ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ  ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2021/4/1
      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠪᠠᠶᠠᠨᠨᠠᠭᠤᠷ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠬᠤᠳᠠ ᠶᠢᠨ ᠨᠠᠮ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠪᠠᠶᠠᠨᠨᠠᠭᠤᠷ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ ᠃      ᠬᠤᠶᠠᠳᠤᠭᠠᠷ ᠵᠦᠢᠯ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ  ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠪᠣᠯ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ  ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠭᠠᠵᠠᠷ  ᠤᠨ ᠲᠡᠰ ᠪᠣᠯᠤᠨ᠎ᠠ᠃       ᠭᠤᠷᠪᠠᠳᠤᠭᠠᠷ  ᠵᠦᠢᠯ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ  ᠭᠦᠢᠯᠭᠡᠭᠡᠨ ᠤ ᠠᠵᠢᠯ ᠤᠨ ᠠᠯᠪᠠᠨ ᠬᠡᠷ ᠨᠢ ᠲᠥᠪ ᠤᠨ ᠮᠥᠩᠭᠦᠨ  ᠭᠦᠢᠯᠭᠡᠭᠡᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠶᠠᠪᠤᠴᠠ ᠳᠤ ᠨᠠᠮ ᠤᠨ ᠮᠥᠩᠭᠦᠨ  ᠭᠦᠢᠯᠭᠡᠭᠡᠨ ᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄       ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠮᠥᠩᠭᠦᠨ  ᠭᠦᠢᠯᠭᠡᠭᠡᠨ ᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠦᠨ᠎ᠡ᠃ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ  ᠡᠭᠦᠳᠦᠨ᠎ᠡ᠃      ︵ᠬᠤᠶᠠᠷ︶ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠣᠷᠣᠨ ᠨᠤᠲᠤᠭ  ᠤᠨ ᠬᠠᠤᠯᠢ ᠶᠢᠨ ᠡᠷᠬᠡᠲᠡᠨ  ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃       ︵ᠭᠤᠷᠪᠠ︶ ᠪᠥᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ  ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠮᠥᠩᠭᠦᠨ  ᠭᠦᠢᠯᠭᠡᠭᠡᠨ ᠤ ᠦᠶ᠋ᠯᠡᠴᠢᠯᠡᠭᠡᠨ ᠤ ᠰᠢᠰᠲ᠋ᠧᠮᠵᠢ ᠶᠢ ᠪᠤᠶᠢᠵᠢᠭᠤᠯᠤᠨ ᠬᠥᠭᠵᠢᠭᠦᠯᠦᠨ᠎ᠡ᠃ ᠪᠦᠬᠦ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃       ︵ᠲᠥᠷᠪᠡ︶ ᠤᠯᠠᠨ ᠲᠡᠰ ᠳᠠᠪᠬᠤᠷᠭ᠎ᠠ ᠪᠥᠬᠦᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠪᠥᠬᠦ ᠬᠤᠲᠠ ᠶᠢᠨ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠠᠵᠢᠯ ᠢ ᠵᠢᠯᠣᠭᠤᠳᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠪᠠᠷ ᠪᠠᠯᠠ ᠳᠣᠭᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠠᠯᠠ ᠳᠣᠭᠢᠷᠠᠭᠤᠯᠬᠤ ᠠᠵᠢᠯ ᠢ ᠵᠣᠬᠢᠴᠠᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ  ᠵᠢᠷᠤᠮᠵᠢᠭᠤᠯᠤᠨ᠎ᠠ᠃       ︵ᠲᠠᠪᠤ︶ ᠪᠥᠬᠦ ᠬᠤᠲᠠ ᠶᠢᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠠᠨᠵᠢᠯᠠᠬᠤ ᠬᠤᠳᠠᠯᠳᠤᠭ᠎ᠠ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃       ︵ᠵᠢᠷᠭᠤᠭ᠎ᠠ︶ ᠡᠷᠬᠡ ᠠᠰᠢᠭ ᠤᠨ ᠲᠥᠷᠥᠯ᠂ ᠭᠡᠷ᠎ᠡ ᠲᠣᠭᠲᠠᠬᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠰᠦᠯᠵᠢᠶᠡᠨ ᠤ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠡᠯᠡ ᠣᠷᠣᠭᠤᠯᠤᠯᠲᠠ ᠶᠢᠨ ᠺᠣᠮᠫᠠᠨᠢ ᠶᠢ ᠴᠢᠩᠭᠠᠳᠬᠠᠵᠤ᠂ ᠢᠲᠡᠭᠡᠮᠵᠢ ᠶᠢᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠨᠡᠶᠢᠭᠡᠮ ᠤᠨ ᠤᠯᠠᠨ ᠢᠶᠠᠷ ᠢᠶᠠᠨ ᠴᠤᠭᠯᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃       ︵ᠳᠣᠯᠤᠭ᠎ᠠ︶ ᠮᠥᠩᠭᠦᠨ  ᠭᠦᠢᠯᠭᠡᠭᠡᠨ ᠤ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠵᠤ᠂ ᠮᠥᠩᠭᠦᠨ  ᠭᠦᠢᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ  ᠪᠠᠶᠢᠭᠤᠯᠤᠯᠲᠠ ᠶᠢ ᠠᠬᠢᠭᠤᠯᠤᠨ᠎ᠠ᠃      ︵  ᠨᠠᠢᠮᠠ︶ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ  ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ  ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃       ︵ᠶᠢᠰᠦ︶ ᠥᠪᠡᠷᠲᠡᠭᠡᠨ ᠵᠠᠰᠠᠬᠤ ᠣᠷᠣᠨ ᠤ ᠬᠤᠲᠠ ᠳᠤ ᠰᠠᠭᠤᠭ᠎ᠠ ᠮᠥᠩᠭᠦᠨ  ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠲᠠ ᠶᠢᠨ ᠳᠣᠲᠣᠷᠠᠬᠢ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢ ᠬᠠᠷᠢᠭᠤᠴᠠᠨ ᠵᠣᠬᠢᠴᠠᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠠᠮᠢᠶ᠎ᠠ ᠪᠥᠬᠦᠶ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠ ᠵᠠᠭᠤᠴᠢ ᠪᠠᠶᠢᠭᠤᠯᠤᠮᠵᠢ ᠶᠢ ᠵᠢᠯᠣᠭᠤᠳᠤᠨ ᠵᠢᠷᠤᠮᠵᠢᠭᠤᠯᠤᠨ ᠬᠥᠭᠵᠢᠭᠦᠯᠦᠨ᠎ᠡ᠃       ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃ 
ᠢᠷᠡᠯᠲᠡ᠄ ᠲᠣᠲᠣᠷᠬᠠᠢ ᠦᠭᠡᠢ