ᠬᠢᠨᠠᠨ ᠪᠣᠳᠣᠬᠤ ᠲᠣᠪᠴᠢᠶ᠎ᠠ ᠶᠢᠨ ᠲᠤᠰᠢᠶᠠᠯ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2021/4/1
      ︵ᠨᠢᠭᠡ︶ ᠪᠥᠬᠦ ᠬᠤᠲᠠ ᠶᠢᠨ ᠡᠯ᠎ᠡ ᠵᠠᠰᠠᠭ ᠵᠠᠬᠢᠷᠭ᠎ᠠ ᠠᠵᠢᠯ ᠦᠶ᠋ᠯᠡᠰ ᠤᠨ ᠨᠢᠭᠡᠴᠡ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠪᠦᠬᠦ ᠬᠤᠳᠠ ᠶᠢᠨ ᠡᠳ᠋ ᠤᠨ ᠵᠠᠰᠠᠭ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠶ ᠪᠠ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ ᠬᠢᠨᠠᠨ ᠪᠤᠳᠤᠬᠤ᠂ ᠲᠤᠰᠬᠠᠶ ᠵᠦᠶ᠋ᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ᠃       ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠡᠳ᠋ ᠤᠨ ᠵᠠᠰᠠᠭ ᠠᠵᠤ ᠠᠬᠤᠶ ᠵᠢᠴᠢ ᠬᠤᠯᠪᠣᠭᠳᠠᠯ ᠪᠦᠬᠦᠢ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠬᠡ ᠨᠣᠣᠷᠠᠭ ᠢ ᠲᠤᠭᠤᠷᠪᠢᠬᠤ ᠳᠤ ᠣᠷᠣᠯᠴᠠᠪᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠶ᠋ᠯᠡᠰ ᠲᠤ ᠬᠠᠤᠯᠢ ᠶᠣᠰᠣᠭᠠᠷ ᠬᠢᠨᠠᠨ ᠪᠤᠳᠤᠬᠤ ᠦᠨᠡᠯᠡᠯᠲᠡ ᠬᠢᠵᠦ᠂ ᠬᠢᠨᠠᠨ ᠪᠤᠳᠤᠭᠰᠠᠨ ᠮᠡᠳᠡᠭᠦᠯᠦᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠪᠥᠲᠥᠭᠡᠨ ᠪᠠᠶᠢᠭᠤᠯᠤᠯᠲᠠ ᠶᠢ ᠳᠤᠷᠠᠳᠬᠤ ᠬᠡᠷᠡᠭᠲᠡᠶ᠃       ︵ᠭᠤᠷᠪᠠ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠬᠤᠳᠠ ᠶᠢᠨ ᠣᠨ ᠤ ᠲᠥᠰᠦᠪ ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠲᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ ᠰᠢᠶ᠋ᠳᠪᠦᠷᠢᠯᠡᠭᠰᠡᠨ ᠦᠷ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠣᠳᠣᠯᠲᠠ ᠪᠠ ᠲᠤᠰᠬᠠᠶ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠵᠢᠴᠢ ᠦᠷ᠎ᠡ ᠳ᠋ᠦᠩ ᠢ ᠮᠡᠳᠡᠭᠦᠯᠦᠨ᠎ᠡ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠠᠤᠯᠢ ᠶᠣᠰᠣᠭᠠᠷ ᠨᠡᠶᠢᠭᠡᠮ ᠳᠤ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠲᠡᠯᠡᠨ᠎ᠡ︔ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠵᠡᠷᠭᠡ ᠳᠤ ᠬᠤᠯᠪᠣᠭᠳᠠᠬᠤ ᠴᠢᠬᠤᠯᠠ ᠶᠡᠭᠡ ᠬᠢᠨᠠᠨ ᠪᠤᠳᠤᠬᠤ ᠲᠥᠷᠥᠯ  ᠵᠦᠢᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠦᠯᠦᠨ᠎ᠡ᠃       ︵ᠲᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ  ᠰᠢᠭᠤᠳ ᠬᠢᠨᠠᠨ ᠪᠤᠳᠤᠬᠤ᠂ ᠬᠢᠨᠠᠨ ᠪᠤᠳᠤᠯᠳᠠ ᠶᠢᠨ ᠮᠡᠳᠡᠭᠦᠯᠦᠯᠲᠡ ᠭᠠᠷᠭᠠᠬᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ  ᠤᠨ ᠬᠡᠪᠴᠢᠶᠡᠨ ᠳᠣᠲᠣᠷ᠎ᠠ ᠬᠢᠨᠠᠨ ᠪᠤᠳᠤᠯᠳᠠ ᠶᠢᠨ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠥᠬᠦᠢ ᠰᠠᠯᠠᠭ᠎ᠠ ᠮᠥᠴᠢᠷ ᠲᠤ  ᠰᠢᠢᠳᠪᠦᠷᠢᠯᠡᠬᠦ  ᠰᠢᠢᠳᠬᠡᠯ ᠥᠭᠬᠦ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠩᠭᠤᠶ ᠬᠠᠷᠢᠭᠤᠴᠠᠯᠭ᠎ᠠ ᠶᠢ ᠡᠭᠦᠷᠭᠡᠯᠡᠨ᠎ᠡ᠃       1᠂ ᠬᠤᠳᠠ ᠶᠢᠨ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠶᠢ ᠪᠠᠭᠲᠠᠭᠠᠨ᠎ᠠ︶ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ᠃       2᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠥᠰᠦᠪ ᠢ  ᠭᠦᠢᠴᠡᠳᠬᠡᠭᠰᠡᠨ ᠪᠠᠶᠢᠳᠠᠯ᠂ ᠲᠥᠰᠦᠪ ᠤᠨ  ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ ᠮᠥᠩᠭᠦ᠃       3᠂ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠃       4᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠪᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠪᠠᠷ ᠭᠤᠣᠯ ᠪᠣᠯᠭᠠᠭᠰᠠᠨ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠥᠰᠦᠪ ᠤᠨ  ᠭᠦᠢᠴᠡᠳᠬᠡᠯ᠃      5 ᠂ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠤᠯᠤᠰ ᠤᠨ ᠥᠮᠴᠢᠯᠡᠯ ᠤᠨ ᠬᠦᠷᠦᠩᠭᠡ ᠨᠢ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠦᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ᠃       6᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠨᠡᠶᠢᠭᠡᠮ ᠤᠨ ᠪᠦᠯᠬᠦᠮ ᠤᠨ ᠲᠤᠰᠢᠶᠠᠯ ᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠪᠡᠯᠡ ᠮᠥᠩᠭᠦ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠡ ᠮᠥᠩᠭᠦ ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃       7᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠬᠢᠨᠠᠨ ᠪᠤᠳᠤᠬᠤ ᠡᠷᠬᠡ ᠣᠯᠭᠤᠭᠰᠠᠨ ᠪᠤᠰᠤᠳ ᠬᠢᠨᠠᠨ ᠪᠤᠳᠤᠬᠤ ᠵᠦᠢᠯᠡᠰ᠃       8᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠬᠡᠷᠡᠭᠲᠡᠶ ᠭᠡᠵᠦ ᠲᠣᠭᠲᠠᠭᠠᠭᠰᠠᠨ ᠪᠤᠰᠤᠳ ᠵᠦᠢᠯ ᠤᠳ᠃       ︵ᠲᠠᠪᠤ︶ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠤᠯᠢ ᠶᠣᠰᠣᠭᠠᠷ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃       ︵ᠵᠢᠷᠭᠤᠭ᠎ᠠ︶ ᠤᠯᠤᠰ ᠤᠨ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠦᠷᠦ ᠶᠢᠨ ᠪᠤᠳᠦᠯᠭ᠎ᠠ ᠪᠠ ᠬᠤᠷᠸ᠎ᠠ ᠲᠤᠬᠢᠷᠡᠭᠤᠯᠦᠯ ᠡᠵᠡᠮᠳᠡᠯ ᠤᠨ ᠠᠷᠭ᠎ᠠ ᠬᠡᠮᠵᠢᠶ᠎ᠡ ᠶᠢ  ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠤᠶᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠬᠡᠷᠡᠭ ᠶᠠᠪᠤᠳᠠᠯ ᠳᠤ ᠲᠤᠰᠬᠠᠶ ᠵᠦᠢᠯ ᠤᠨ ᠬᠢᠨᠠᠨ ᠪᠤᠳᠦᠯᠳᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠤᠯᠤᠰ ᠤᠨ ᠡᠬᠢ ᠪᠠᠶᠠᠯᠢᠭ᠂ ᠪᠡᠯᠡ ᠮᠥᠩᠭᠦ ᠪᠠ ᠵᠢᠭᠡᠯᠡᠯᠭᠡ ᠶᠢ ᠬᠡᠷᠡᠭᠯᠡᠬᠦ ᠪᠤᠶᠤ ᠤᠯᠤᠰ ᠤᠨ ᠭᠠᠶᠢᠯᠢ ᠲᠠᠲᠠᠪᠤᠷᠢ ᠳᠤ ᠬᠤᠯᠪᠣᠭᠳᠠᠬᠤ ᠪᠤᠰᠤᠳ ᠨᠢᠭᠡᠴᠢ ᠳᠤ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃       ︵ᠳᠣᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠰᠢᠮᠳᠠᠭᠤᠯᠤᠨ ᠵᠠᠯᠠᠷᠠᠭᠤᠯᠬᠤ ᠪᠠ  ᠰᠢᠢᠳᠪᠦᠷᠢᠯᠡᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ ᠳᠤᠮᠳᠠᠬᠢ ᠬᠤᠯᠪᠣᠭᠳᠠᠯ ᠪᠥᠬᠦᠶ ᠵᠦᠶ᠋ᠯᠡᠰ ᠢ ᠬᠠᠤᠯᠢ ᠶᠣᠰᠣᠭᠠᠷ ᠭᠦᠶ᠋ᠴᠡᠳᠬᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠳᠠᠯ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ  ᠰᠢᠢᠳᠪᠦᠷᠢᠯᠡᠨ᠎ᠡ᠃       ︵  ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠢ ᠳᠤ ᠬᠢᠵᠦ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠨ᠎ᠠ᠃       ︵ᠶᠢᠰᠦ︶ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠯᠤᠭ᠎ᠠ ᠬᠠᠮᠲᠤᠪᠠᠷ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠤᠨ᠎ᠠ᠃ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠬᠢᠨᠠᠯᠲᠠ ᠲᠠᠯᠪᠢᠵᠤ᠂ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠣᠨᠴᠣᠭᠤᠶ ᠲᠣᠭᠲᠠᠭᠠᠭᠰᠠᠨ ᠲᠥᠷᠥᠯ ᠵᠦᠶ᠋ᠯ ᠤᠨ ᠲᠤᠰᠬᠠᠶ ᠵᠦᠶ᠋ᠯ ᠢᠶᠠᠷ ᠬᠢᠨᠠᠨ ᠪᠤᠳᠤᠬᠤ ᠪᠤᠶᠤ ᠬᠢᠨᠠᠨ ᠪᠤᠳᠤᠵᠤ ᠪᠠᠶᠢᠴᠠᠭᠠᠯᠲᠠ ᠬᠢᠬᠦ ᠶᠢ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠤᠯᠤᠰ ᠤᠨ ᠲᠣᠭᠲᠠᠭᠠᠯ ᠠᠴᠠ ᠵᠥᠷᠢᠴᠡᠨ ᠭᠠᠷᠭᠠᠭᠰᠠᠨ ᠬᠢᠨᠠᠨ ᠪᠤᠳᠤᠬᠤ ᠲᠣᠭᠲᠠᠭᠠᠯ ᠢ ᠵᠠᠯᠠᠷᠠᠭᠤᠯᠬᠤ ᠪᠤᠶᠤ ᠳᠠᠭᠠᠭᠠᠯᠭᠠᠵᠤ ᠵᠠᠯᠠᠷᠠᠭᠤᠯᠤᠨ᠎ᠠ᠃ ᠡᠯ᠎ᠡ ᠥᠷᠲᠡᠭᠡ ᠶᠢᠨ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠨᠢ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠬᠠᠮᠵᠢᠨ ᠬᠠᠮᠢᠶᠠᠷᠤᠨ᠎ᠠ᠃       ︵ᠠᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ  ᠭᠦᠢᠴᠡᠳᠬᠡᠨ᠎ᠡ᠃ᠠᠵᠢᠯᠯᠠᠬᠤ ᠬᠠᠶ᠋ᠢᠭ᠄ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠰᠢᠨ ᠬᠤᠸᠠ ᠪᠠᠷᠠᠭᠤᠨ ᠵᠡᠭᠡᠯᠢ ᠶᠢᠨ ᠬᠤᠶᠢᠲᠤ ᠵᠢᠨᠱᠠ ᠵᠠᠮ ᠤᠨ ᠵᠡᠭᠦᠨ ᠪᠠᠶᠠᠨᠨᠠᠭᠤᠷ ᠬᠤᠲᠠ ᠶᠢᠨ ᠬᠢᠨᠠᠨ ᠪᠤᠳᠤᠬᠤ ᠲᠣᠪᠴᠢᠶ᠎ᠠ ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠬᠠᠷᠢᠯᠴᠠᠬᠤ ᠤᠲᠠᠰᠤ᠄ 0478 — 7866216 ᠹᠠᠺᠰ ᠤᠨ ᠨᠣᠮᠧᠷ᠄ 0478 — 7866228 ᠢᠮᠧᠯ᠄ bynrsjj2011@163.com ᠰᠢᠦᠳᠠᠨ ᠳ᠋ᠤᠭᠠᠷ᠄ 015000
ᠢᠷᠡᠯᠲᠡ᠄ ᠲᠣᠲᠣᠷᠬᠠᠢ ᠦᠭᠡᠢ