︽ᠪᠠᠶᠠᠨᠨᠠᠭᠤᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠬᠢᠨᠠᠨ ᠲᠣᠭᠲᠠᠭᠠᠵᠤ ᠨᠡᠷᠡᠶᠢᠳᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/5/25
      ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠶ ᠪᠠᠶᠢᠳᠠᠯ ᠤᠨ ᠦᠨᠳᠦᠰᠦᠯᠡᠯ       ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ  ᠠᠬᠢᠭᠤᠯᠵᠤ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ  ᠬᠦᠴᠦᠨ ᠢᠶᠠᠷ ᠠᠬᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠪᠠᠷ ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠲᠤᠬᠠᠶ ᠬᠡᠷᠡᠭᠵᠢᠭᠦᠯᠬᠦ ᠰᠠᠨᠠᠯ﹀ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ︹ 2018 ︺ 65 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠬᠠᠶ ᠬᠡᠷᠡᠭᠵᠢᠭᠦᠯᠬᠦ ᠰᠠᠨᠠᠯ﹀ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ 2019 ︺ 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ  ᠵᠥᠪᠯᠡᠯ ᠤᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠬᠢᠨᠠᠨ ᠲᠣᠭᠲᠠᠭᠠᠵᠤ ᠨᠡᠷᠡᠶᠢᠳᠬᠦ ᠠᠷᠭ᠎ᠠ︾᠂ ᠣᠷᠳᠣᠰ᠂ ᠠᠯᠠᠱᠠ᠂ ᠤᠯᠠᠭᠠᠨᠬᠠᠳᠠ ᠵᠡᠷᠭᠡ ᠠᠶᠢᠮᠠᠭ ᠬᠤᠲᠠ ᠶᠢᠨ ᠲᠣᠭᠲᠠᠭᠠᠨ ᠨᠡᠶᠢᠲᠡᠯᠡᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠦᠨᠡᠯᠡᠨ ᠲᠣᠭᠲᠠᠭᠠᠵᠤ ᠨᠡᠷᠡᠶᠢᠳᠬᠦ ᠠᠷᠭ᠎ᠠ ᠪᠠᠷ ᠯᠠᠪᠯᠠᠯᠲᠠ ᠪᠣᠯᠭᠠᠵᠤ᠂ ᠬᠤᠲᠠ ᠶᠢᠨ  ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠪᠠᠶᠠᠨᠨᠠᠭᠤᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠦᠨᠡᠯᠡᠨ ᠲᠣᠭᠲᠠᠭᠠᠵᠤ ᠨᠡᠷᠡᠶᠢᠳᠬᠦ ᠠᠷᠭ᠎ᠠ︾ ᠶᠢ ᠲᠤᠭᠤᠷᠪᠢᠪᠠ᠃       ᠬᠤᠶᠠᠷ᠂ ︽ᠠᠷᠭ᠎ᠠ︾ ᠶᠢ ᠲᠣᠭᠲᠠᠭᠠᠭᠰᠠᠨ ᠵᠣᠷᠢᠯᠭ᠎ᠠ       ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ  ᠬᠦᠴᠦᠨ ᠢᠶᠠᠷ ᠠᠬᠢᠭᠤᠯᠤᠨ᠎ᠠ᠃      ᠭᠤᠷᠪᠠ᠂ ︽ᠠᠷᠭ᠎ᠠ︾  ᠳᠤ  ᠲᠣᠭᠲᠠᠭᠠᠭᠰᠠᠨ ᠬᠤᠯᠪᠣᠭᠳᠠᠬᠤ ᠬᠡᠪᠴᠢᠶ᠎ᠡ       ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯ ᠪᠠᠶᠠᠨᠨᠠᠭᠤᠷ ᠤᠨ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠦᠨᠡᠯᠡᠨ ᠨᠡᠷᠡᠯᠡᠵᠦ᠂ ᠤᠬᠠᠭᠤᠯᠤᠨ ᠬᠥᠮᠦᠵᠢᠭᠦᠯᠬᠦ ᠴᠢᠳᠠᠮᠵᠢ ᠲᠠᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠦᠨᠳᠦᠰᠦᠲᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠤᠯᠤᠰ ᠤᠨ ᠨᠢᠭᠡᠳᠦᠯ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠨᠥᠯᠥᠭᠡ ᠲᠠᠢ ᠲᠠᠯᠠᠪᠤᠷ ᠭᠠᠵᠠᠷ ᠪᠣᠯᠤᠨ᠎ᠠ᠃       ᠳᠥᠷᠪᠡ᠂ ︽ᠠᠷᠭ᠎ᠠ︾ ᠶᠢᠨ ᠭᠤᠤᠯ ᠠᠭᠤᠯᠭ᠎ᠠ       ︽ᠪᠠᠶᠠᠨᠨᠠᠭᠤᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠬᠢᠨᠠᠨ ᠲᠣᠭᠲᠠᠭᠠᠵᠤ ᠨᠡᠷᠡᠶᠢᠳᠬᠦ ᠠᠷᠭ᠎ᠠ︾ ᠳᠤ ᠨᠡᠶᠢᠲᠡ ᠠᠷᠪᠠᠨ ᠭᠤᠷᠪᠠᠨ  ᠵᠦᠢᠯ ᠲᠠᠢ᠂ ᠨᠢᠭᠡᠳᠦᠭᠡᠷ  ᠵᠦᠢᠯ ᠳᠤ ᠨᠣᠤᠷᠠᠭᠯᠠᠭᠰᠠᠨ ᠦᠨᠳᠦᠰᠦᠯᠡᠯ ᠤᠨ ᠲᠤᠬᠠᠶ ᠲᠣᠳᠣᠷᠬᠠᠶᠢᠯᠠᠯᠲᠠ ᠬᠢᠪᠠ︔ ᠬᠤᠶᠠᠳᠤᠭᠠᠷ ᠵᠦᠢᠯ ᠳᠤ ᠬᠢᠨᠠᠨ ᠲᠣᠭᠲᠠᠭᠠᠵᠤ ᠨᠡᠷᠡᠶᠢᠳᠬᠦ ᠬᠡᠪᠴᠢᠶ᠎ᠡ ᠳᠤ ᠲᠣᠳᠣᠷᠬᠠᠶᠢᠯᠠᠯᠲᠠ ᠬᠢᠪᠠ︔ ᠭᠤᠷᠪᠠᠳᠤᠭᠠᠷ ᠵᠦᠢᠯ ᠪᠠ ᠳᠥᠷᠪᠡᠳᠦᠭᠡᠷ ᠵᠦᠢᠯ ᠳᠤ ᠵᠠᠷᠴᠢᠮ ᠪᠠ ᠰᠢᠯᠭᠠᠷᠠᠭᠤᠯᠤᠨ ᠰᠣᠩᠭᠤᠬᠤ ᠨᠥᠬᠦᠴᠡᠯ ᠤᠨ ᠲᠤᠬᠠᠶ ᠲᠣᠳᠣᠷᠬᠠᠶᠢᠯᠠᠯᠲᠠ ᠬᠢᠪᠡ︔ ᠲᠠᠪᠤᠳᠤᠭᠠᠷ ᠵᠦᠢᠯ ᠳᠤ ᠬᠢᠨᠠᠨ ᠲᠣᠭᠲᠠᠭᠠᠵᠤ ᠨᠡᠷᠡᠶᠢᠳᠬᠦ ᠲᠠᠰ ᠳᠠᠷᠠᠭᠠᠯᠠᠯ ᠳᠤ ᠲᠣᠳᠣᠷᠬᠠᠶᠢᠯᠠᠯᠲᠠ ᠬᠢᠪᠠ︔ ᠲᠠᠪᠤᠳᠤᠭᠠᠷ ᠵᠦᠢᠯ᠂ ᠵᠢᠷᠭᠤᠳᠤᠭᠠᠷ  ᠵᠦᠢᠯ᠂ ᠳᠣᠯᠣᠳᠤᠭᠠᠷ  ᠵᠦᠢᠯ᠂ ᠨᠠᠢᠮᠠᠳᠤᠭᠠᠷ  ᠵᠦᠢᠯ᠂ ᠶᠢᠰᠦᠳᠦᠭᠡᠷ ᠵᠦᠢᠯ᠂ ᠠᠷᠪᠠᠳᠤᠭᠠᠷ ᠵᠦᠢᠯ ᠳᠤ ᠬᠢᠨᠠᠨ ᠲᠣᠭᠲᠠᠭᠠᠵᠤ ᠨᠡᠷᠡᠶᠢᠳᠬᠦ ᠬᠠᠮᠢᠶ᠎ᠠ ᠪᠥᠬᠦᠶ ᠱᠠᠭᠠᠷᠳᠠᠯᠭ᠎ᠠ ᠳᠤ ᠲᠣᠳᠣᠷᠬᠠᠶᠢᠯᠠᠯᠲᠠ ᠬᠢᠪᠠ︔ ᠠᠷᠪᠠᠨ ᠨᠢᠭᠡᠳᠦᠭᠡᠷ  ᠵᠦᠢᠯ ᠳᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠵᠦᠢᠯᠡᠰ ᠲᠤ ᠲᠣᠳᠣᠷᠬᠠᠶᠢᠯᠠᠯᠲᠠ ᠬᠢᠪᠠ︔ ᠠᠷᠪᠠᠨ ᠬᠤᠶᠠᠳᠤᠭᠠᠷ ᠵᠦᠢᠯ  ᠳᠤ ᠲᠠᠶᠢᠯᠪᠤᠷᠢᠯᠠᠬᠤ ᠡᠷᠬᠡ ᠶᠢᠨ ᠬᠡᠪᠴᠢᠶ᠎ᠡ ᠶᠢᠨ ᠲᠤᠬᠠᠶ ᠲᠣᠳᠣᠷᠬᠠᠶᠢᠯᠠᠯᠲᠠ ᠬᠢᠪᠡ︔ ᠠᠷᠪᠠᠨ ᠭᠤᠷᠪᠠᠳᠤᠭᠠᠷ ᠵᠦᠢᠯ ᠳᠤ ᠬᠡᠷᠡᠭᠵᠢᠭᠦᠯᠬᠦ ᠡᠳᠦᠷ ᠬᠤᠭᠤᠴᠠᠭ᠎ᠠ ᠶᠢᠨ ᠲᠤᠬᠠᠶ ᠲᠣᠳᠣᠷᠬᠠᠶᠢᠯᠠᠯᠲᠠ ᠬᠢᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ