ᠪᠠᠶᠠᠨᠨᠠᠭᠤᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2021/4/1
      ᠪᠠᠶᠠᠨᠨᠠᠭᠤᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ 2012 ᠣᠨ ᠤ 9 ᠰᠠᠷ᠎ᠠ ᠳᠤ ᠪᠠᠶᠢᠭᠤᠯᠤᠭᠳᠠᠵᠤ᠂  ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠲᠤ ᠬᠠᠷᠢᠶᠠᠯᠠᠭᠳᠠᠵᠤ᠂ ᠪᠦᠬᠦ ᠲᠤᠭ᠎ᠠ ᠪᠠᠷ ᠵᠣᠭᠤᠰ ᠰᠠᠯᠭᠠᠨ ᠥᠭᠬᠦ ᠵᠠᠰᠠᠭ ᠵᠠᠬᠢᠷᠭᠠᠨ ᠤ ᠨᠢᠭᠡᠴᠢ ᠪᠣᠯᠤᠨ᠎ᠠ᠃       ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ‍ᠤᠨ‌ᠠᠵᠢᠯ ᠤᠨ ᠬᠤᠯᠪᠣᠭᠳᠠᠯ ᠪᠥᠬᠦᠢ ᠴᠢᠭᠯᠡᠯᠲᠡ᠂ ᠲᠥᠷᠥ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ᠂ ᠠᠷᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ︵ᠬᠤᠶᠠᠷ︶ ᠪᠥᠬᠦ ᠬᠤᠳᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠵᠤ᠂ ᠪᠡᠶ᠎ᠡ ᠶᠢᠨ ᠲᠠᠮᠢᠷ  ᠤᠨ ᠦᠢᠯᠡᠰ ᠪᠣᠯᠤᠨ ᠪᠡᠶ᠎ᠡ ᠶᠢᠨ ᠲᠠᠮᠢᠷ  ᠤᠨ ᠠᠵᠤ ᠦᠢᠯᠡᠰ ᠤᠨ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠤᠯᠠᠨ ᠡᠰᠢᠴᠢᠯᠡᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠪᠡᠶ᠎ᠡ ᠶᠢᠨ  ᠲᠠᠮᠢᠷ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃      ︵ᠭᠤᠷᠪᠠ︶ ᠪᠥᠬᠦ ᠬᠤᠲᠠ ᠶᠢᠨ ᠣᠯᠠᠨ ᠲᠦᠮᠡᠨ ᠤ ᠪᠡᠶ᠎ᠡ ᠶᠢᠨ ᠲᠠᠮᠢᠷ ᠤᠨ  ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠵᠢᠯ ᠤᠨ ᠡᠩᠨᠡᠭᠡ ᠶᠢᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠢᠯᠣᠭᠤᠳᠴᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ︵ᠳᠥᠷᠪᠡ︶ ᠪᠥᠬᠦ ᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠶ᠋ᠯ ᠤᠨ ᠪᠠᠶᠢᠷᠢᠯᠠᠭᠤᠯᠤᠯᠲᠠ ᠪᠠ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠲᠠᠮᠢᠷᠴᠢᠳ ᠤᠨ ᠡᠩᠨᠡᠭᠡᠨ ᠤ ᠪᠠᠶᠢᠭᠤᠯᠤᠯᠲᠠ ᠪᠠ ᠠᠵᠢᠯ ᠤᠨ ᠴᠢᠯᠥᠭᠡᠨ ᠤ ᠪᠣᠯᠪᠠᠰᠤᠷᠠᠯ ᠤᠨ ᠠᠵᠢᠯ ᠢ  ᠵᠢᠯᠣᠭᠤᠳᠤᠨ᠎ᠠ᠃      ︵ᠲᠠᠪᠤ︶ ᠣᠯᠠᠨ ᠤᠯᠤᠰ᠂ ᠤᠯᠤᠰ ᠤᠨ ᠳᠣᠲᠣᠭᠠᠳᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠳᠠᠭᠠᠭᠠᠨ ᠡᠷᠭᠢᠯᠡᠵᠦ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠤᠯᠯᠠᠨ ᠡᠷᠭᠢᠯᠡᠨ᠎ᠡ᠃ ᠤᠷᠤᠯᠳᠤᠭᠠᠨ ᠤ ᠳᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠪᠦᠬᠦ ᠬᠤᠲᠠ ᠶᠢᠨ ᠴᠢᠨᠠᠷᠲᠠᠶ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ  ᠬᠠᠮᠢᠶᠠᠷᠤᠨ᠎ᠠ᠃ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠵᠢᠷᠭᠤᠭ᠎ᠠ︶ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃       ︵ᠳᠣᠯᠤᠭ᠎ᠠ︶ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠠᠵᠤ  ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠡᠶ᠎ᠡ ᠶᠢᠨ ᠲᠠᠮᠢᠷ ᠤᠨ ᠠᠵᠤ  ᠦᠢᠯᠡᠰ ᠢ ᠪᠤᠶᠢᠵᠢᠭᠤᠯᠬᠤ᠂ ᠬᠥᠲᠥᠯᠦᠨ ᠵᠢᠯᠣᠭᠤᠳᠬᠤ ᠪᠠ ᠲᠡᠳᠬᠦᠨ ᠳᠡᠮᠵᠢᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃  ᠪᠡᠶ᠎ᠡ ᠶᠢᠨ ᠲᠠᠮᠢᠷ ᠤᠨ ᠠᠵᠤ ᠦᠢᠯᠡᠰ ᠤᠨ ᠭᠤᠣᠯᠳᠠᠯᠭ᠎ᠠ ᠲᠠᠢ ᠡᠵᠡᠩᠨᠡᠬᠦ ᠠᠷᠭ᠎ᠠ ᠬᠡᠯᠪᠡᠷᠢ ᠶᠢᠨ ᠬᠥᠭᠵᠢᠯᠲᠡ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠰᠤᠭᠤᠯᠤᠭᠠᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ︵ᠨᠠᠢᠮᠠ︶ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭᠠᠨ  ᠤ ᠰᠤᠳᠤᠯᠤᠯ ᠪᠣᠯᠤᠨ ᠠᠶᠤᠯ ᠥᠭᠡᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠡᠶ᠎ᠡ ᠶᠢᠨ ᠲᠠᠮᠢᠷ  ᠤᠨ ᠰᠣᠶᠣᠯ  ᠤᠨ ᠪᠠᠶᠢᠭᠤᠯᠤᠯᠲᠠ ᠶᠢ ᠴᠢᠩᠭᠠᠳᠬᠠᠨ᠂ ᠪᠡᠶ᠎ᠡ ᠶᠢᠨ ᠲᠠᠮᠢᠷ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠪᠥᠬᠦ ᠬᠤᠲᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠠᠵᠢᠯ ᠢ  ᠬᠢᠨᠠᠨ ᠵᠢᠯᠣᠭᠤᠳᠤᠨ᠎ᠠ᠃      ︵ᠶᠢᠰᠦ︶ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠨᠢᠭᠦᠯᠦᠨ᠎ᠡ᠃       ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃ 
ᠢᠷᠡᠯᠲᠡ᠄ ᠲᠣᠲᠣᠷᠬᠠᠢ ᠦᠭᠡᠢ