ᠠᠷᠠᠳ ᠤᠨ ᠶᠠᠪᠤᠳᠠᠯ ᠤᠨ ᠲᠣᠪᠴᠢᠶᠠᠨ ᠤ ᠡᠭᠦᠷᠭᠡ
ᠨᠡᠶᠢᠲᠡᠯᠡᠭᠰᠡᠨ ᠴᠠᠭ᠄
2021/4/1
      ︵ᠨᠢᠭᠡ︶ ᠪᠦᠬᠦ ᠬᠤᠳᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠣᠷᠣᠨ ᠨᠤᠲᠤᠭ ᠤᠨ ᠴᠢᠨᠠᠷᠲᠠᠶ ᠲᠦᠷᠦ ᠶᠢᠨ ᠪᠤᠳᠤᠯᠭ᠎ᠠ᠂ ᠲᠦᠷᠢᠮ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠠᠷᠠᠳ ᠤᠨ ᠶᠠᠪᠤᠳᠠᠯ ᠤᠨ ᠠᠵᠢᠯ ᠲᠦᠷᠦᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃       ︵ᠬᠤᠶᠠᠷ︶ ᠪᠥᠬᠦ ᠬᠤᠲᠠ ᠶᠢᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃       ︵ᠭᠤᠷᠪᠠ︶ ᠪᠥᠬᠦ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠬᠤ ᠶᠢᠨ ᠠᠷᠭ᠎ᠠ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃       ︵ᠲᠦᠷᠪᠡ︶ ᠪᠦᠬᠦ ᠬᠤᠳᠠ ᠶᠢᠨ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠤᠷᠤᠬ ᠤᠨ ᠬᠠᠮᠢᠶᠠᠷᠤᠯᠲᠠ ᠶᠢᠨ ᠲᠦᠷᠦ ᠶᠢᠨ ᠪᠤᠳᠦᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠬ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃       ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂  ᠦᠢᠯᠡᠴᠢᠯᠡᠭᠡᠨ ᠤ ᠵᠢᠷᠤᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃       ︵ᠨᠠᠶ᠋ᠮᠠ︶ ᠪᠥᠬᠦ ᠬᠤᠲᠠ ᠶᠢᠨ ᠨᠠᠰᠤᠵᠢᠯ ᠤᠨ  ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃       ︵ᠶᠢᠰᠦ︶ ᠪᠥᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠢ ᠨᠢᠭᠡᠳᠦᠯᠲᠡᠶ ᠲᠥᠯᠥᠪᠯᠡᠨ ᠂ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠃       ︵ᠠᠷᠪᠠ︶ ᠬᠡᠤᠬᠡᠳ ᠤᠨ ᠠᠰᠠᠷᠠᠮᠵᠢ᠂ ᠥᠨᠥᠴᠢᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠤᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠶ᠋ᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠎ᠠ᠃       ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠴᠤ᠂ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠤᠳᠤᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ  ᠤ ᠡᠩᠨᠡᠭᠡᠨ ᠤ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃       ︵ᠠᠷᠪᠠᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ       ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠭᠦᠷᠭᠡ       ᠬᠦᠴᠢᠷᠳᠡᠯ ᠲᠠᠢ ᠤᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠥᠨᠥᠴᠢᠨ ᠬᠡᠦᠬᠡᠳ ᠵᠡᠷᠭᠡ ᠣᠨᠴᠠᠭᠠᠶ ᠬᠠᠮᠲᠤᠯᠢᠭ ᠲᠤ ᠨᠡᠶᠢᠭᠡᠮ ᠤᠨ ᠦᠨᠳᠦᠰᠦᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠬᠡᠪᠴᠢᠶ᠎ᠡ ᠪᠠ ᠭᠤᠭᠴᠤᠭ᠎ᠠ ᠲᠡᠶᠢᠰᠢ ᠬᠡᠯᠪᠠᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠠᠬᠢᠭᠤᠯᠤᠨ᠎ᠠ᠃
ᠢᠷᠡᠯᠲᠡ᠄ ᠲᠣᠲᠣᠷᠬᠠᠢ ᠦᠭᠡᠢ