ᠪᠠᠶᠠᠨᠨᠠᠭᠤᠷ ᠵᠠᠰᠠᠭ ᠲᠠᠷᠬᠠᠭᠠᠭᠰᠠᠨ ﹇2021﹈ 2 ᠳ᠋ᠤᠭᠠᠷ ᠲᠣᠭᠠᠲᠤ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠪᠠ ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠶ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ | ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ | ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠣᠨᠴᠠᠭᠠᠶᠢᠯᠠᠨ ᠨᠡᠶᠢᠲᠡᠯᠡᠪᠡ᠃ | ᠨᠢᠭᠡ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ ᠵᠢᠯ ᠪᠦᠷᠢ ᠶᠢᠨ 3 ᠰᠠᠷ᠎ᠠ ᠶᠢᠨ 15 ᠤ ᠡᠳᠦᠷ | — 6 ᠰᠠᠷ᠎ᠠ ᠶᠢᠨ 15 ᠤ ᠡᠳᠦᠷ ︔ 9 ᠰᠠᠷ᠎ᠠ ᠶᠢᠨ 15 ᠤ ᠡᠳᠦᠷ — 11 ᠰᠠᠷ᠎ᠠ ᠶᠢᠨ 15 ᠤ ᠡᠳᠦᠷ ᠪᠣᠯᠣᠨ᠎ᠠ᠃ ᠡᠭᠦᠨ ᠳᠤ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭ᠎ᠠ ᠨᠢ ᠵᠢᠯ ᠪᠦᠷᠢ ᠶᠢᠨ 3 ᠰᠠᠷ᠎ᠠ ᠶᠢᠨ 20 ᠤ ᠡᠳᠦᠷ — 5 ᠰᠠᠷ᠎ᠠ ᠶᠢᠨ 20 ᠤ ᠡᠳᠦᠷ︔ 9 | ᠰᠠᠷ᠎ᠠ ᠶᠢᠨ 20 ᠤ ᠡᠳᠦᠷ — 11 ᠰᠠᠷ᠎ᠠ ᠶᠢᠨ 10 ᠤ ᠡᠳᠦᠷ ᠪᠣᠯᠣᠨ᠎ᠠ᠃ | ᠬᠤᠶᠠᠷ᠂ ᠮᠤᠨᠠ ᠠᠭᠤᠯᠠ ᠶᠢᠨ ᠡᠭᠦᠰᠦᠮᠡᠯ ᠣᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠯᠤᠰ ᠤᠨ ᠡᠯᠡᠰᠦᠵᠢᠭᠰᠡᠨ ᠭᠠᠵᠠᠷ | ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ ᠣᠷᠣᠨ᠂ G6᠂ G7᠂ 110 ᠤᠯᠤᠰ ᠤᠨ ᠵᠠᠮ ᠂ 242 ᠤᠯᠤᠰ ᠤᠨ ᠵᠠᠮ᠂ 212 | ᠮᠤᠵᠢ ᠶᠢᠨ ᠵᠠᠮ ᠂ 215 ᠮᠤᠵᠢ ᠶᠢᠨ ᠵᠠᠮ ᠂ 315 ᠮᠤᠵᠢ ᠶᠢᠨ ᠵᠠᠮ ︵ᠬᠠᠲᠤᠨ ᠭᠤᠤᠯ ᠳᠠᠭᠠᠤ ᠶᠢᠨ ᠵᠠᠰᠠᠮᠠᠯ ᠵᠠᠮ︶᠂ ᠲᠡᠮᠦᠷ ᠵᠠᠮ ᠳᠠᠭᠠᠤ ᠶᠢᠨ ᠬᠤᠶᠠᠷ | ᠬᠠᠵᠠᠭᠤ ᠶᠢᠨ 300 ᠮᠧᠲᠷ ᠤᠨ ᠬᠡᠪᠴᠢᠶᠡᠨ ᠳᠣᠲᠣᠷ᠎ᠠ᠂ ᠤᠯᠤᠰ ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠶᠢᠨ ᠲᠡᠭᠦᠷᠭᠡ ᠶᠢᠨ | ᠨᠣᠭᠤᠭᠠᠷᠠᠭᠤᠯᠤᠯᠲᠠ ᠶᠢᠨ ᠣᠷᠣᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠤᠷᠠᠳ ᠤᠨ ᠲᠠᠯ᠎ᠠ ᠨᠤᠲᠤᠭ ᠨᠢ ᠪᠥᠬᠦ | ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠣᠷᠣᠨ ᠪᠣᠯᠣᠨ᠎ᠠ᠃ | ᠭᠤᠷᠪᠠ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠶ᠄ | ︵ᠨᠢᠭᠡ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠣᠩᠭᠤᠨ ᠲᠠᠬᠢᠵᠤ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ | ᠬᠤᠭ ᠡᠪᠡᠰᠦ᠂ ᠡᠰᠢ ᠰᠦᠷᠡᠯ ᠰᠢᠲᠠᠭᠠᠬᠤ᠂ ᠰᠢᠷᠠᠮᠠᠭ ᠰᠢᠷᠠᠬᠤ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ ᠬᠡᠷᠡᠭᠲᠡᠶ ᠨᠢᠭᠡᠴᠢ ᠪᠠ | ᠰᠠᠭᠤᠭᠠᠯᠢ ᠠᠷᠠᠳ ᠲᠤ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠬᠡᠭᠡᠷ᠎ᠡ ᠭᠠᠳᠠᠨ᠎ᠠ ᠦᠨᠡᠨᠬᠦ | ᠭᠠᠯ ᠬᠡᠷᠡᠭᠯᠡᠬᠦ ᠴᠢᠬᠤᠯᠠ ᠲᠠᠢ ᠨᠢᠭᠡᠴᠢ ᠪᠤᠶᠤ ᠬᠤᠪᠢ ᠬᠥᠮᠦᠨ ᠪᠣᠯ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠵᠢᠯᠣᠭᠤᠳᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠯᠡᠵᠦ ᠪᠣᠯᠤᠨ᠎ᠠ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠤ | ᠬᠦᠴᠦᠨ ᠲᠠᠢ ᠴᠠᠭ ᠠᠭᠤᠷ ᠤᠨ ᠪᠠᠶᠢᠳᠠᠯ ᠳᠤ ᠣᠶ ᠶᠢᠨ ᠵᠠᠬ᠎ᠠ ᠠᠴᠠ 300 ᠮᠧᠲᠷ ᠤᠨ ᠬᠡᠪᠴᠢᠶᠡᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ ᠡᠳᠦᠷ ᠲᠤᠳᠤᠮ ᠤᠨ ᠬᠡᠷᠡᠭᠯᠡᠭᠡᠨ ᠤ ᠭᠠᠯ ᠳᠤ ᠡᠷᠬᠡᠪᠰᠢ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠴᠢᠳᠬᠤᠬᠤ ᠨᠦᠭᠡ ᠵᠡᠷᠭᠡ ᠶᠢ | ᠭᠠᠷᠭᠠᠬᠤ ᠬᠡᠷᠡᠭᠲᠡᠶ᠂ ᠭᠠᠯ ᠤᠨ ᠣᠴᠢ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠠᠯ ᠢ ᠰᠡᠷᠭᠡᠶᠢᠯᠡᠬᠦ ᠲᠤᠰᠠᠭᠠᠷᠯᠠᠬᠤ ᠣᠷᠣᠨ ᠤ ᠡᠷᠬᠢᠨ ᠲᠣᠭᠤᠷᠢᠨ ᠳᠤ | ᠠᠰᠬᠠᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠬᠤ ᠭᠠᠵᠠᠷ᠂ ᠵᠢᠭᠤᠯᠴᠢᠯᠠᠯ ᠤᠨ ᠢᠳᠡᠭᠡᠨ | ᠤᠮᠳᠠᠭᠠᠨ ᠤ ᠭᠠᠵᠠᠷ ᠤᠳ ᠡᠷᠬᠡᠪᠰᠢ ᠲᠤᠰᠬᠠᠶ ᠳᠤᠰᠢᠶᠠᠯᠳᠤ ᠤᠢ ᠬᠠᠮᠠᠭᠠᠯᠠᠭᠴᠢ ᠪᠣᠯᠤᠨ ᠭᠠᠯ ᠤᠨᠲᠠᠷᠠᠭᠠᠬᠤ ᠮᠠᠰᠢᠨ ᠪᠠᠭᠠᠵᠢ ᠲᠣᠬᠢᠷᠠᠭᠤᠯᠵᠤ᠂ ᠭᠠᠯ ᠰᠡᠷᠭᠡᠶᠢᠯᠡᠬᠦ | ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ︵ᠲᠦᠷᠪᠡ︶ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠢᠩᠬᠢᠨᠢ ᠰᠤᠮᠤ ᠲᠠᠢ ᠰᠣᠷᠢᠯᠲᠠ ᠬᠢᠬᠦ᠂ ᠳᠡᠯᠪᠡᠴᠢᠬᠦ ᠵᠡᠷᠭᠡ | ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ | ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠲᠠᠪᠤ︶ ᠴᠢᠩᠭ᠎ᠠ ᠰᠡᠷᠭᠡᠶᠢᠯᠡᠯᠲᠡ ᠶᠢᠨ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠲᠤ ᠭᠠᠯ ᠰᠡᠷᠭᠡᠶᠢᠯᠡᠬᠦ ᠠᠶᠤᠯᠭᠦᠶ ᠶᠢᠨ ᠪᠠᠶᠢᠴᠠᠭᠠᠯᠲᠠ | ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠨᠠᠭᠠᠰᠢ ᠴᠠᠭᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ | ᠵᠢᠯᠣᠭᠤᠴᠢ ᠦᠢᠯᠡᠴᠢᠯᠡᠭᠴᠢ ᠠᠵᠢᠯᠲᠠᠨ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠵᠡᠷᠭᠡ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠭᠡᠵᠦ ᠮᠡᠳᠡᠬᠦ ᠭᠠᠯ ᠤᠨ ᠲᠥᠷᠥᠯ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠵᠢᠷᠭᠤᠭ᠎ᠠ︶ ᠶᠠᠮᠠᠷᠪᠠ ᠨᠢᠭᠡᠴᠢ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠤᠬᠠᠶ ᠶᠢᠨ | ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠳᠠᠷᠦ᠋ᠢᠬᠠᠨ ᠮᠡᠳᠡᠭᠦᠯᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ | ᠲᠦᠭᠰᠢᠭᠦᠷᠢ ᠮᠡᠳᠡᠭᠦᠯᠬᠦ ᠳᠤ ᠨᠥᠬᠦᠴᠡᠯ ᠥᠬᠡᠶ ᠪᠠᠷ ᠲᠥᠬᠦᠮ ᠦᠵᠡᠭᠦᠯᠬᠦ ᠬᠡᠷᠡᠭᠲᠡᠶ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ | ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠰᠡᠷᠡᠮᠵᠢ ᠶᠢᠨ ᠳᠣᠬᠢᠶᠠᠨ ᠤ ᠤᠲᠠᠰᠤ᠄ 12119᠃ | ︵ᠳᠣᠯᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠪᠣᠭᠤᠮᠲᠠ ᠪᠠᠶᠢᠷᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ | ᠣᠷᠣᠵᠤ ᠭᠠᠷᠬᠤ ᠭᠠᠵᠠᠷ ᠲᠤ ᠪᠠᠶᠢᠴᠠᠭᠠᠬᠤ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠭᠤᠯᠵᠤ᠂ ᠭᠠᠯ ᠤᠨ ᠢᠷᠡᠯᠲᠡ ᠭᠠᠯ ᠤᠨ ᠲᠥᠷᠥᠯ᠂ | ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠵᠡᠷᠭᠡ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠣᠷᠣᠵᠤ | ᠭᠠᠷᠬᠤ ᠲᠡᠷᠭᠡ ᠬᠥᠰᠬᠡ ᠪᠠ ᠬᠥᠮᠦᠰ ᠢ ᠱᠦᠭᠦᠷᠳᠡᠨ ᠠᠷᠢᠯᠭᠠᠵᠤ ᠲᠣᠭᠲᠠᠭᠠᠯ ᠶᠣᠰᠣᠭᠠᠷ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠵᠦ᠂ ᠭᠠᠯ ᠰᠡᠷᠭᠡᠶᠢᠯᠡᠬᠦ ᠠᠮᠤᠷ | ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ | ᠪᠠᠶᠢᠴᠠᠭᠠᠬᠤ ᠶᠢ ᠬᠠᠷᠰᠢᠯᠠᠵᠤ᠂ ᠪᠠᠶᠢᠴᠠᠭᠠᠬᠤ ᠶᠢ ᠲᠡᠪᠴᠢᠵᠦ ᠪᠣᠯᠬᠤ ᠦᠭᠡᠢ᠃ | ᠳᠡᠭᠡᠷᠡᠬᠢ ᠲᠣᠭᠲᠠᠭᠠᠯ ᠠᠴᠠ ᠵᠥᠷᠢᠴᠡᠭᠰᠡᠨ ᠪᠦᠬᠦᠨ ᠢ ᠬᠤᠰᠢᠭᠤ ᠰᠢᠶᠠᠨ ᠲᠣᠭᠤᠷᠢᠭ ᠤᠨ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ | ᠲᠣᠷᠭᠠᠬᠤ ᠶᠢᠨ ᠬᠠᠮᠲᠤ ᠢᠯᠡ ᠪᠠᠷ ᠨᠡᠶᠢᠲᠡᠯᠡᠨ ᠢᠯᠡᠴᠢᠯᠡᠨ᠎ᠡ︔ ᠠᠯᠪᠠᠨ ᠲᠤᠰᠢᠶᠠᠯᠲᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ | ᠬᠤᠯᠪᠣᠭᠳᠠᠭᠰᠠᠨ ᠰᠦᠪᠡᠭᠴᠢ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭ ᠲᠤᠬᠠᠶ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠶ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠳᠥᠷᠪᠡ᠂ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ | ᠬᠠᠷᠢᠭᠤᠴᠠᠯᠭ᠎ᠠ᠂ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠣᠶ ᠰᠢᠭᠤᠶ ᠬᠠᠮᠠᠭᠠᠯᠠᠭᠴᠢ᠂ ᠡᠪᠡᠰᠦ ᠬᠠᠮᠠᠭᠠᠯᠠᠭᠴᠢ ᠪᠠ ᠲᠣᠤᠷᠵᠢᠭᠤᠯᠤᠭᠰᠠᠨ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠠ ᠬᠠᠷᠢᠭᠤᠴᠠᠯᠭᠠᠲᠤ ᠨᠢᠭᠡᠴᠢ ᠨᠦᠭᠦᠳ 24 ᠴᠠᠭ ᠢᠶᠠᠷ ᠵᠢᠵᠢᠭᠦᠷᠯᠡᠬᠦ | ᠪᠠ ᠤᠳᠤᠷᠢᠳᠤᠯᠭ᠎ᠠ ᠳᠠᠭᠠᠭᠤᠯᠬᠤ ᠲᠦᠷᠢᠮ ᠢ ᠬᠡᠷᠡᠭᠵᠢᠭᠦᠯᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠡᠩᠨᠡᠭᠡ ᠨᠦᠭᠦᠳ ᠰᠢᠨᠵᠢᠯᠡᠬᠦ ᠤᠬᠠᠭᠠᠨᠴᠢ ᠪᠠᠷ ᠭᠠᠯ | ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ᠲᠠᠪᠤ᠂ ᠪᠤᠰᠤᠳ ᠭᠤᠤᠯᠳᠠᠯᠭ᠎ᠠ ᠲᠠᠢ ᠭᠠᠵᠠᠷ ᠲᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠶᠤ ᠴᠢᠩᠭ᠎ᠠ | ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ᠂ ᠡᠯ᠎ᠡ ᠬᠤᠰᠢᠭᠤ ᠰᠢᠶᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ | ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 3 ᠰᠠᠷ᠎ᠠ ᠶᠢᠨ 15 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | | | | |