ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/5/25
      2021 ᠣᠨ ᠤ 5 ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ᠃      20 ᠤ ᠡᠳᠦᠷ ᠤᠨ ᠦᠳᠡ ᠶᠢᠨ ᠡᠮᠦᠨ᠎ᠡ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠬᠠᠷᠢᠭᠤᠴᠠᠯᠭᠠᠲᠠᠳ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠠᠢ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠠᠵᠢᠯᠯᠠᠭᠤᠯᠵᠤ ᠪᠠᠲᠤᠯᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃ ᠰᠠᠭᠤᠳᠠᠯ ᠤᠨ ᠬᠤᠷᠠᠯ ᠳᠡᠭᠡᠷ᠎ᠡ᠂ ᠪᠠᠶᠠᠨᠨᠠᠭᠤᠷ ᠬᠤᠲᠠ ᠪᠠ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠬᠠᠷᠢᠭᠤᠴᠠᠯᠭᠠᠲᠠᠨ ᠲᠤᠰ ᠲᠤᠰ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠳᠠᠯ ᠢᠶᠠᠨ ᠲᠠᠨᠢᠯᠴᠠᠭᠤᠯᠤᠭᠰᠠᠨ ᠤ ᠳᠠᠷᠠᠭ᠎ᠠ᠂ ᠣᠯᠠᠨ ᠢᠶᠠᠷ ᠢᠶᠠᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠭᠦᠨᠵᠡᠭᠡᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      19 ᠤ ᠡᠳᠦᠷ ᠂ 20 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠢ᠂ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠶᠡᠷᠦᠩᠬᠡᠢ ᠰᠠᠭᠤᠷᠢᠨ ᠭᠠᠵᠠᠷ ᠵᠡᠷᠭᠡ ᠪᠠᠷ ᠲᠣᠭᠤᠷᠢᠨ ᠦᠵᠡᠵᠦ᠂ ᠪᠠᠶᠠᠨᠨᠠᠭᠤᠷ ᠤᠨ ᠨᠤᠲᠤᠭ ᠤᠰᠤᠨ ᠤ ᠣᠨᠴᠠᠯᠢᠭ ᠢ ᠣᠶᠢᠯᠠᠭᠠᠭᠰᠠᠨ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ