᠤᠯᠭ᠎ᠠ ᠶᠢᠨ ᠳᠣᠲᠣᠭᠠᠳᠤ ᠳᠤ ᠠᠯᠪᠠᠨ ᠭᠡᠷ ᠭᠠᠷᠭᠠᠵᠤ᠂ ᠶᠡᠷᠦᠩᠬᠡᠶᠢᠯᠡᠭᠰᠡᠨ ᠰᠠᠯᠠᠭ᠎ᠠ᠂ ᠬᠠᠤᠯᠢ ᠲᠣᠭᠲᠠᠭᠠᠯ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ᠂ ᠲᠥᠰᠦᠪ ᠤᠨ ᠰᠠᠯᠠᠭ᠎ᠠ᠂ ᠤᠯᠤᠰ ᠤᠨ ᠰᠠᠩ ᠤᠨ ᠰᠠᠯᠠᠭ᠎ᠠ᠂ ᠵᠠᠰᠠᠭ ᠵᠠᠬᠢᠷᠭᠠᠨ ᠤ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠰᠠᠯᠠᠭ᠎ᠠ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ᠂ ᠠᠵᠤ ᠠᠬᠤᠶ ᠠᠷᠠᠯᠵᠢᠶᠠᠨ ᠤ ᠰᠠᠯᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ᠂ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ᠂ ᠮᠥᠩᠭᠦᠨ  ᠭᠦᠢᠯᠭᠡᠭᠡᠨ ᠤ ᠭᠠᠳᠠᠭᠠᠳᠤ ᠠᠵᠤ ᠠᠬᠤᠶ ᠶᠢᠨ ᠰᠠᠯᠠᠭ᠎ᠠ᠂ ᠨᠢᠭᠲᠠᠯᠠᠨ ᠪᠤᠳᠤᠬᠤ ᠰᠠᠯᠠᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ᠂ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠰᠠᠯᠠᠭ᠎ᠠ᠂ ᠵᠠᠰᠠᠭ ᠵᠠᠬᠢᠷᠭᠠᠨ ᠠᠵᠢᠯ  ᠦᠢᠯᠡᠰ ᠤᠨ  ᠨᠢᠭᠡᠴᠢ  ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ᠂ ᠠᠵᠤ ᠠᠬᠤᠶᠢᠯᠠᠯ ᠤᠨ ᠥᠭᠡᠷᠡᠴᠢᠯᠡᠯᠲᠡ ᠪᠠ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ᠂ ᠠᠵᠤ ᠠᠬᠤᠶᠢᠯᠠᠯ ᠤᠨ ᠰᠢᠯᠭᠠᠨ ᠦᠨᠡᠯᠡᠬᠦ ᠪᠠ ᠠᠰᠢᠭ ᠣᠷᠣᠯᠭ᠎ᠠ ᠬᠤᠪᠢᠶᠠᠷᠢᠯᠠᠬᠤ ᠰᠠᠯᠠᠭ᠎ᠠ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠵᠡᠷᠭᠡ 19 ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠪᠠ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠤᠨ ᠰᠠᠯᠠᠭ᠎ᠠ ᠵᠡᠷᠭᠡ ᠳᠣᠲᠣᠭᠠᠳᠤ ᠳᠠᠭᠠᠨ 2 ᠪᠠᠶᠢᠭᠤᠯᠤᠮᠵᠢ ᠲᠠᠢ᠃ ᠰᠢᠭᠤᠳ ᠬᠠᠷᠢᠶ᠎ᠠ ᠠᠵᠢᠯ  ᠦᠢᠯᠡᠰ ᠤᠨ  ᠨᠢᠭᠡᠴᠢ 8 ᠪᠠᠶᠢᠵᠤ᠂ ᠡᠭᠦᠨ ᠳᠤ ᠳᠡᠰᠯᠡᠬᠦ ᠭᠠᠵᠠᠷ ᠤᠨ ᠲᠠᠰ ᠤᠨ ᠪᠠᠶᠢᠭᠤᠯᠤᠮᠵᠢ  1 ᠪᠣᠶ᠄ ᠬᠤᠲᠠ ᠶᠢᠨ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠥᠪ᠂ ᠪᠤᠰᠤᠳ ᠨᠢ ᠴᠥᠮ ᠰᠠᠯᠠᠭᠠᠨ ᠤ ᠲᠠᠰ ᠤᠨ ᠪᠠᠶᠢᠭᠤᠯᠤᠮᠵᠢ ᠪᠣᠯᠤᠨ᠎ᠠ᠃ 
ᠢᠷᠡᠯᠲᠡ᠄ ᠲᠣᠲᠣᠷᠬᠠᠢ ᠦᠭᠡᠢ