ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ  ᠡᠬᠢᠯᠡᠪᠡ
ᠨᠡᠶᠢᠲᠡᠯᠡᠭᠰᠡᠨ ᠴᠠᠭ᠄
2021/5/28
      5 ᠰᠠᠷ᠎ᠠ ᠶᠢᠨ 25 ᠤ ᠡᠳᠦᠷ᠂ ᠮᠠᠨ ᠤ ᠬᠤᠲᠠ ᠶᠢᠨ 2021 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠬᠤᠷᠢᠨ ᠵᠢᠷᠭᠤᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠡᠬᠢᠯᠡᠪᠡ᠃ ᠬᠤᠲᠠ ᠶᠢᠨ ᠤᠳᠤᠷᠢᠳᠤᠯᠭ᠎ᠠ ᠵᠣᠣ ᠽᠢ ᠪᠢᠨ᠂ ᠵᠢᠶᠠ ᠷᠦᠨ ᠯᠢᠶᠠᠨ᠂ ᠰᠢᠤᠢ ᠺᠠᠩ ᠨᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       2021 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ ︽ᠵᠠᠭᠤᠨ ᠵᠢᠯ ᠤᠨ ᠡᠷᠭᠢᠴᠡᠭᠦᠯᠦᠯ᠄ ᠳᠤᠮᠳᠠᠳᠤ ᠤᠯᠤᠰ ᠤᠨ ᠡᠪ ᠬᠠᠮᠲᠤ ᠨᠠᠮ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠤᠳᠤᠷᠢᠳᠬᠤ︾ ᠪᠠᠷ ᠭᠤᠣᠯ ᠰᠡᠳᠦᠪ ᠪᠣᠯᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ᠂ ᠯᠢᠨ ᠾᠧ ᠲᠣᠭᠤᠷᠢᠭ ᠤᠨ ᠬᠤᠶᠠᠷ ᠱᠠᠲᠤᠨ ᠤ 60 ᠭᠠᠷᠤᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠤ ᠱᠠᠩᠨᠠᠯ ᠲᠠᠢ ᠠᠰᠠᠭᠤᠯᠲᠠ ᠬᠠᠷᠢᠭᠤᠯᠲᠠ᠂ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠵᠡᠢ᠃       ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠠᠵᠢᠯᠯᠠᠭ᠎ᠠ ᠶᠢ 5 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠵᠡᠷᠭᠡᠪᠡᠷ ᠶᠠᠪᠤᠭᠳᠠᠭᠤᠯᠵᠤ᠂ ᠡᠨᠡ ᠬᠤᠭᠤᠴᠠᠭᠠᠨ ᠳᠤ ︽ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ︾ ᠭᠤᠷᠪᠠ ᠶᠢ ᠬᠥᠳᠡᠭᠡ ᠪᠠᠭᠤᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠨᠡᠶᠢᠭᠡᠮ ᠲᠣᠭᠤᠷᠢᠭ ᠲᠤ ᠣᠷᠣᠭᠤᠯᠬᠤ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ᠂  ᠵᠢᠷᠤᠮ ᠤᠨ ᠡᠮᠴᠢᠯᠡᠭᠡ ᠵᠡᠷᠭᠡ ᠠᠯᠢ ᠣᠯᠠᠨ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠵᠣᠬᠢᠴᠠᠭᠤᠯᠵᠤ ᠪᠠᠶᠢᠭᠠᠳ ᠣᠯᠠᠨ ᠨᠡᠶᠢᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠨ ᠥᠭᠴᠦ᠂ ᠵᠠᠯᠠᠭᠤᠴᠤᠳ ᠪᠠᠭᠠᠴᠤᠳ ᠪᠠ ᠰᠢᠨᠵᠢᠯᠡᠬᠦ ᠤᠬᠠᠭᠠᠨ ᠮᠡᠷᠭᠡᠵᠢᠯ ᠳᠤ ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ ᠲᠣᠭᠤᠷᠢᠨ ᠦᠵᠡᠭᠦᠯᠬᠦ ᠪᠣᠯᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ