ᠰᠢᠭᠤᠳ ᠨᠡᠪᠲᠡᠷᠡᠭᠦᠯᠭᠡ + ᠲᠦᠷᠭᠡᠨ ᠬᠦᠷᠭᠡᠯᠲᠡ ᠲᠠᠢ ᠰᠢᠷ᠎ᠠ ᠪᠠᠯᠲᠤ ᠬᠡᠮᠬᠡ ᠪᠣᠷᠣᠯᠠᠭᠤᠯᠤᠯᠲᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2021/4/28
      ᠵᠢᠯ ᠪᠣᠯᠭᠠᠨ ᠤ ᠳᠥᠷᠪᠡᠳᠥᠭᠡᠷ ᠰᠠᠷ᠎ᠠ ᠪᠣᠯ ᠪᠣᠷᠣᠲᠣᠬᠤᠢ ᠶᠢᠨ ᠠᠩᠬᠠᠨ ᠤ ᠡᠭᠡᠯᠵᠢ ᠶᠢᠨ ᠡᠷᠲᠡ ᠪᠣᠯᠪᠠᠰᠤᠷᠠᠳᠠᠭ ᠰᠢᠷ᠎ᠠ ᠪᠠᠯᠲᠤ ᠬᠡᠮᠬᠡ ᠶᠢᠨ ᠵᠠᠬ᠎ᠠ ᠳᠤ ᠭᠠᠷᠬᠤ ᠴᠠᠭ ᠪᠣᠯᠣᠨ᠎ᠠ᠃ ᠬᠤᠸᠠᠯᠠᠶᠢᠱᠢ ᠶᠢᠨ ᠠᠬ᠎ᠠ ᠳᠡᠭᠦᠦ ᠬᠡᠮᠡᠭᠳᠡᠭᠰᠡᠨ ᠡᠷᠲᠡ ᠪᠣᠯᠪᠠᠰᠤᠷᠠᠳᠠᠭ ᠰᠢᠷ᠎ᠠ ᠪᠠᠯᠲᠤ ᠬᠡᠮᠬᠡ ᠨᠢ ᠰᠢᠷᠭᠠᠯ ᠨᠣᠭᠤᠭᠠᠨ ᠥᠩᠭᠡ ᠲᠠᠢ᠂ ᠬᠠᠯᠢᠰᠤ ᠨᠢ ᠨᠢᠮᠭᠡᠨ ᠠᠮᠲᠠ ᠨᠢ ᠰᠠᠶᠢᠬᠠᠨ ᠪᠣᠯᠬᠤᠷ ᠣᠯᠠᠨ ᠤᠯᠤᠰ ᠤᠳ ᠳᠤᠷᠠᠲᠠᠢ ᠪᠠᠶᠢᠳᠠᠭ᠃      4 ᠰᠠᠷ᠎ᠠ ᠶᠢᠨ 27 ᠤ ᠡᠳᠥᠷ᠂ ᠳ᠋ᠧᠩᠺᠧᠦ ᠰᠢᠶᠠᠨ ᠤ ᠯᠦᠩ ᠱᠧᠩ ᠾᠧ ᠪᠠᠯᠭᠠᠰᠤᠨ ᠤ ᠬᠤᠩ ᠴᠢ ᠼᠦᠨ ᠲᠣᠰᠬᠤᠨ ᠳᠤ ᠲᠠᠷᠢᠶᠠᠴᠢᠳ ᠡᠷᠲᠡ ᠪᠣᠯᠪᠠᠰᠤᠷᠠᠳᠠᠭ ᠰᠢᠷ᠎ᠠ ᠪᠠᠯᠲᠤ ᠬᠡᠮᠬᠡ ᠶᠢ ᠲᠡᠭᠦᠵᠦ ᠰᠠᠪᠠᠯᠠᠭᠠᠳ ᠶᠠᠭᠠᠷᠠᠯᠳᠤᠨ᠎ᠠ᠃ ᠥᠪᠥᠷ ᠮᠣᠩᠭᠤᠯ ᠤᠨ ᠮᠣᠣ ᠰᠢᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠺᠣᠮᠫᠠᠨᠢ ᠠᠴᠠ ᠲᠠᠷᠢᠵᠤ ᠪᠣᠯᠪᠠᠰᠤᠷᠠᠭᠤᠯᠤᠭᠰᠠᠨ ᠡᠨᠡ ᠪᠦᠯᠦᠭ ᠰᠢᠷ᠎ᠠ ᠪᠠᠯᠲᠤ ᠬᠡᠮᠬᠡ ᠶᠢᠨ 40 ᠮᠦ ᠲᠠᠷᠢᠶ᠎ᠠ ᠠᠴᠠ ᠪᠠᠷᠤᠭᠴᠠᠭᠠᠯᠠᠭᠰᠠᠨ ᠢᠶᠠᠷ 20 ᠲᠦᠮᠡᠨ ᠵᠢᠩ ᠬᠡᠮᠬᠡ ᠭᠠᠷᠬᠤ ᠪᠣᠯᠣᠨ᠎ᠠ᠃      ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠨᠡᠷ᠎ᠡ ᠲᠡᠮᠳᠡᠭ ᠤᠨ ᠠᠯᠳᠠᠷᠰᠢᠯ ᠢ ᠥᠷᠭᠡᠳᠬᠡᠵᠦ᠂ ᠪᠠᠶᠠᠨᠨᠠᠭᠤᠷ ᠤᠨ ᠲᠠᠷᠢᠶᠠᠯᠠᠩ ᠤᠨ ᠭᠠᠷᠤᠯᠲᠠ ᠳᠤ ᠢᠨᠲ᠋ᠧᠷ ᠰᠦᠯᠵᠢᠶ᠎ᠡ ᠶᠢᠨ ᠵᠢᠭᠦᠷ ᠤᠷᠭᠤᠭᠤᠯᠵᠤ᠂ ᠪᠣᠷᠣᠲᠣᠬᠤᠢ ᠶᠢᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠥᠷᠭᠡᠨ ᠢᠶᠠᠷ ᠪᠣᠷᠣᠯᠠᠭᠤᠯᠬᠤ ᠶᠢᠨ ᠲᠤᠯᠠᠳᠠ᠂ ᠪᠠᠶᠠᠨ ᠨᠠᠭᠤᠷ ᠤᠨ ᠡᠳᠥᠷ ᠤᠨ ᠰᠣᠨᠢᠨ ᠤ ᠬᠤᠷᠢᠶ᠎ᠠ ᠥᠪᠥᠷ ᠮᠣᠩᠭᠤᠯ ᠤᠨ ᠱᠦᠨ ᠹᠧᠩ ᠲᠦᠷᠭᠡᠨ ᠬᠦᠷᠭᠡᠯᠲᠡ ᠶᠢᠨ ᠺᠣᠮᠫᠠᠨᠢ ᠯᠤᠭ᠎ᠠ ᠬᠠᠮᠲᠤᠷᠠᠨ ᠰᠢᠷ᠎ᠠ ᠪᠠᠯᠲᠤ ᠬᠡᠮᠬᠡ ᠶᠢᠨ ᠲᠠᠷᠢᠶᠠᠨ ᠭᠠᠵᠠᠷ ᠲᠤ ᠬᠦᠷᠴᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ᠂ ᠰᠢᠨ᠎ᠡ ᠰᠣᠷᠭᠤᠭ ᠠᠮᠲᠠ ᠰᠠᠶᠢᠲᠠᠢ ᠰᠢᠷ᠎ᠠ ᠪᠠᠯᠲᠤ ᠬᠡᠮᠬᠡ ᠶᠢ ᠬᠠᠮᠤᠭ ᠤᠨ ᠬᠤᠷᠳᠤᠨ ᠬᠤᠷᠳᠤᠴᠠ ᠪᠠᠷ ᠬᠡᠷᠡᠭᠯᠡᠭᠴᠢᠳ ᠤᠨ ᠭᠠᠷ ᠲᠤ ᠬᠦᠷᠭᠡᠬᠦ ᠪᠠᠷ ᠶᠠᠭᠠᠷᠠᠯᠲᠠᠢ ᠠᠵᠢᠯᠯᠠᠯ᠎ᠠ᠃      ᠲᠤᠬᠠᠢ ᠶᠢᠨ ᠡᠳᠥᠷ᠂ ᠪᠠᠶᠠᠨ ᠨᠠᠭᠤᠷ ᠤᠨ ᠡᠳᠥᠷ ᠤᠨ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠪᠦᠯᠬᠦᠮ ᠣᠯᠠᠨ ᠠᠷᠭ᠎ᠠ ᠪᠠᠷᠢᠯ ᠬᠡᠷᠡᠭᠯᠡᠵᠦ᠂ ᠰᠢᠷ᠎ᠠ ᠪᠠᠯᠲᠤ ᠬᠡᠮᠬᠡ ᠶᠢ ᠪᠦᠬᠦ ᠲᠠᠯ᠎ᠠ ᠪᠠᠷ ᠤᠬᠠᠭᠤᠯᠤᠨ ᠬᠤᠳᠠᠯᠳᠤᠵᠤ᠂ ᠰᠢᠭᠤᠳ ᠨᠡᠪᠲᠡᠷᠡᠭᠦᠯᠭᠡ ᠵᠢᠴᠢ ᠰᠦᠯᠵᠢᠶᠡᠨ ᠤ ᠳᠡᠯᠭᠡᠭᠦᠷ ᠢᠶᠠᠷ 150 ᠵᠠᠬᠢᠶᠠᠯᠠᠭ᠎ᠠ ᠶᠢᠨ ᠬᠠᠭᠤᠳᠠᠰᠤ ᠲᠣᠰᠴᠤ᠂ ᠰᠦᠯᠵᠢᠶᠡᠨ ᠤ ᠭᠠᠳᠠᠨ᠎ᠠ 2000 ᠵᠢᠩ ᠪᠣᠷᠣᠯᠠᠭᠤᠯᠤᠯ᠎ᠠ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ