ᠬᠤᠲᠠ ᠶᠢᠨ ᠤᠳᠤᠷᠢᠳᠤᠯᠭ᠎ᠠ ᠨᠠᠷ ᠤᠷᠠᠳ ᠤᠨ ᠬᠤᠶᠢᠲᠤ ᠬᠤᠰᠢᠭᠤᠨ ᠤ ᠪᠠᠭᠠᠲᠤᠷᠴᠤᠳ ᠤᠨ ᠵᠠᠮ ᠳᠤ ᠬᠦᠷᠴᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/29
      4 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠪᠦᠯᠬᠦᠮ ᠳᠠᠭᠠᠭᠤᠯᠤᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠤᠷᠠᠳ ᠤᠨ ᠬᠤᠶᠢᠲᠤ ᠬᠤᠰᠢᠭᠤᠨ ᠤ ᠴᠣᠭᠦᠨᠳᠥᠷ ᠪᠠᠯᠭᠠᠰᠤᠨ ᠤ ᠪᠠᠭᠠᠲᠤᠷᠴᠤᠳ ᠤᠨ ᠵᠠᠮ ᠳᠤ ᠬᠦᠷᠴᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠴᠠᠩ ᡁᠢ ᠭᠠᠩ ᠵᠡᠷᠭᠡ ᠤᠳᠤᠷᠢᠳᠤᠯᠭ᠎ᠠ ᠴᠣᠭᠦᠨᠳᠥᠷ ᠪᠠᠯᠭᠠᠰᠤ ᠶᠢᠨ ᠪᠠᠭᠠᠲᠤᠷᠴᠤᠳ ᠤᠨ ᠵᠠᠮ ᠤᠨ ᠡᠬᠢᠯᠡᠯᠲᠡ ᠶᠢᠨ ᠴᠡᠭ ᠠᠴᠠ ᠮᠣᠷᠳᠠᠵᠤ᠂ ᠪᠤᠶᠠᠨᠳᠡᠯᠭᠡᠷ ᠤᠨ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠮᠠᠯᠴᠢᠳ ᠲᠤ ᠴᠢᠩ ᠰᠡᠳᠬᠢᠯ ᠠᠴᠠ ᠪᠠᠨ ᠦᠢᠯᠡᠴᠢᠯᠡᠭᠰᠡᠨ ᠪᠠᠭᠠᠲᠤᠷ ᠵᠢᠱᠢᠶᠡᠴᠢ ᠶᠢᠨ ᠵᠠᠮ ᠢ ᠡᠷᠢᠯᠬᠢᠯᠡᠪᠡ︔ ᠨᠠᠮ ᠤᠨ ᠭᠡᠰᠢᠭᠦᠨ ᠤ ᠶᠠᠳᠠᠭᠤ ᠶᠢ ᠲᠡᠳᠬᠦᠬᠦ ᠵᠠᠮ ᠳᠡᠭᠡᠷᠡᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠬᠠᠪᠰᠤᠷᠤᠯᠴᠠᠭᠰᠠᠨ ᠦᠯᠢᠭᠡᠷ ᠢ ᠰᠣᠨᠣᠰᠪᠠ︔ ᠠᠭᠤᠯᠠᠨ ᠵᠠᠮ ᠢᠶᠠᠷ ᠶᠠᠪᠠᠭᠠᠨ ᠶᠠᠪᠤᠵᠤ᠂ ᠡᠯᠡᠰᠦᠨ ᠴᠦᠯ ᠢ ᠶᠠᠪᠠᠭᠠᠨ ᠲᠤᠭᠤᠯᠵᠤ᠂ ᠪᠤᠶᠠᠨᠳᠡᠯᠭᠡᠷ ᠤᠨ ᠦᠨᠳᠦᠰᠦᠨ ᠱᠠᠲᠤᠨ ᠳᠤ ᠠᠵᠢᠯᠯᠠᠵᠤ᠂ ᠤᠯᠠᠨ ᠲᠦᠮᠡᠨ ᠳᠤ ᠦᠢᠯᠡᠴᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠵᠦᠳᠡᠭᠦᠷᠢ ᠶᠢ ᠲᠡᠰᠪᠦᠷᠢᠯᠡᠵᠦ᠂ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠶᠢ ᠰᠤᠷᠤᠯᠴᠠᠪᠠ︔ ᠨᠠᠮ ᠤᠨ ᠲᠡᠦᠬᠡ ᠶᠢᠨ ᠬᠤᠩᠭᠢᠯ᠂ ᠨᠠᠮ ᠤᠨ ᠲᠡᠦᠬᠡ ᠶᠢᠨ ᠲᠡᠷᠢᠭᠦᠨ ᠤ ᠬᠥᠮᠦᠰ ᠤᠨ ᠦᠵᠡᠭᠦᠯᠦᠯᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠭ ᠰᠠᠨᠠᠭᠠᠨ ᠤ ᠴᠠᠳᠢᠭ ᠤᠨ ᠦᠵᠡᠭᠦᠯᠦᠯᠭᠡ ᠶᠢ ᠲᠣᠭᠤᠷᠢᠨ ᠦᠵᠡᠵᠦ ᠂ ᠨᠠᠮ ᠳᠤ ᠣᠷᠣᠬᠤ ᠲᠠᠩᠭᠠᠷᠢᠭ ᠤᠩᠰᠢᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠪᠠ︔ ᠶᠠᠷᠢᠯᠴᠠᠬᠤ ᠬᠤᠷᠠᠯ ᠬᠤᠷᠠᠯᠳᠤᠭᠤᠯᠵᠤ᠂ ᠪᠤᠶᠠᠨᠳᠡᠯᠭᠡᠷ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠰᠣᠯᠢᠯᠴᠠᠵᠤ᠂ ᠡᠪ ᠬᠠᠮᠲᠤᠴᠤᠳ ᠤᠨ ᠤᠶᠤᠨ ᠰᠠᠨᠠᠭ᠎ᠠ ᠶᠢ ᠦᠷᠭᠦᠯᠵᠢᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠪᠠᠶᠠᠨᠨᠠᠭᠤᠷ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠴᠠᠩ ᡁᠢ ᠭᠠᠩ᠂ ᠲᠤᠰ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠤ ᠵᠣᠷᠢᠯᠭ᠎ᠠ ᠪᠣᠯ ᠲᠤᠬᠠᠢ ᠶᠢᠨ ᠲᠠᠯᠠᠪᠠᠢ ᠪᠠᠷ ᠲᠣᠭᠤᠷᠢᠨ ᠦᠵᠡᠵᠦ᠂ ᠲᠤᠬᠠᠢ ᠶᠢᠨ ᠭᠠᠵᠠᠷ ᠲᠤᠨᠢ ᠪᠡᠶᠡᠴᠢᠯᠡᠨ ᠣᠶᠢᠯᠠᠭᠠᠵᠤ᠂ ᠪᠠᠭᠠᠲᠤᠷᠴᠤᠳ ᠤᠨ ᠤᠯᠠ ᠮᠥᠷ ᠢ ᠮᠥᠷᠳᠡᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠬᠤ ᠶᠢᠨ ᠲᠥᠯᠥᠭᠡ ᠶᠤᠮ᠃ ᠪᠤᠶᠠᠨᠳᠡᠯᠭᠡᠷ ᠪᠣᠯ ᠮᠠᠨ ᠤ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ᠂ ᠠᠷᠠᠳ ᠲᠦᠮᠡᠨ ᠤ ᠰᠠᠶᠢᠨ ᠠᠯᠪᠠᠲᠠᠨ᠂ ᠺᠠᠳ᠋ᠷᠴᠤᠳ ᠤᠨ ᠰᠠᠶᠢᠨ ᠳᠠᠭᠤᠷᠢᠶᠠᠯ ᠪᠣᠯᠤᠨ᠎ᠠ᠂ 20 ᠭᠠᠷᠤᠢ ᠵᠢᠯ ᠤᠨ ᠲᠤᠷᠰᠢ ᠡᠷᠡᠰ ᠪᠠᠲᠤ ᠰᠠᠬᠢᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠭᠰᠡᠨ ᠪᠠᠶᠢᠨ᠎ᠠ᠃ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠪᠣᠯ ᠴᠥᠮ ᠪᠢᠳᠡᠨ ᠤ ᠠᠷᠠᠳ ᠤᠨ ᠰᠡᠳᠬᠢᠯ ᠢ ᠨᠢᠭᠲᠠᠷᠠᠭᠤᠯᠬᠤ ᠡᠷᠬᠢᠮ ᠨᠠᠨᠳᠢᠨ ᠥᠪ ᠬᠦᠷᠦᠩᠭᠡ᠂ ᠪᠦᠯᠬᠦᠮᠳᠡᠨ ᠲᠡᠮᠡᠴᠡᠬᠦ ᠶᠢᠨ ᠡᠷᠳᠡᠨᠢ ᠮᠥᠨ᠃ ᠨᠠᠮ ᠤᠨ ᠭᠡᠰᠢᠭᠦᠨ᠂ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢ ᠲᠦᠷᠦᠭᠦᠯᠡᠨ ᠰᠤᠷᠤᠯᠴᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠳᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠪᠡ᠃       ᠴᠠᠩ ᡁᠢ ᠭᠠᠩ ᠱᠠᠭᠠᠷᠳᠠᠭᠰᠠᠨ ᠨᠢ᠂ ᠪᠤᠶᠠᠨᠳᠡᠯᠭᠡᠷ ᠤᠨ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢ ᠰᠤᠷᠤᠯᠴᠠᠵᠤ᠂ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ︔ ᠪᠤᠶᠠᠨᠳᠡᠯᠭᠡᠷ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠳᠤ ᠦᠢᠯᠡᠴᠢᠯᠡᠬᠦ ᠠᠯᠪᠠᠲᠠᠨ ᠤ ᠬᠠᠶᠢᠷ᠎ᠠ ᠰᠡᠳᠬᠢᠯᠭᠡ ᠶᠢ ᠰᠤᠷᠤᠯᠴᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ︔ ᠪᠤᠶᠠᠨᠳᠡᠯᠭᠡᠷ ᠤᠨ ᠲᠠᠯ᠎ᠠ ᠨᠤᠲᠤᠭ ᠲᠤ ᠦᠨᠳᠦᠰᠦᠯᠡᠵᠦ ᠂ ᠲᠠᠯ᠎ᠠ ᠨᠤᠲᠤᠭ ᠢᠶᠠᠨ ᠰᠠᠬᠢᠨ ᠬᠠᠮᠠᠭᠠᠯᠠᠬᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ︔ ᠪᠤᠶᠠᠨᠳᠡᠯᠭᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠶᠠᠴᠢ ᠦᠭᠡᠢ ᠵᠢᠳᠬᠦᠬᠦ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠰᠤᠷᠤᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃       ᠴᠠᠩ ᡁᠢ ᠭᠠᠩ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠨᠡᠶᠢᠭᠡᠮ ᠳᠤ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠡᠷᠬᠢᠮᠯᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠪᠤᠶᠠᠨᠳᠡᠯᠭᠡᠷ ᠵᠡᠷᠭᠡ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠲᠠᠢ ᠬᠠᠷᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠥᠪᠡᠷ ᠤᠨ ᠵᠦᠷᠢᠶ᠎ᠡ ᠪᠠᠨ ᠪᠠᠶᠢᠴᠠᠭᠠᠨ ᠦᠵᠡᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠲᠤᠰᠬᠠᠭᠰᠠᠨ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠢᠭᠡᠳᠦᠯᠲᠡᠶ ᠲᠥᠯᠥᠪᠯᠡᠵᠦ ᠨᠡᠶᠢᠳᠡᠮ ᠳᠤᠨᠢ ᠬᠠᠷᠠᠭᠠᠯᠵᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠳᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠤᠯᠠᠭᠠᠨᠰᠤᠬᠠᠢ ᠨᠠᠭᠤᠷ ᠤᠨ ᠠᠮᠢ ᠠᠬᠤᠢ ᠶᠢᠨ ᠵᠠᠰᠠᠯᠲᠠ ᠶᠢ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠳᠤᠮᠳᠠ ᠪᠠᠨ ᠠᠵᠢᠯᠯᠠᠵᠤ᠂ ᠺᠠᠳ᠋ᠷ ᠤᠨ ᠳᠤᠮᠳᠠ ᠪᠠᠨ ᠰᠤᠷᠤᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢ ᠲᠦᠷᠭᠡᠳᠬᠡᠬᠦ ᠬᠥᠳᠡᠯᠭᠡᠬᠦ ᠬᠦᠴᠦᠨ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠶ᠎ᠠ ᠭᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ